ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠪᠣᠯ ᠠᠭᠤᠷ ᠠᠮᠢᠰᠬᠤᠯᠤᠨ ᠬᠤᠪᠢᠷᠠᠯᠲᠠ ᠵᠢ ᠠᠷᠭ᠋ᠠᠴᠠᠬᠤ ᠨᠢᠭᠡ ᠵᠦᠢ᠍ᠯᠤᠨ ᠴᠢᠬᠤᠯᠠ ᠰᠠᠭᠤᠷᠢ ᠴᠢᠨᠠᠷᠲᠠᠢ ᠠᠵᠢᠯ ᠪᠣᠯᠣᠨ᠎ᠠ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠨᠠᠷᠢᠯᠢᠭᠵᠢᠭᠤᠯᠤᠨ ᠬᠠᠮᠢᠶᠠᠷᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠪᠠ ᠦᠨᠡᠯᠡᠨ ᠵᠢᠱ᠌ᠢᠬᠦ ᠵᠢᠨ ᠴᠢᠬᠤᠯᠠ ᠦᠨᠳᠦᠰᠦᠯᠡᠯ ᠪᠣᠯᠣᠨ᠎ᠠ᠃ ᠠᠭᠤᠷ ᠠᠮᠢᠰᠬᠤᠯᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠵᠤ᠂ ᠥᠪᠡᠷᠲᠡᠭᠡᠨ ᠵᠠᠰᠠᠬᠤ ᠣᠷᠣᠨᠤ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢᠨ ᠣᠨᠴᠠᠯᠢᠭᠢ ᠪᠦᠬᠦ ᠲᠠᠯᠠᠪᠠᠷ ᠡᠵᠡᠮᠰᠢᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨᠤ ᠠᠮᠢ ᠠᠬᠤᠢ ᠵᠢᠨ ᠣᠷᠴᠢᠨ ᠲᠣᠭᠣᠷᠢᠨᠤ ᠲᠢᠩᠬᠢᠮᠠᠴᠠ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯᠢ ᠥᠷᠨᠢᠭᠦᠯᠵᠦ᠂ 2024 ᠣᠨᠤ 5 ᠰᠠᠷ᠎ᠠ ᠵᠢᠨ 11ᠤ ᠡᠳᠦᠷ ᠳᠦᠷᠦᠯ ᠵᠦᠢ᠍ᠯᠤᠨ ᠶᠠᠷᠢᠯᠴᠠᠬᠤ ᠬᠤᠷᠠᠯᠢ ᠵᠣᠬᠢᠶᠠᠨ ᠪᠠᠢ᠌ᠭᠤᠯᠵᠤ ᠬᠤᠷᠠᠯᠳᠤᠭᠤᠯᠤᠭᠰᠠᠨ ᠪᠥᠭᠡᠳ ᠬᠤᠷᠠᠯᠤᠨ ᠳᠠᠷᠠᠭ᠎ᠠ 2023 ᠣᠨᠤ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯᠢ ᠡᠬᠢᠯᠡᠭᠦᠯᠵᠡᠢ᠃