ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ 2025 ᠣᠨ᠎ᠳᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠭᠡᠷ᠎ᠡ᠎ᠪᠠᠨ ᠪᠡᠶᠡᠯᠡᠭᠦᠯᠬᠦ ᠪᠦᠷᠬᠦᠴᠡ ᠵᠢᠨ ᠬᠡᠪᠴᠢᠶ᠎ᠡ ᠵᠢ ᠥᠷᠭᠡᠳᠬᠡᠵᠦ᠂ ᠼᠧᠮᠧᠨ᠋ᠲ᠂ ᠪᠣᠯᠣᠳ ᠲᠡᠮᠦᠷ᠂ ᠴᠠᠬᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ ᠵᠡᠷᠭᠡ ᠠᠵᠢᠯ ᠳᠦᠷᠦᠯ᠎ᠢ ᠡᠮᠬᠢ ᠵᠢᠷᠤᠮ᠎ᠲᠠᠢ ᠣᠷᠣᠭᠤᠯᠤᠨ᠎ᠠ᠃ ᠰᠢᠨ᠎ᠡ᠎ᠪᠠᠷ ᠥᠷᠭᠡᠳᠬᠡᠭᠰᠡᠨ ᠠᠵᠤ ᠠᠬᠤᠢ᠌ᠯᠠᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠲᠦᠷᠭᠡᠨ ᠵᠣᠬᠢᠴᠠᠬᠤ ᠵᠢ ᠵᠢᠯᠤᠭᠣᠳᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠼᠧᠮᠧᠨ᠋ᠲ᠎ᠤᠨ ᠠᠵᠤ ᠠᠬᠤᠢ᠌ᠯᠠᠯ ᠵᠶ᠋ᠠᠷ ᠭᠣᠣᠯᠳᠠᠯᠭ᠎ᠠ ᠪᠣᠯᠭ᠋ᠠᠵᠤ᠂ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠨ ᠰᠤᠳᠤᠯᠤᠯᠲᠠ ᠬᠢᠬᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠴᠡᠭ᠎ᠠᠴᠠ ᠴᠡᠭ᠎ᠲᠤ ᠵᠢᠭ᠋ᠠᠨ ᠵᠢᠯᠤᠭᠣᠳᠬᠤ ᠵᠡᠷᠭᠡ ᠠᠷᠭ᠎ᠠ ᠬᠡᠮᠵᠢᠶ᠎ᠡ ᠠᠪᠴᠤ ᠼᠧᠮᠧᠨ᠋ᠲ᠎ᠤᠨ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠠᠵᠤ ᠠᠬᠤᠢ᠌ᠯᠠᠯ᠎ᠤᠨ ᠰᠠᠨᠠᠭ᠋ᠠᠴᠢᠯᠠᠭ᠎ᠠ᠎ᠠᠴᠠ᠎ᠪᠠᠨ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠥᠲᠥᠯᠥᠨ ᠵᠢᠯᠣᠭᠣᠳᠪᠠ᠃
ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠨ ᠰᠤᠳᠤᠯᠤᠯᠲᠠ ᠬᠢᠵᠦ ᠠᠵᠤ ᠠᠬᠤᠢ᠌ᠯᠠᠯ᠎ᠤᠨ ᠬᠡᠷᠡᠭᠴᠡᠭᠡ ᠵᠢ ᠦᠨᠡᠨ ᠬᠦ᠌ ᠣᠢ᠌ᠯᠠᠭ᠋ᠠᠨ ᠡᠵᠡᠮᠰᠢᠨ᠎ᠡ᠃ 2024 ᠣᠨ᠎ᠤ 12 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠲᠥᠪ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠰᠤᠳᠤᠯᠭ᠋ᠠᠨ᠎ᠤ ᠬᠦᠷᠢᠶᠡᠯᠡᠩ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠲᠠᠢ ᠬᠠᠮᠲᠤᠷᠠᠨ ᠥᠪᠥᠷ ᠮᠣᠩᠭᠣᠯ᠎ᠤᠨ ᠵᠢᠢ ᠳ᠋ᠦᠩ ᠼᠧᠮᠧᠨ᠋ᠲ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠡᠦ ᠯᠠᠨ ᠼᠧᠮᠧᠨ᠋ᠲ᠎ᠤᠨ ᠬᠢᠵᠠᠭ᠋ᠠᠷᠲᠤ ᠺᠣᠮᠫᠠᠨᠢ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃ ᠠᠵᠤ ᠠᠬᠤᠢ᠌ᠯᠠᠯ᠎ᠤᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠠᠮᠢᠶᠠᠷᠤᠯᠲᠠ ᠵᠢᠨ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ᠎ᠢ ᠰᠣᠨᠣᠰᠴᠤ᠂ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠨ᠂ ᠠᠵᠤ ᠠᠬᠤᠢ᠌ᠯᠠᠯ᠎ᠤᠨ ᠲᠣᠭ᠋ᠠᠴᠠᠭ᠎ᠠ ᠬᠢᠭᠰᠡᠨ ᠮᠡᠳᠡᠭᠦᠯᠦᠯᠲᠡ᠂ ᠬᠠᠷᠭᠤᠭᠤᠯᠤᠨ ᠪᠠᠢ᠌ᠴᠠᠭ᠋ᠠᠭᠰᠠᠨ ᠮᠡᠳᠡᠭᠦᠯᠦᠯᠲᠡ᠎ᠳᠠᠬᠢ ᠠᠰᠠᠭᠤᠳᠠᠯ᠎ᠳᠤ ᠴᠢᠭᠯᠡᠭᠦᠯᠦᠨ ᠵᠦᠢ᠍ᠯ ᠳᠠᠷᠠᠭ᠋ᠠᠯᠠᠨ ᠬᠠᠷᠢᠭᠤᠯᠲᠠ ᠥᠭᠴᠦ᠂ ᠵᠦᠭᠯᠡᠭᠦᠷ᠎ᠤᠨ ᠭᠣᠣᠯᠳᠠᠯᠭ᠎ᠠ ᠵᠢ ᠲᠠᠢ᠌ᠯᠪᠤᠷᠢᠯᠠᠨ᠂ ᠬᠠᠷᠭᠤᠭᠤᠯᠤᠨ ᠪᠠᠢ᠌ᠴᠠᠭ᠋ᠠᠬᠤ ᠵᠠᠩᠭᠢᠯᠠᠭ᠎ᠠ ᠵᠢᠨ ᠭᠣᠭᠴᠣᠭ᠎ᠠ ᠵᠢ ᠰᠠᠨᠠᠭᠤᠯᠵᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠵᠣᠬᠢᠴᠠᠬᠤ ᠰᠠᠨᠠᠭᠤᠯᠭ᠎ᠠ ᠵᠢ ᠳᠤᠷᠠᠳᠤᠨ᠂ ᠬᠠᠨᠳᠤᠯᠭ᠋ᠠᠲᠤ ᠴᠢᠨᠠᠷᠲᠠᠢ᠎ᠪᠠᠷ ᠬᠠᠪᠰᠤᠷᠤᠨ ᠲᠡᠳᠬᠦᠬᠦ ᠵᠢᠯᠣᠭᠣᠳᠤᠯᠭ᠎ᠠ ᠬᠠᠩᠭ᠋ᠠᠵᠤ᠂ ᠠᠵᠤ ᠠᠬᠤᠢ᠌ᠯᠠᠯ᠎ᠢ ᠵᠢᠯᠣᠭᠣᠳᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠠᠯᠬᠤᠮ ᠠᠯᠬᠤᠮ ᠵᠶ᠋ᠠᠷ ᠵᠣᠬᠢᠴᠠᠭᠤᠯᠪᠠ᠃
