ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
《 ᠲᠤᠷᠰᠢᠯᠲᠠ᠎ᠶᠢᠨ ᠴᠡᠭ᠎ᠤᠨ ᠭᠠᠵᠠᠷ ᠣᠷᠣᠨ᠎ᠤ ᠠᠵᠤ ᠠᠬᠤᠢᠯᠠᠯ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠮᠡᠳᠡᠭᠡ ᠵᠠᠩᠭᠢ᠎ᠶᠢ ᠰᠠᠢᠨ ᠳᠤᠷ᠎ᠠ᠎ᠠᠴᠠ᠎ᠪᠠᠨ ᠨᠡᠢᠲᠡᠯᠡᠬᠦ ᠠᠵᠢᠯ᠎ᠢ ᠬᠡᠷᠡᠭᠵᠢᠭᠦᠯᠬᠦ ᠲᠥᠰᠥᠯ 》᠎ᠳᠤ ᠵᠠᠰᠠᠪᠤᠷᠢ ᠣᠷᠣᠭᠤᠯᠬᠤ ᠰᠠᠨᠠᠯ᠎ᠢ ᠢᠯᠡ᠎ᠪᠡᠷ ᠬᠤᠷᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠵᠠᠬᠢᠳᠠᠯ
ᠨᠡᠶ᠋ᠢᠲᠡᠯᠡᠭᠰᠡᠨ ᠴᠠᠭ᠄ 2025-07-21

ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ ᠂ ᠡᠳ᠋᠎ᠦᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠠᠯᠪᠠᠨ ᠲᠢᠩᠬᠢᠮ ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠠᠯᠪᠠᠨ ᠲᠢᠩᠬᠢᠮ᠎ᠦᠨ 《 ᠠᠵᠤ ᠠᠬᠤᠢᠯᠠᠯ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠮᠡᠳᠡᠭᠡ ᠵᠠᠩᠭᠢ ᠎ᠶᠢ ᠰᠠᠢᠨ ᠳᠤᠷ᠎ᠠ᠎ᠠᠴᠠ᠎ᠪᠠᠨ ᠨᠡᠢᠲᠡᠯᠡᠬᠦ ᠎ᠶᠢ ᠠᠬᠢᠭᠤᠯᠬᠤ ᠲᠤᠬᠠᠢ ᠰᠠᠨᠠᠯ 》 ( ᠣᠷᠴᠢᠨ ᠲᠣᠭᠣᠷᠢᠨ᠎ᠤ ᠠᠯᠪᠠᠨ ᠭᠡᠷ 〔 2025 〕 7 ᠳ᠋ᠤᠭᠠᠷ ᠲᠣᠭᠠᠲᠤ )᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠶᠢᠨ ᠲᠥᠯᠥᠭᠡ ᠂ ᠮᠠᠨ᠎ᠤ ᠣᠷᠣᠨ᠎ᠤ ᠤᠯᠤᠰ᠎ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ᠎ᠶᠢᠨ ᠴᠡᠭ ᠪᠣᠯᠬᠤ ᠬᠣᠲᠠ ᠂ ᠠᠭᠤᠷ ᠠᠮᠢᠰᠬᠤᠯ᠎ᠳᠤ ᠵᠣᠬᠢᠴᠠᠬᠤ ᠬᠡᠯᠪᠡᠷᠢ᠎ᠶᠢᠨ ᠬᠣᠲᠠ ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠲᠤᠷᠰᠢᠯᠲᠠ᠎ᠶᠢᠨ ᠴᠡᠭ ᠪᠣᠯᠬᠤ ᠬᠣᠲᠠ ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠎ᠶᠢ ᠬᠠᠮᠵᠢᠯᠴᠠᠭᠤᠯᠤᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠴᠡᠭ ᠪᠣᠯᠬᠤ ᠬᠣᠲᠠ ᠪᠠ ᠬᠦᠷᠢᠶᠡᠯᠡᠩ ᠲᠣᠭᠣᠷᠢᠭ᠋᠎ᠲᠤ ᠬᠦᠯᠡᠮᠵᠢ᠎ᠶᠢᠨ ᠬᠡᠢ ᠪᠡᠶᠡᠲᠦ᠎ᠶᠢᠨ ᠮᠡᠳᠡᠭᠡ ᠵᠠᠩᠭᠢ᠎ᠶᠢ ᠰᠠᠢᠨ ᠳᠤᠷ᠎ᠠ᠎ᠠᠴᠠ᠎ᠪᠠᠨ ᠨᠡᠢᠲᠡᠯᠡᠬᠦ ᠠᠵᠢᠯ᠎ᠢ ᠰᠦᠪᠡᠭᠴᠢᠯᠡᠨ ᠥᠷᠨᠢᠭᠦᠯᠬᠦ᠎ᠪᠡᠷ ᠪᠣᠶ ᠂ ᠮᠠᠨ᠎ᠤ ᠲᠢᠩᠬᠢᠮ ᠲᠦᠷᠦᠭᠦᠯᠡᠨ 《 ᠲᠤᠷᠰᠢᠯᠲᠠ᠎ᠶᠢᠨ ᠴᠡᠭ ᠪᠣᠯᠬᠤ ᠭᠠᠵᠠᠷ ᠣᠷᠣᠨ᠎ᠤ ᠠᠵᠤ ᠠᠬᠤᠢᠯᠠᠯ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠮᠡᠳᠡᠭᠡ ᠵᠠᠩᠭᠢ᠎ᠶᠢ ᠰᠠᠢᠨ ᠳᠤᠷ᠎ᠠ᠎ᠠᠴᠠ᠎ᠪᠠᠨ ᠨᠡᠢᠲᠡᠯᠡᠬᠦ ᠠᠵᠢᠯ᠎ᠢ ᠬᠡᠷᠡᠭᠵᠢᠭᠦᠯᠬᠦ ᠲᠥᠰᠥᠯ 》᠎ᠢ ᠨᠠᠢᠷᠠᠭᠤᠯᠤᠨ ᠵᠣᠬᠢᠶᠠᠵᠤ ᠂ ᠡᠳᠦᠭᠡ ᠢᠯᠡ᠎ᠪᠡᠷ ᠰᠠᠨᠠᠯ ᠬᠤᠷᠢᠶᠠᠨ᠎ᠠ ᠃

ᠡᠯ᠎ᠡ ᠪᠠᠢᠭᠤᠯᠭ᠎ᠠ ᠪᠦᠯᠬᠦᠮ ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠣᠯᠣᠨ ᠬᠤᠪᠢ ᠬᠥᠮᠥᠨ ᠴᠥᠮ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ ᠃ ᠬᠣᠯᠪᠣᠭᠳᠠᠯ ᠪᠦᠬᠦᠢ ᠰᠠᠨᠠᠯ᠎ᠢ ᠢᠮᠧᠯ᠎ᠢᠶᠡᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠣᠯᠠᠨ ᠤᠯᠤᠰ᠎ᠤᠨ ᠬᠠᠮᠲᠤᠷᠠᠯᠴᠠᠭᠠᠨ᠎ᠤ ᠭᠠᠵᠠᠷ᠎ᠲᠤ ᠬᠠᠷᠢᠭᠤ ᠲᠤᠰᠬᠠᠬᠤ᠎ᠶᠢᠨ ᠬᠠᠮᠲᠤ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶᠢᠭ᠋᠎ᠢᠶᠠᠨ ᠲᠣᠳᠣᠷᠬᠠᠢᠯᠠᠭᠠᠷᠠᠢ ᠃ ᠰᠠᠨᠠᠯ ᠬᠤᠷᠢᠶᠠᠬᠤ ᠴᠠᠭ ᠨᠢ 2025 ᠣᠨ᠎ᠤ 7 ᠰᠠᠷ᠎ᠠ᠎ᠶᠢᠨ 31᠎ᠦ ᠡᠳᠦᠷ ᠪᠤᠯᠳᠠᠯ᠎ᠠ ᠪᠣᠯᠣᠨ᠎ᠠ᠃

ᠬᠠᠷᠢᠯᠴᠠᠬᠤ ᠬᠥᠮᠥᠨ ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠣᠯᠠᠨ ᠤᠯᠤᠰ᠎ᠤᠨ ᠬᠠᠮᠲᠤᠷᠠᠯᠴᠠᠭᠠᠨ᠎ᠤ ᠭᠠᠵᠠᠷ  ᠰᠦᠨ ᠮᠧᠩ ᠵᠢᠶᠦ᠋ᠨ

ᠤᠲᠠᠰᠤ ᠄ 0471-4632300

ᠢᠮᠧᠯ ᠄ nmgydqhc@126.com

ᠳᠠᠭᠠᠯᠳᠤᠭᠤᠯᠤᠯ ᠮᠠᠲᠧᠷᠢᠶᠠᠯ ᠄ ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠤ ᠠᠵᠤ ᠠᠬᠤᠢᠯᠠᠯ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠮᠡᠳᠡᠭᠡ ᠵᠠᠩᠭᠢ᠎ᠶᠢ ᠰᠠᠢᠨ ᠳᠤᠷ᠎ᠠ᠎ᠠᠴᠠ᠎ᠪᠠᠨ ᠨᠡᠢᠲᠡᠯᠡᠬᠦ ᠠᠵᠢᠯ᠎ᠢ ᠬᠡᠷᠡᠭᠵᠢᠭᠦᠯᠬᠦ ᠲᠥᠰᠥᠯ

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                       2025 ᠣᠨ᠎ᠤ 7 ᠰᠠᠷ᠎ᠠ᠎ᠶᠢᠨ 21᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号