ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ᠂ ᠳᠤᠮᠳᠠᠳᠤ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠰᠡᠷᠭᠦᠭᠡᠯᠲᠡ ᠵᠡᠷᠭᠡ ᠬᠦᠷᠢᠶᠡᠨ᠎ᠳᠠᠬᠢ ᠬᠣᠶᠠᠷ ᠲᠠᠯ᠎ᠠ ᠵᠢᠨ ᠬᠠᠮᠲᠤᠷᠠᠯᠴᠠᠭ᠎ᠠ ᠵᠢᠨ ᠶᠠᠪᠤᠳᠠᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ 2024 ᠣᠨ᠎ᠤ 12 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠠᠮᠢ ᠠᠬᠤᠢ ᠬᠢᠭᠡᠳ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ᠎ᠳᠤ ᠬᠦᠷᠴᠦ ᠰᠣᠯᠢᠯᠴᠠᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠰᠤᠳᠤᠯᠭ᠋ᠠᠨ᠎ᠤ ᠬᠦᠷᠢᠶᠡᠯᠡᠩ᠎ᠤᠨ ᠬᠠᠮᠢᠶ᠎ᠠ ᠪᠦᠬᠦᠢ ᠨᠥᠬᠥᠳ ᠰᠣᠯᠢᠯᠴᠠᠨ ᠶᠠᠷᠢᠯᠴᠠᠬᠤ ᠠᠵᠢᠯᠯᠠᠭ᠎ᠠ᠎ᠳᠤ ᠣᠷᠣᠯᠴᠠᠪᠠ᠃
ᠬᠤᠷᠠᠯ ᠳᠡᠭᠡᠷ᠎ᠡ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠢᠶ᠎ᠠ ᠪᠦᠬᠦᠢ ᠠᠵᠢᠯ᠎ᠢ ᠥᠷᠨᠢᠭᠦᠯᠵᠦ ᠪᠠᠢ᠌ᠭ᠎ᠠ ᠪᠠᠶ᠋ᠢᠳᠠᠯ ᠵᠢᠴᠢ ᠣᠳᠣᠬᠠᠨ᠎ᠳᠤ ᠣᠷᠣᠯᠴᠠᠵᠤ ᠬᠡᠷᠡᠭᠵᠢᠭᠦᠯᠵᠦ ᠪᠠᠢ᠌ᠭ᠎ᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠳᠦᠷᠦᠯ ᠵᠦᠢ᠍ᠯ ᠵᠡᠷᠭᠡ ᠵᠢ ᠲᠣᠪᠴᠢ ᠲᠠᠨᠢᠯᠴᠠᠭᠤᠯᠪᠠ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠠᠮᠢ ᠠᠬᠤᠢ ᠬᠢᠭᠡᠳ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠳᠡᠭᠡᠳᠦ ᠰᠤᠷᠭ᠋ᠠᠭᠤᠯᠢ ᠵᠢᠨ ᠲᠣᠶ᠋ᠢᠮᠣ ᠪᠠᠶ᠋ᠢᠳᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠂ ᠭᠣᠣᠯᠳᠠᠯᠭ᠎ᠠ᠎ᠲᠠᠢ ᠰᠤᠳᠤᠯᠭ᠋ᠠᠨ᠎ᠤ ᠴᠢᠭᠯᠡᠯ ᠵᠡᠷᠭᠡ ᠠᠭᠤᠯᠭ᠎ᠠ ᠵᠢ ᠲᠠᠨᠢᠯᠴᠠᠭᠤᠯᠵᠤ᠂ ᠬᠣᠶᠠᠷ ᠲᠠᠯ᠎ᠠ᠎ᠪᠠᠷ ᠵᠶ᠋ᠠᠨ ᠳᠤᠮᠳᠠᠳᠤ ᠮᠣᠩᠭᠣᠯ ᠤᠷᠤᠰ᠎ᠤᠨ ᠠᠮᠢ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠤ ᠮᠧᠲ᠋ᠠᠨ ᠭᠠᠳᠠᠭᠰᠢᠯᠠᠭᠤᠯᠬᠤ ᠵᠢ ᠬᠢᠵᠠᠭ᠋ᠠᠷᠯᠠᠬᠤ᠂ ᠠᠭᠤᠷ ᠠᠮᠢᠰᠬᠤᠯ᠎ᠤᠨ ᠳᠠᠭ᠋ᠠᠭ᠋ᠠᠴᠠ ᠵᠡᠷᠭᠡ ᠲᠠᠯ᠎ᠠ᠎ᠪᠠᠷ ᠰᠠᠨᠠᠯ ᠵᠶ᠋ᠠᠨ ᠰᠣᠯᠢᠯᠴᠠᠨ ᠶᠠᠷᠢᠯᠴᠠᠵᠤ᠂ ᠳᠠᠷᠠᠭ᠋ᠠᠴᠢ ᠵᠢᠨ ᠠᠯᠬᠤᠮ᠎ᠳᠤ ᠬᠠᠮᠢᠶ᠎ᠠ ᠪᠦᠬᠦᠢ ᠬᠦᠷᠢᠶᠡᠨ᠎ᠳᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ᠎ᠳᠤ ᠤᠷᠢᠳᠴᠢᠯᠠᠭᠰᠠᠨ ᠰᠠᠭᠤᠷᠢ ᠵᠢ ᠲᠠᠯᠪᠢᠵᠠᠢ᠃