ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠮᠲᠤᠷᠠᠨ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠲᠣᠭ᠋ᠠᠴᠠᠭ᠎ᠠ ᠪᠠ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2024-12-05

      ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ 15 ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠦᠢ᠍ᠯᠡᠳᠬᠦᠨ᠎ᠤ ᠠᠮᠢ ᠨᠠᠰᠤᠨ᠎ᠤ ᠦᠶᠡᠯᠡᠯ᠎ᠤᠨ ᠲᠠᠯ᠎ᠠ᠎ᠠᠴᠠ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠮᠲᠤᠷᠠᠨ ᠪᠥᠬᠥ ᠣᠷᠣᠨ᠎ᠤ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠲᠣᠭ᠋ᠠᠴᠠᠭ᠎ᠠ ᠬᠢᠭᠡᠳ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠭᠢᠯᠡᠪᠡ᠃
      ᠪᠣᠯᠪᠠᠰᠤᠷᠠᠯ᠎ᠤᠨ ᠠᠭᠤᠯᠭ᠎ᠠ᠎ᠳᠤ 《ᠦᠢ᠍ᠯᠡᠳᠬᠦᠨ᠎ᠤ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠲᠣᠭ᠋ᠠᠴᠠᠭ᠎ᠠ ᠬᠢᠬᠦ ᠶᠡᠷᠦᠩᠬᠡᠢ ᠳᠦᠷᠢᠮ》᠎ᠤᠨ ᠲᠠᠢ᠌ᠯᠤᠮᠵᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠪᠠᠷᠢᠮᠵᠢᠶ᠎ᠠ ᠵᠢᠨ ᠵᠥᠷᠢᠶ᠎ᠡ ᠵᠢᠨ ᠵᠠᠳᠠᠯᠤᠯᠲᠠ᠂ ᠦᠢ᠍ᠯᠡᠳᠬᠦᠨ᠎ᠤ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠲᠣᠭ᠋ᠠᠴᠠᠭ᠎ᠠ ᠬᠢᠬᠦ ᠠᠷᠭ᠎ᠠ᠂ ᠳᠠᠷᠠᠭ᠋ᠠᠯᠠᠯ ᠵᠢᠴᠢ ᠬᠡᠷᠡᠭ᠎ᠤᠨ ᠵᠢᠱ᠌ᠢᠶ᠎ᠡ ᠵᠢ ᠬᠤᠪᠢᠶᠠᠯᠴᠠᠨ ᠡᠳ᠋ᠯᠡᠬᠦ᠂ ᠠᠵᠤ ᠠᠬᠤᠢ᠌ᠯᠠᠯ᠎ᠤᠨ ᠨᠠᠭᠦᠷᠡᠰᠦᠲᠦ᠋ᠷᠦᠭᠴᠢ ᠵᠢᠨ ᠤᠯᠠ ᠮᠥᠷ ᠬᠢᠭᠡᠳ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠰᠠᠨᠠᠭᠤᠯᠭ᠎ᠠ ᠵᠢᠴᠢ ᠠᠵᠤ ᠠᠬᠤᠢ᠌ᠯᠠᠯ᠎ᠤᠨ CBAM ᠵᠢ ᠠᠷᠭ᠋ᠠᠴᠠᠬᠤ ᠶᠡᠷᠦᠩᠬᠡᠢ᠌ᠯᠡᠭᠰᠡᠨ ᠰᠢᠢ᠍ᠳᠪᠦᠷᠢᠯᠡᠬᠦ ᠲᠥᠰᠥᠯ ᠵᠡᠷᠭᠡ ᠪᠠᠭᠲᠠᠨ᠎ᠠ᠃ ᠲᠥᠷᠥ ᠵᠢᠨ ᠪᠣᠳᠣᠯᠭ᠎ᠠ ᠪᠠ ᠦᠢ᠍ᠯᠡᠳᠦᠯᠭᠡ ᠵᠢ ᠬᠠᠷᠢᠯᠴᠠᠨ ᠤᠶᠠᠯᠳᠤᠭᠤᠯᠤᠭᠰᠠᠨ ᠪᠣᠯᠪᠠᠰᠤᠷᠠᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠦᠢ᠍ᠯᠡᠳᠬᠦᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠦᠵᠡᠭᠦᠯᠬᠦ ᠨᠥᠯᠥᠭᠡ ᠵᠢ ᠣᠢ᠌ᠯᠠᠭ᠋ᠠᠵᠤ᠂ ᠦᠢ᠍ᠯᠡᠳᠬᠦᠨ᠎ᠤ ᠠᠮᠢ ᠨᠠᠰᠤᠨ᠎ᠤ ᠦᠶᠡᠯᠡᠯ᠎ᠤᠨ ᠲᠠᠯ᠎ᠠ᠎ᠠᠴᠠ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠬᠠᠩᠭ᠋ᠠᠯᠭ᠎ᠠ ᠵᠢᠨ ᠬᠡᠯᠬᠢᠶ᠎ᠡ᠂ ᠥᠷᠲᠡᠭ᠎ᠤᠨ ᠬᠡᠯᠬᠢᠶ᠎ᠡ᠎ᠳᠠᠬᠢ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠵᠢ ᠠᠬᠢᠭᠤᠯᠤᠨ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ᠎ᠳᠤ ᠬᠦᠴᠦᠨ ᠨᠡᠮᠡᠷᠢᠯᠡᠬᠦ᠎ᠳᠤ ᠠᠰᠢᠭᠲᠠᠢ ᠶᠤᠮ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠦᠬᠦᠢ ᠬᠥᠮᠥᠰ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠠᠵᠢᠯ᠎ᠤᠨ ᠬᠠᠷᠢᠭᠤᠴᠠᠯᠭ᠋ᠠᠲᠠᠨ ᠨᠥᠬᠥᠳ᠂ ᠪᠥᠬᠥ ᠣᠷᠣᠨ᠎ᠤ ᠪᠣᠯᠣᠳ ᠲᠡᠮᠦᠷ᠂ ᠴᠠᠬᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠴᠠᠬᠢᠯᠠᠭᠤᠷ ᠴᠢᠯᠠᠭᠤ᠂ ᠲᠠᠯᠠᠰᠲᠤ ᠴᠠᠬᠢᠭᠤᠷ ᠵᠡᠷᠭᠡ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ ᠵᠢᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠠᠵᠢᠯᠲᠠᠳ ᠪᠣᠯᠪᠠᠰᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠠᠮᠢ ᠠᠬᠤᠢ ᠬᠢᠭᠡᠳ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ᠎ᠲᠠᠢ ᠰᠣᠯᠢᠯᠴᠠᠨ ᠶᠠᠷᠢᠯᠴᠠᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠼᠧᠮᠧᠨ᠋ᠲ᠎ᠤᠨ ᠠᠵᠤ ᠠᠬᠤᠢ᠌ᠯᠠᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠵᠣᠬᠢᠴᠠᠬᠤ ᠵᠢ ᠬᠠᠪᠰᠤᠷᠤᠨ ᠵᠢᠯᠣᠭᠣᠳᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠳ ᠲᠡᠮᠦᠷ᠎ᠤᠨ ᠠᠵᠤ ᠠᠬᠤᠢ᠌ᠯᠠᠯ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠤ ᠠᠬᠤᠢ᠌ᠯᠠᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ᠎ᠬᠢᠨ᠎ᠤ 《ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠭᠣᠢ᠌ᠳᠠ ᠰᠠᠢ᠌ᠬᠠᠨ ᠶᠠᠪᠤᠭᠳᠠᠪᠠ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠦᠭᠡᠢ᠎ᠪᠠᠷ ᠬᠥᠭᠵᠢᠭᠦᠯᠬᠦ》 ᠠᠭᠤᠯᠤᠭᠳᠠᠬᠤᠨ᠎ᠢ ᠪᠠᠷᠢᠮᠲᠠᠯᠠᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠣᠰᠢᠭᠤ ᠰᠢᠶᠠᠨ᠎ᠤ ᠲᠤᠷᠰᠢᠯᠲᠠ ᠵᠢᠨ ᠴᠡᠭ᠎ᠢ ᠡᠭᠦᠳᠦᠨ᠎ᠡ
 
             蒙ICP备05000248号