ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠠᠷᠭᠤᠭᠤᠯᠤᠨ ᠪᠠᠢᠴᠠᠭᠠᠬᠤ ( ᠳᠠᠬᠢᠨ ᠪᠠᠢᠴᠠᠭᠠᠬᠤ ) ᠠᠵᠢᠯ᠎ᠤᠨ ᠡᠬᠢᠯᠡᠯᠲᠡ᠎ᠶᠢᠨ ᠬᠤᠷᠠᠯ ᠪᠤᠭᠤᠲᠤ ᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-11-08

       ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢᠨ ᠠᠯᠬᠤᠮ ᠠᠯᠬᠤᠮ᠎ᠢᠶᠠᠷ ᠪᠣᠯᠪᠠᠰᠤᠷᠠᠩᠭᠤᠢ ᠪᠣᠯᠬᠤ᠎ᠶᠢ ᠳᠠᠭᠠᠯᠳᠤᠨ ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠠᠷᠭᠤᠭᠤᠯᠤᠨ ᠪᠠᠢᠴᠠᠭᠠᠬᠤ ᠠᠵᠢᠯ᠎ᠤᠨ ᠱᠠᠭᠠᠷᠳᠠᠯᠭ᠎ᠠ ᠤᠯᠠᠮ ᠴᠢᠩᠭ᠎ᠠ ᠪᠣᠯᠵᠤ ᠪᠠᠢᠨ᠎ᠠ ᠃ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠬᠠᠮᠢᠶ᠎ᠠ ᠪᠦᠬᠦᠢ ᠠᠵᠢᠯ᠎ᠤᠨ ᠪᠠᠢᠷᠢᠯᠠᠭᠤᠯᠤᠯᠲᠠ᠎ᠶᠢ ᠢᠳᠡᠪᠬᠢᠲᠡᠢ ᠨᠠᠢᠳᠠᠪᠤᠷᠢᠵᠢᠭᠤᠯᠵᠤ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ ᠂ ᠪᠥᠬᠥ ᠣᠷᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠠᠷᠭᠤᠭᠤᠯᠤᠨ ᠪᠠᠢᠴᠠᠭᠠᠬᠤ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠬᠤ᠎ᠶᠢᠨ ᠲᠥᠯᠥᠭᠡ ᠂ 4 ᠰᠠᠷ᠎ᠠ᠎ᠶᠢᠨ 28᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠪᠤᠭᠤᠲᠤ ᠬᠣᠲᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠠᠷᠭᠤᠭᠤᠯᠤᠨ ᠪᠠᠢᠴᠠᠭᠠᠬᠤ ᠠᠵᠢᠯ᠎ᠤᠨ ᠡᠬᠢᠯᠡᠯᠲᠡ᠎ᠶᠢᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ ᠂ 13 ᠬᠠᠷᠭᠤᠭᠤᠯᠤᠨ ᠪᠠᠢᠴᠠᠭᠠᠬᠤ ( ᠳᠠᠬᠢᠨ ᠪᠠᠢᠴᠠᠭᠠᠬᠤ ) ᠪᠠᠢᠭᠤᠯᠤᠮᠵᠢ᠎ᠶᠢᠨ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠮᠡᠷᠭᠡᠵᠢᠯ᠎ᠦᠨ ᠭᠣᠣᠯᠯᠠᠭ᠍ᠴᠢ ᠬᠦᠴᠦᠨ ᠨᠡᠶ᠋ᠢᠲᠡ 30 ᠭᠠᠷᠤᠢ ᠲᠥᠯᠥᠭᠡᠯᠡᠭᠴᠢ ᠲᠣᠰ ᠤᠳᠠᠭᠠᠨ᠎ᠤ ᠬᠤᠷᠠᠯ᠎ᠳᠤ ᠣᠷᠣᠯᠴᠠᠪᠠ᠃