ᠲᠥᠪᠯᠡᠷᠡᠭᠦᠯᠦᠨ ᠪᠣᠯᠪᠠᠰᠤᠷᠠᠭᠤᠯᠵᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠴᠢᠳᠠᠪᠤᠷᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ 12 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠼᠧᠮᠧᠨ᠋ᠲ᠎ᠤᠨ ᠠᠵᠢᠯ ᠲᠥᠷᠥᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠪᠣᠯᠪᠠᠰᠤᠷᠠᠯ᠎ᠢ ᠵᠣᠬᠢᠶᠠᠨ ᠪᠠᠢ᠌ᠭᠤᠯᠵᠤ᠂ ᠲᠣᠰ ᠤᠳᠠᠭ᠋ᠠᠨ᠎ᠤ ᠪᠣᠯᠪᠠᠰᠤᠷᠠᠯ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠨ ᠰᠤᠳᠤᠯᠤᠯᠲᠠ ᠵᠢᠴᠢ ᠬᠠᠷᠭᠤᠭᠤᠯᠤᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠤᠨ ᠵᠢᠷᠤᠭ ᠲᠥᠯᠥᠪᠯᠡᠭᠡ ᠵᠢᠨ ᠪᠣᠯᠪᠠᠰᠤᠷᠠᠯ᠎ᠤᠨ ᠬᠢᠴᠢᠶᠡᠯ᠎ᠲᠠᠢ ᠤᠶᠠᠯᠳᠤᠭᠤᠯᠤᠨ᠂ ᠨᠡᠢ᠌ᠳᠡᠮ ᠣᠷᠣᠰᠢᠵᠤ ᠪᠠᠢ᠌ᠭ᠎ᠠ ᠶᠠᠰᠤ ᠴᠢᠨᠠᠷ᠎ᠤᠨ ᠡᠵᠡᠮᠳᠡᠯ᠎ᠤᠨ ᠬᠢᠨᠠᠨ ᠬᠡᠮᠵᠢᠬᠦ ᠲᠥᠯᠥᠪᠯᠡᠭᠡ ᠪᠦᠷᠢᠨ ᠪᠤᠰᠤ᠂ ᠵᠢᠷᠤᠮᠵᠢᠯ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠲᠤᠰᠬᠠᠢ᠌ᠯᠠᠨ 《ᠶᠠᠰᠤ ᠴᠢᠨᠠᠷ᠎ᠤᠨ ᠡᠵᠡᠮᠳᠡᠯ᠎ᠤᠨ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ》 ᠬᠠᠮᠢᠶ᠎ᠠ ᠪᠦᠬᠦᠢ ᠬᠢᠴᠢᠶᠡᠯ᠎ᠢ ᠨᠡᠭᠡᠭᠡᠵᠡᠢ; ᠠᠵᠤ ᠠᠬᠤᠢ᠌ᠯᠠᠯ᠎ᠤᠨ ᠬᠠᠷᠢᠭᠤ ᠲᠤᠰᠬᠠᠭᠰᠠᠨ ᠬᠠᠷᠭᠤᠭᠤᠯᠤᠨ ᠪᠠᠢ᠌ᠴᠠᠭ᠋ᠠᠬᠤ ᠶᠠᠪᠤᠴᠠ᠎ᠳᠤ ᠨᠡᠢ᠌ᠳᠡᠮ ᠣᠷᠣᠰᠢᠵᠤ ᠪᠠᠢ᠌ᠭ᠎ᠠ ᠠᠰᠠᠭᠤᠳᠠᠯ᠎ᠢ ᠣᠢ᠌ᠯᠠᠭ᠋ᠠᠬᠤ ᠵᠢ ᠬᠦᠰᠡᠵᠦ ᠪᠠᠢ᠌ᠭ᠎ᠠ ᠪᠠᠶ᠋ᠢᠳᠠᠯ᠎ᠳᠤ ᠴᠢᠭᠯᠡᠭᠦᠯᠦᠨ᠂ 《2023 ᠣᠨ᠎ᠤ ᠬᠠᠷᠭᠤᠭᠤᠯᠤᠨ ᠪᠠᠢ᠌ᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ》 ᠭᠣᠭᠴᠣᠭ᠎ᠠ ᠵᠢ ᠲᠣᠬᠢᠷᠠᠭᠤᠯᠪᠠ; ᠡᠭᠦᠨ᠎ᠠᠴᠠ ᠭᠠᠳᠠᠨ᠎ᠠ ᠪᠠᠰᠠ 《ᠼᠧᠮᠧᠨ᠋ᠲ᠎ᠤᠨ ᠠᠵᠢᠯ ᠲᠥᠷᠥᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠭᠣᠣᠯᠳᠠᠯᠭ᠎ᠠ》 《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠦᠷ ᠬᠡᠷᠡᠭᠵᠢᠭᠦᠯᠬᠦ ᠳᠦᠷᠢᠮ》᠎ᠤᠨ ᠲᠠᠢ᠌ᠯᠤᠮᠵᠢ ᠵᠡᠷᠭᠡ ᠬᠢᠴᠢᠶᠡᠯ ᠲᠣᠬᠢᠷᠠᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠬᠠᠷᠢᠭᠤᠴᠠᠯᠭ᠎ᠠ ᠵᠢᠨ ᠤᠬᠠᠮᠰᠠᠷ᠎ᠢ ᠪᠤᠢ ᠪᠣᠯᠭ᠋ᠠᠵᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠪᠠ᠃
ᠬᠠᠪᠰᠤᠷᠤᠨ ᠲᠡᠳᠬᠦᠬᠦ ᠵᠢᠯᠣᠭᠣᠳᠤᠯᠭ᠎ᠠ᠎ᠪᠠᠷ ᠳᠡᠮᠵᠢᠨ᠂ ᠼᠧᠮᠧᠨ᠋ᠲ᠎ᠤᠨ ᠠᠵᠢᠯ ᠲᠥᠷᠥᠯ᠎ᠤᠨ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ ᠵᠢᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠠᠮᠢᠶᠠᠷᠤᠯᠲᠠ ᠵᠢᠨ ᠤᠬᠠᠮᠰᠠᠷ ᠪᠠ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠣᠳᠣᠬᠢ ᠪᠠᠶ᠋ᠢᠳᠠᠯ᠎ᠢ ᠢᠯᠡᠭᠦᠬᠡᠨ ᠪᠠᠢ᠌ᠴᠠᠭ᠋ᠠᠨ ᠰᠤᠳᠤᠯᠵᠤ᠂ ᠠᠵᠤ ᠠᠬᠤᠢ᠌ᠯᠠᠯ᠎ᠤᠨ ᠬᠡᠷᠡᠭᠴᠡᠭᠡ ᠵᠢ ᠢᠯᠡᠭᠦᠬᠡᠨ ᠣᠢ᠌ᠯᠠᠭ᠋ᠠᠵᠤ᠂ ᠥᠷᠭᠡᠳᠬᠡᠭᠰᠡᠨ ᠠᠵᠢᠯ ᠲᠥᠷᠥᠯ᠎ᠢ ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢ ᠨᠡᠢ᠌ᠳᠡᠮ ᠬᠠᠮᠤᠷᠬᠤ ᠵᠢ ᠲᠦᠯᠬᠢᠨ ᠠᠬᠢᠭᠤᠯᠵᠤ᠂ ᠠᠵᠤ ᠠᠬᠤᠢ᠌ᠯᠠᠯ᠎ᠤᠨ ᠰᠠᠨᠠᠭ᠋ᠠᠴᠢᠯᠠᠭ᠎ᠠ᠎ᠠᠴᠠ᠎ᠪᠠᠨ ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠥᠲᠥᠯᠥᠨ ᠵᠢᠯᠣᠭᠣᠳᠤᠨ᠎ᠠ᠃