ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠤᠷᠭ᠋ᠠᠨ᠎ᠠᠴᠠ ᠭᠣᠣᠯᠯᠠᠨ ᠡᠷᠭᠢᠯᠡᠵᠦ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠳᠠᠭ᠋ᠠᠭ᠋ᠠᠴᠢᠯᠠᠨ ᠡᠷᠭᠢᠯᠡᠵᠦ᠂ ᠵᠧᠵᠢᠶᠠᠩ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠵᠢᠯᠴᠠᠨ ᠡᠷᠬᠢᠯᠡᠭᠰᠡᠨ 《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠤᠨ ᠲᠠᠢ᠌ᠯᠤᠮᠵᠢ ᠵᠢᠴᠢ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ (ᠬᠣᠶᠠᠳᠤᠭ᠋ᠠᠷ ᠬᠤᠭᠤᠴᠠᠭ᠎ᠠ) 9 ᠰᠠᠷ᠎ᠠ ᠵᠢᠨ 3 — 5᠎ᠤ ᠡᠳᠦᠷ ᠪᠤᠯᠲᠠᠯ᠎ᠠ᠂ ᠵᠧᠵᠢᠶᠠᠩ ᠮᠤᠵᠢ ᠵᠢᠨ ᠬᠤᠵᠸᠦ ᠬᠤᠳᠠ᠎ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠠᠴᠠ ᠬᠥᠮᠥᠨ ᠲᠣᠮᠢᠯᠠᠨ ᠣᠷᠣᠯᠴᠠᠭᠤᠯᠵᠠᠢ᠃
ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠪᠣᠯᠣᠨ ᠦᠷ᠎ᠡ ᠪᠦᠲᠦᠮᠵᠢ ᠵᠢᠴᠢ ᠪᠦᠬᠦ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠰᠠᠢ᠍ᠢ᠍ᠨ ᠳᠤᠷ᠎ᠠ᠎ᠠᠴᠠ᠎ᠪᠠᠨ ᠭᠠᠳᠠᠭᠰᠢᠯᠠᠭᠤᠯᠬᠤ ᠵᠢ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠨᠢᠯᠴᠠᠭᠤᠯᠵᠠᠢ᠃ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠭᠡᠷᠡᠴᠢᠯᠡᠯ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠂ ᠬᠣᠯᠪᠣᠭᠳᠠᠯ ᠪᠦᠬᠦᠢ ᠶᠠᠮᠤᠨ᠎ᠤ ᠬᠠᠷᠢᠶ᠎ᠠ ᠨᠢᠭᠡᠴᠢ᠂ ᠠᠵᠢᠯ ᠳᠦᠷᠦᠯ᠎ᠤᠨ ᠨᠡᠢ᠌ᠭᠡᠮᠯᠢᠭ᠂ ᠰᠤᠳᠤᠯᠭ᠋ᠠᠨ᠎ᠤ ᠪᠠᠢ᠌ᠭᠤᠯᠤᠮᠵᠢ ᠵᠢᠨ ᠲᠤᠰᠬᠠᠢ ᠮᠡᠷᠭᠡᠵᠢᠯᠲᠡᠨ 《ᠳᠦᠷᠢᠮ》᠎ᠤᠨ ᠬᠠᠤᠯᠢ ᠲᠣᠭᠲᠠᠭ᠋ᠠᠯᠲᠠ ᠵᠢᠨ ᠠᠬᠤᠢ ᠪᠠᠶ᠋ᠢᠳᠠᠯ ᠪᠣᠯᠣᠨ ᠲᠠᠢ᠌ᠯᠪᠤᠷᠢᠯᠠᠯᠲᠠ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠳᠦᠷᠦᠯ ᠵᠦᠢ᠍ᠯ ᠵᠢᠴᠢ ᠠᠵᠢᠯ᠎ᠤᠨ ᠭᠣᠣᠯᠳᠠᠯᠭ᠎ᠠ᠂ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ᠂ ᠬᠣᠯᠪᠣᠭᠳᠠᠯ ᠪᠦᠬᠦᠢ ᠠᠵᠢᠯ ᠳᠦᠷᠦᠯ᠎ᠤᠨ ᠦᠨᠳᠦᠰᠦᠨ ᠪᠠᠶ᠋ᠢᠳᠠᠯ ᠵᠢᠴᠢ ᠲᠣᠭ᠋ᠠᠴᠠᠭ᠎ᠠ ᠬᠢᠵᠦ ᠬᠢᠨᠠᠨ ᠪᠠᠢ᠌ᠴᠠᠭ᠋ᠠᠬᠤ ᠮᠡᠷᠭᠡᠵᠢᠯ᠎ᠤᠨ ᠵᠢᠷᠤᠮᠵᠢᠯ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠲᠠᠪᠴᠠᠩ᠎ᠤᠨ ᠬᠣᠯᠪᠣᠭᠳᠠᠯ ᠪᠦᠬᠦᠢ ᠴᠢᠳᠠᠪᠬᠢ ᠵᠢᠨ ᠠᠵᠢᠯᠯᠠᠭ᠎ᠠ᠂ ᠬᠦᠯᠡᠮᠵᠢ ᠵᠢᠨ ᠬᠡᠢ ᠪᠡᠶᠡᠲᠦ ᠵᠢᠨ ᠰᠠᠢ᠍ᠢ᠍ᠨ ᠳᠤᠷ᠎ᠠ᠎ᠠᠴᠠ᠎ᠪᠠᠨ ᠭᠠᠳᠠᠭᠰᠢᠯᠠᠭᠤᠯᠬᠤ ᠵᠢ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠴᠢ ᠮᠡᠷᠭᠡᠵᠢᠯ᠎ᠤᠨ ᠳᠦᠷᠢᠮ ᠵᠡᠷᠭᠡ ᠵᠢᠨ ᠲᠣᠭᠣᠷᠢᠨ᠎ᠳᠤ ᠲᠠᠢ᠌ᠯᠤᠮᠵᠢ ᠬᠢᠵᠡᠢ᠃
ᠲᠤᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠂ ᠬᠦᠯᠡᠮᠵᠢ ᠵᠢᠨ ᠬᠡᠢ ᠪᠡᠶᠡᠲᠦ ᠵᠢᠨ ᠰᠠᠶ᠋ᠢᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠳᠡᠭᠡᠭᠰᠢᠯᠡᠭᠦᠯᠵᠦ᠂ 《ᠳᠦᠷᠢᠮ》᠎ᠤᠨ ᠲᠣᠭᠲᠠᠭ᠋ᠠᠯ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠤᠨ ᠲᠤᠬᠠᠢ ᠣᠢ᠌ᠯᠠᠭ᠋ᠠᠯᠲᠠ᠎ᠪᠠᠨ ᠭᠦᠨᠵᠡᠭᠡᠢ᠌ᠷᠡᠭᠦᠯᠵᠦ᠂ 《ᠳᠦᠷᠢᠮ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠳᠠᠪᠤᠷᠢ ᠪᠠ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠵᠢᠨ ᠬᠠᠮᠲᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠤᠨ ᠲᠤᠬᠠᠢ ᠲᠠᠨᠢᠯᠲᠠ ᠪᠠ ᠣᠢ᠌ᠯᠠᠭ᠋ᠠᠯᠲᠠ᠎ᠪᠠᠨ ᠴᠢᠩᠭ᠋ᠠᠳᠬᠠᠵᠤ᠂ ᠲᠠᠷᠠᠭ᠋ᠠᠴᠢ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ ᠵᠶ᠋ᠠᠨ ᠨᠠᠩ ᠰᠠᠶ᠋ᠢᠲᠤᠷ ᠥᠷᠨᠢᠭᠦᠯᠬᠦ᠎ᠳᠤ ᠠᠰᠢᠭᠲᠠᠢ ᠪᠣᠯᠭ᠋ᠠᠪᠠ᠃