       ᠬᠤᠷᠠᠯ᠎ᠠᠴᠠ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢᠨ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ ᠪᠣᠯᠣᠨ ᠮᠠᠨ᠎ᠤ ᠣᠷᠣᠨ᠎ᠤ 2023 ᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠢᠨᠠᠨ ᠪᠠᠢᠴᠠᠭᠠᠬᠤ ( ᠳᠠᠬᠢᠨ ᠪᠠᠢᠴᠠᠭᠠᠬᠤ ) ᠠᠵᠢᠯ᠎ᠤᠨ ᠪᠠᠢᠳᠠᠯ᠎ᠢ ᠤᠯᠠᠮᠵᠢᠯᠠᠵᠤ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠰᠢᠨ᠎ᠡ᠎ᠪᠡᠷ ᠣᠷᠣᠭᠤᠯᠤᠭᠰᠠᠨ ᠪᠣᠯᠣᠳ ᠲᠡᠮᠦᠷ᠂ ᠱᠦᠢᠨᠢ᠂ ᠬᠥᠩᠭᠡᠨ ᠴᠠᠭᠠᠨ ᠬᠠᠢᠯᠤᠭᠤᠯᠬᠤ ᠠᠵᠢᠯ ᠲᠦᠷᠦᠯ᠎ᠦᠨ ᠬᠢᠨᠠᠨ ᠪᠠᠢᠴᠠᠭᠠᠬᠤ ( ᠳᠠᠬᠢᠨ ᠪᠠᠢᠴᠠᠭᠠᠬᠤ ) ᠭᠣᠣᠯᠳᠠᠯᠭ᠎ᠠ᠎ᠳᠤ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠬᠦᠷᠲᠡᠭᠡᠬᠦ᠎ᠶᠢᠨ ᠬᠠᠮᠲᠤ 2024 ᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠢᠨᠠᠨ ᠪᠠᠢᠴᠠᠭᠠᠬᠤ ( ᠳᠠᠬᠢᠨ ᠪᠠᠢᠴᠠᠭᠠᠬᠤ ) ᠠᠵᠢᠯ᠎ᠢ ᠲᠠᠢ᠍ᠢᠴᠢᠯᠠᠨ ᠪᠠᠢᠷᠢᠯᠠᠭᠤᠯᠵᠠᠢ᠃
ᠬᠤᠷᠠᠯ᠎ᠠᠴᠠ᠂ ᠤᠳᠠᠯ ᠦᠭᠡᠢ ᠥᠷᠨᠢᠭᠦᠯᠬᠦ᠎ᠪᠡᠷ ᠪᠠᠢᠭ᠎ᠠ ᠣᠨ᠎ᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠢᠨᠠᠨ ᠪᠠᠢᠴᠠᠭᠠᠬᠤ ( ᠳᠠᠬᠢᠨ ᠪᠠᠢᠴᠠᠭᠠᠬᠤ ) ᠠᠵᠢᠯ᠎ᠤᠨ ᠳᠤᠮᠳᠠ᠂ ᠬᠢᠨᠠᠨ ᠪᠠᠢᠴᠠᠭᠠᠬᠤ ᠲᠡᠰ ᠳᠠᠷᠠᠭᠠᠯᠠᠯ᠎ᠢ ᠴᠢᠩᠭ᠎ᠠ ᠵᠢᠷᠤᠮᠵᠢᠭᠤᠯᠵᠤ᠂ ᠬᠢᠨᠠᠨ ᠪᠠᠢᠴᠠᠭᠠᠬᠤ ᠠᠵᠢᠯ᠎ᠤᠨ ᠲᠥᠪ ᠴᠢᠩᠭ᠎ᠠ ᠴᠢᠨᠠᠷ᠎ᠢ ᠪᠠᠲᠤᠯᠠᠬᠤ ᠬᠡᠷᠡᠭᠲᠡᠢ; ᠠᠵᠢᠯ ᠲᠥᠷᠥᠯ᠎ᠦᠨ ᠵᠦᠭᠯᠡᠭᠦᠷ᠎ᠦᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ ᠂ ᠬᠠᠷᠭᠤᠭᠤᠯᠤᠨ ᠪᠠᠢᠴᠠᠭᠠᠭᠰᠠᠨ ᠲᠣᠭ᠎ᠠ ᠪᠠᠷᠢᠮᠲᠠ᠎ᠶᠢᠨ ᠣᠨᠣᠪᠴᠢᠲᠤ ᠴᠢᠨᠠᠷ᠎ᠢ ᠪᠠᠲᠤᠯᠠᠬᠤ ᠬᠡᠷᠡᠭᠲᠡᠢ ; ᠴᠠᠭ ᠬᠤᠭᠤᠴᠠᠭ᠎ᠠ᠎ᠶᠢᠨ ᠵᠠᠩᠭᠢᠯᠠᠭ᠎ᠠ᠎ᠶᠢᠨ ᠴᠡᠭ᠎ᠢ ᠴᠢᠩᠭ᠎ᠠ ᠵᠢᠷᠤᠮᠯᠠᠵᠤ ᠂ ᠬᠠᠷᠭᠤᠭᠤᠯᠤᠨ ᠪᠠᠢᠴᠠᠭᠠᠬᠤ ( ᠳᠠᠬᠢᠨ ᠪᠠᠢᠴᠠᠭᠠᠬᠤ ) ᠡᠭᠦᠷᠭᠡ᠎ᠶᠢᠨ ᠬᠤᠭᠤᠴᠠᠭᠠᠲᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃
       ᠬᠤᠷᠠᠯ᠎ᠠᠴᠠ ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠲᠣᠭ᠎ᠠ ᠪᠠᠷᠢᠮᠲᠠ᠎ᠶᠢᠨ ᠶᠠᠰᠤ ᠴᠢᠨᠠᠷ ᠪᠣᠯ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠡᠷᠡᠭᠦᠯ ᠪᠥᠭᠡᠳ ᠡᠮᠬᠢ ᠳᠢᠭ᠌ᠯᠢᠮ᠎ᠲᠠᠢ ᠬᠥᠭᠵᠢᠯᠲᠡ᠎ᠶᠢ ᠪᠠᠲᠤᠯᠠᠬᠤ ᠠᠮᠢᠨ ᠰᠤᠳᠠᠰᠤ ᠮᠥᠨ ᠂ ᠮᠥᠨ ᠴᠦ᠍ ᠵᠠᠬ᠎ᠠ ᠳᠡᠯᠭᠡᠭᠦᠷ᠎ᠦᠨ ᠲᠣᠭᠲᠠᠭᠤᠨ ᠪᠥᠭᠡᠳ ᠪᠦᠲᠦᠮᠵᠢᠲᠡᠶ ᠠᠵᠢᠯᠯᠠᠭᠠᠨ ᠪᠠ ᠡᠷᠡᠭᠦᠯ᠎ᠢᠶᠡᠷ ᠦᠷᠭᠦᠯᠵᠢᠯᠡᠨ ᠬᠥᠭᠵᠢᠬᠦ᠎ᠶᠢᠨ ᠰᠠᠭᠤᠷᠢ ᠪᠠ ᠤᠷᠢᠲᠠᠯ ᠮᠥᠨ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ ᠂ ᠡᠯ᠎ᠡ ᠬᠠᠷᠭᠤᠭᠤᠯᠤᠨ ᠪᠠᠢᠴᠠᠭᠠᠬᠤ ( ᠳᠠᠬᠢᠨ ᠪᠠᠢᠴᠠᠭᠠᠬᠤ ) ᠪᠠᠢᠭᠤᠯᠤᠮᠵᠢ ᠡᠷᠬᠡᠪᠰᠢ ᠬᠠᠷᠭᠤᠭᠤᠯᠤᠨ ᠪᠠᠢᠴᠠᠭᠠᠬᠤ ᠵᠦᠭᠯᠡᠭᠦᠷ᠎ᠢ ᠴᠢᠩᠭ᠎ᠠ ᠪᠠᠷᠢᠮᠲᠠᠯᠠᠨ ᠂ ᠬᠠᠷᠭᠤᠭᠤᠯᠤᠨ ᠪᠠᠢᠴᠠᠭᠠᠬᠤ ᠲᠠᠰ ᠳᠠᠷᠠᠭᠠᠯᠠᠯ᠎ᠢ ᠴᠢᠩᠭ᠎ᠠ ᠵᠢᠷᠤᠮᠵᠢᠭᠤᠯᠵᠤ ᠂ ᠲᠣᠭ᠎ᠠ ᠪᠠᠷᠢᠮᠲᠠ᠎ᠶᠢᠨ ᠶᠠᠰᠤ ᠴᠢᠨᠠᠷ᠎ᠢ ᠦᠨᠡᠨ ᠬᠦ᠌ ᠪᠠᠲᠤᠯᠠᠵᠤ ᠂ ᠣᠨ᠎ᠤ ᠬᠠᠷᠭᠤᠭᠤᠯᠤᠨ ᠪᠠᠢᠴᠠᠭᠠᠬᠤ ( ᠳᠠᠬᠢᠨ ᠪᠠᠢᠴᠠᠭᠠᠬᠤ ) ᠠᠵᠢᠯ᠎ᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号