ᠨᠣᠭᠣᠭ᠋ᠠᠨ ᠥᠩᠭᠡ ᠪᠣᠯ ᠣᠷᠳᠣᠰ᠎ᠤᠨ ᠢᠯᠡ ᠲᠣᠳᠣ ᠳᠡᠪᠢᠰᠬᠡᠷ ᠥᠩᠭᠡ ᠮᠥᠨ᠂ ᠠᠮᠢ ᠠᠬᠤᠢ ᠪᠣᠯ ᠣᠷᠳᠣᠰ᠎ᠤᠨ ᠨᠢᠭᠤᠭᠳᠠᠮᠠᠯ ᠡᠳ᠋ ᠪᠠᠶᠠᠯᠢᠭ ᠮᠥᠨ᠃ ᠤᠯᠠᠨ ᠵᠢᠯ᠎ᠤᠨ ᠲᠤᠷᠰᠢ᠂ ᠣᠷᠳᠣᠰ ᠬᠤᠳᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠤ ᠵᠢᠯᠣᠭᠣᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠢ᠍ᠢ᠍ᠨ ᠰᠠᠢ᠌ᠬᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠵᠠᠮᠨᠠᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠡᠭᠦᠳᠦᠨ ᠪᠠᠢ᠌ᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃
ᠡᠯᠡᠰᠦᠨ ᠴᠦᠯ ᠨᠣᠭᠣᠭ᠋ᠠᠨ ᠪᠦᠷᠢᠳᠦ ᠪᠣᠯᠵᠤ ᠪᠦᠬᠦ ᠪᠥᠮᠪᠥᠷᠴᠡᠭ᠎ᠤᠨ ᠬᠡᠪ ᠳᠠᠭᠤᠷᠢᠶᠠᠯ᠎ᠢ ᠡᠭᠦᠳᠪᠡ
ᠣᠷᠳᠣᠰ ᠬᠣᠲᠠ ᠭᠠᠩ ᠬᠠᠭᠤᠷᠠᠢ ᠬᠠᠭ᠋ᠠᠰ ᠭᠠᠩ ᠬᠠᠭᠤᠷᠠᠢ᠂ ᠴᠦᠯᠡᠷᠭᠡᠭᠵᠢᠭᠰᠡᠨ ᠬᠠᠭ᠋ᠠᠰ ᠴᠦᠯᠡᠷᠭᠡᠭᠵᠢᠭᠰᠡᠨ ᠨᠤᠲᠤᠭ ᠪᠡᠯᠴᠢᠭᠡᠷ᠎ᠤᠨ ᠰᠢᠯᠵᠢᠯᠲᠡ ᠵᠢᠨ ᠪᠦᠰᠡ᠎ᠳᠤ ᠣᠷᠣᠰᠢᠵᠤ᠂ ᠵᠢᠯ᠎ᠤᠨ ᠪᠣᠷᠣᠭ᠋ᠠᠨ᠎ᠤ ᠬᠡᠮᠵᠢᠶ᠎ᠡ 400mm ᠬᠦᠷᠬᠦ ᠦᠭᠡᠢ᠂ 8.7 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠨᠤᠲᠤᠭ ᠳᠡᠪᠢᠰᠬᠡᠷ ᠳᠡᠭᠡᠷ᠎ᠡ ᠡᠯᠡᠰᠦ ᠮᠠᠩᠬ᠎ᠠ ᠡᠯᠡᠰᠦᠷᠬᠡᠭ ᠭᠠᠵᠠᠷ ᠪᠠ ᠭᠠᠩ ᠬᠠᠭᠤᠷᠠᠢ ᠳᠣᠪᠣᠷᠬᠠᠭ ᠭᠣᠣ ᠭᠠᠩᠭ᠎ᠠ ᠲᠤᠰ ᠲᠤᠰ 48% ᠵᠢ ᠡᠵᠡᠯᠡᠵᠦ᠂ ᠬᠡᠪᠡᠷᠡᠭ ᠪᠠᠭᠤᠷᠠᠢ ᠠᠮᠢ ᠠᠬᠤᠢ ᠵᠢᠨ ᠣᠷᠴᠢᠨ ᠲᠣᠭᠣᠷᠢᠨ᠎ᠳᠤ ᠬᠠᠨᠳᠤᠵᠤ᠂ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠎ᠪᠠᠷ ᠣᠷᠣᠰᠢᠨ ᠲᠣᠭᠲᠠᠨᠢᠬᠤ᠂ ᠬᠥᠭᠵᠢᠬᠦ ᠵᠢ ᠪᠣᠳᠣᠯᠬᠢᠯᠠᠭᠰᠠᠨ᠂ ᠴᠢᠨᠡᠭᠡᠯᠢᠭᠵᠢᠬᠦ ᠵᠢ ᠪᠣᠳᠣᠯᠬᠢᠯᠠᠭᠰᠠᠨ ᠦᠨᠳᠦᠰᠦᠨ ᠶᠡᠬᠡ ᠪᠣᠳᠣᠯᠭ᠎ᠠ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠦᠲᠦᠭᠡᠨ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠬᠦ᠂ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠰᠤᠷᠪᠤᠯᠵᠢ ᠵᠢ ᠵᠠᠰᠠᠬᠤ ᠵᠡᠷᠭᠡ ᠠᠮᠢ ᠠᠬᠤᠢ ᠵᠢᠨ ᠢᠨᠵᠧᠨᠧᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠥᠪᠴᠢ ᠵᠢᠨ ᠡᠯᠡᠰᠦ ᠪᠠ ᠮᠤᠤᠠᠤᠰᠤ ᠡᠯᠡᠰᠦᠷᠬᠡᠭ ᠭᠠᠵᠠᠷ᠎ᠲᠤ ᠭᠤᠷᠪᠠᠨ ᠤᠮᠠᠷᠠᠲᠤ ᠵᠢᠨ ᠬᠠᠯᠬᠠᠪᠴᠢ ᠤᠢ᠂ ᠬᠥᠷᠥᠰᠥ ᠰᠢᠷᠣᠢ ᠵᠢ ᠬᠠᠮᠠᠭ᠋ᠠᠯᠠᠬᠤ ᠵᠡᠷᠭᠡ ᠳᠦᠷᠦᠯ ᠵᠦᠢ᠍ᠯ᠎ᠢ ᠭᠣᠣᠯᠳᠠᠯᠭ᠎ᠠ᠎ᠲᠠᠢ᠎ᠪᠠᠷ ᠥᠷᠨᠢᠭᠦᠯᠵᠦ᠂ ᠤᠯᠤᠰ ᠪᠠ ᠣᠷᠣᠨ ᠨᠤᠲᠤᠭ᠎ᠤᠨ ᠡᠯ᠎ᠡ ᠳᠦᠷᠦᠯ᠎ᠤᠨ ᠢᠨᠵᠧᠨᠧᠷᠢᠩ᠎ᠢ ᠤᠯᠠᠨ ᠡᠭᠡᠯᠵᠢ᠎ᠪᠠᠷ ᠬᠡᠷᠡᠭᠵᠢᠭᠦᠯᠵᠦ ᠡᠯᠡᠰᠦᠷᠬᠡᠭ ᠣᠷᠣᠨ᠎ᠢ ᠵᠠᠰᠠᠵᠤ ᠠᠮᠢ ᠠᠬᠤᠢ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠪᠤᠢ ᠪᠣᠯᠭ᠋ᠠᠪᠠ᠃ ᠣᠳᠣᠬᠠᠨ᠎ᠳᠤ᠂ ᠮᠤᠤᠠᠤᠰᠤ ᠵᠢᠨ ᠡᠯᠡᠰᠦᠷᠬᠡᠭ ᠭᠠᠵᠠᠷ ᠪᠣᠯᠣᠨ ᠬᠥᠪᠴᠢ ᠵᠢᠨ ᠡᠯᠡᠰᠦ ᠵᠢ ᠵᠠᠰᠠᠭᠰᠠᠨ ᠨᠤᠷᠮ᠎ᠠ 70% ᠪᠠ 25%᠎ᠲᠤ ᠬᠦᠷᠴᠦ᠂ ᠡᠯᠡᠰᠦ ᠮᠠᠩᠬ᠎ᠠ ᠡᠯᠡᠰᠦᠷᠬᠡᠭ ᠭᠠᠵᠠᠷ᠂ ᠳᠣᠪᠣᠷᠬᠠᠭ ᠭᠤᠤ ᠭᠠᠩᠭᠠᠳᠤ ᠨᠣᠭᠣᠭ᠋ᠠᠨ ᠬᠦᠷᠮ᠎ᠡ ᠡᠮᠦᠰᠬᠡᠵᠦ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠰᠠᠢ᠌ᠵᠢᠷᠠᠭᠰᠠᠨ᠂ ᠠᠮᠢ ᠠᠬᠤᠢ ᠰᠡᠷᠭᠦᠭᠰᠡᠨ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠤᠯᠠᠨ ᠲᠠᠯ᠎ᠠ ᠵᠢᠨ ᠠᠰᠢᠭ ᠲᠤᠰᠠᠲᠠᠢ ᠪᠠᠶ᠋ᠢᠳᠠᠯ᠎ᠢ ᠪᠤᠢ ᠪᠣᠯᠭ᠋ᠠᠭᠰᠠᠨ ᠪᠠᠢ᠌ᠨ᠎ᠠ᠃ ᠬᠥᠪᠴᠢ ᠵᠢᠨ ᠡᠯᠡᠰᠦᠨ᠎ᠤ ᠠᠮᠢ ᠠᠬᠤᠢ ᠵᠢᠨ ᠵᠠᠰᠠᠯᠲᠠ ᠵᠢᠨ ᠣᠷᠣᠨ᠎ᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠠᠴᠠ ᠪᠦᠬᠦ ᠪᠥᠮᠪᠥᠷᠴᠡᠭ᠎ᠤᠨ ᠠᠩᠬᠠᠳᠠᠭᠴᠢ ᠠᠮᠢ ᠠᠬᠤᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠣᠷᠣᠨ ᠵᠶ᠋ᠠᠷ ᠲᠣᠭᠲᠠᠭ᠋ᠠᠵᠤ᠂ ᠳᠡᠯᠡᠬᠡᠢ ᠳ᠋ᠠᠬᠢᠨ᠎ᠳᠤ ᠴᠦᠯᠯᠡᠷᠬᠡᠭᠵᠢᠯ᠎ᠢ ᠵᠠᠰᠠᠬᠤ ᠳᠤᠮᠳᠠᠳᠤ ᠤᠯᠤᠰ᠎ᠤᠨ ᠬᠡᠪ ᠵᠠᠭᠪᠤᠷ᠎ᠢ ᠬᠠᠩᠭ᠋ᠠᠵᠠᠢ᠃ ᠬᠥᠪᠴᠢ ᠵᠢᠨ ᠡᠯᠡᠰᠦᠨ ᠴᠦᠯ᠎ᠤᠨ ᠶᠠᠷᠢᠶᠠᠨ᠎ᠤ ᠲᠠᠪᠴᠠᠩ᠎ᠨᠢ ᠨᠢᠭᠡᠨᠲᠡ ᠴᠦᠯᠯᠡᠷᠬᠡᠭᠵᠢᠯ᠎ᠢ ᠰᠡᠷᠭᠡᠢ᠌ᠯᠡᠨ ᠵᠠᠰᠠᠬᠤ ᠪᠠ ᠪᠣᠬᠢᠷᠲᠤᠯ ᠦᠭᠡᠢ ᠠᠵᠤ ᠠᠬᠤᠢ ᠵᠢᠨ ᠬᠥᠭᠵᠢᠯᠲᠡ ᠵᠢᠨ ᠬᠦᠷᠢᠶᠡᠨ᠎ᠳᠠᠬᠢ ᠤᠯᠠᠨ ᠤᠯᠤᠰ᠎ᠤᠨ ᠲᠡᠷᠢᠭᠦᠨ ᠲᠡᠰ᠎ᠤᠨ ᠶᠠᠷᠢᠶᠠᠨ᠎ᠤ ᠲᠠᠪᠴᠠᠩ ᠪᠣᠯᠵᠤ᠂ ᠶᠡᠷᠦᠩᠬᠡᠢ ᠱᠦᠵᠢ ᠰᠢ ᠵᠢᠨ ᠫᠢᠩ ᠭᠤᠷᠪᠠ ᠤᠳᠠᠭ᠎ᠠ ᠶᠠᠷᠢᠶᠠᠨ᠎ᠤ ᠲᠠᠪᠴᠠᠩ᠎ᠳᠤ ᠪᠠᠶᠠᠷ᠎ᠤᠨ ᠦᠭᠡ ᠬᠡᠯᠡᠵᠦ᠂ ᠣᠷᠳᠣᠰ᠎ᠤᠨ ᠡᠯᠡᠰᠦ ᠵᠢ ᠵᠠᠰᠠᠭᠰᠠᠨ ᠠᠮᠵᠢᠯᠲᠠ ᠵᠢ ᠭᠦᠢ᠍ᠴᠡᠳ ᠨᠤᠲᠠᠯᠠᠪᠠ᠃ 2020 ᠣᠨ᠎ᠳᠤ ᠶᠡᠷᠦᠩᠬᠡᠢ ᠱᠦᠵᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄《ᠥᠪᠥᠷ ᠮᠣᠩᠭᠣᠯ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠥᠷᠨᠢᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠠᠯᠬᠤᠮ᠎ᠢ ᠠᠯᠬᠤᠵᠠᠢ᠃ ᠥᠪᠥᠷ ᠮᠣᠩᠭᠣᠯ᠎ᠤᠨ ᠺᠠᠳ᠋ᠷ ᠤᠯᠠᠨ ᠲᠦᠮᠡᠨ 60 ᠭᠠᠷᠤᠢ ᠵᠢᠯ᠎ᠤᠨ ᠲᠤᠷᠰᠢ ᠮᠤᠤᠠᠤᠰᠤ ᠵᠢᠨ ᠡᠯᠡᠰᠦᠷᠬᠡᠭ ᠭᠠᠵᠠᠷ᠎ᠢ ᠴᠥᠬᠥᠷᠡᠰᠢ ᠦᠭᠡᠢ ᠵᠠᠰᠠᠵᠤ᠂ ᠣᠲᠣ ᠵᠢᠨ ᠵᠠᠰᠠᠭᠰᠠᠨ ᠨᠤᠷᠮ᠎ᠠ 70%᠎ᠳᠤ ᠬᠦᠷᠴᠦ᠂ ᠠᠮᠢ ᠠᠬᠤᠢ ᠪᠦᠬᠦᠯᠢ ᠴᠣᠭᠴᠠ᠎ᠪᠠᠷ ᠵᠶ᠋ᠠᠨ ᠰᠠᠢ᠌ᠵᠢᠷᠠᠬᠤ ᠬᠠᠨᠳᠤᠰᠢ᠎ᠲᠠᠢ ᠪᠣᠯᠪᠠ᠂ ᠡᠨᠡ ᠪᠣᠯ ᠠᠮᠠᠷ ᠦᠭᠡᠢ ᠠᠮᠵᠢᠯᠲᠠ ᠪᠣᠯᠣᠨ᠎ᠠ!》 ᠭᠡᠵᠦ ᠬᠡᠯᠡᠪᠡ᠃
ᠬᠥᠷᠥᠰᠥ ᠰᠢᠷᠣᠢ ᠵᠢᠨ ᠢᠳᠡᠭᠳᠡᠯ᠎ᠢ ᠵᠠᠰᠠᠵᠤ ᠳᠤᠮᠳᠠᠳᠤ ᠤᠯᠤᠰ᠎ᠤᠨ ᠬᠡᠪ ᠳᠠᠭᠤᠷᠢᠶᠠᠯ᠎ᠢ ᠪᠤᠢ ᠪᠣᠯᠭ᠋ᠠᠪᠠ
ᠣᠷᠳᠣᠰ ᠬᠣᠲᠠ ᠪᠣᠯ ᠬᠠᠲᠤᠨ ᠭᠣᠣᠯ᠎ᠤᠨ ᠳᠡᠭᠡᠳᠦ ᠳᠤᠮᠳᠠᠳᠤ ᠤᠷᠤᠰᠬᠠᠯ᠎ᠤᠨ ᠰᠢᠷ᠎ᠠ ᠬᠥᠷᠥᠰᠥᠲᠦ ᠥᠨᠳᠥᠷᠯᠢᠭ᠎ᠲᠤ ᠪᠠᠢ᠌ᠷᠢᠯᠠᠵᠤ᠂ ᠠᠭᠤᠷ ᠠᠮᠢᠰᠬᠤᠯ ᠭᠠᠩ ᠬᠠᠭᠤᠷᠠᠢ᠂ ᠤᠷᠭᠤᠮᠠᠯ᠎ᠤᠨ ᠬᠤᠴᠢᠯᠭ᠎ᠠ ᠰᠡᠢ᠌ᠷᠡᠭ᠂ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ ᠵᠶ᠋ᠡᠷ ᠬᠠᠮᠤᠭ᠎ᠤᠨ ᠬᠦᠨᠳᠦ ᠨᠣᠴᠢᠲᠠᠢ ᠭᠠᠵᠠᠷ ᠣᠷᠣᠨ᠎ᠤ ᠨᠢᠭᠡ ᠪᠣᠯᠬᠤ ᠪᠥᠭᠡᠳ ᠪᠠᠰᠠ ᠴᠤ᠌ ᠤᠯᠤᠰ᠎ᠤᠨ ᠲᠠᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠭᠣᠣᠯᠳᠠᠯᠭ᠎ᠠ᠎ᠲᠠᠢ ᠵᠠᠰᠠᠬᠤ ᠭᠠᠵᠠᠷ ᠣᠷᠣᠨ ᠪᠣᠯᠣᠨ᠎ᠠ᠃ ᠣᠢ᠌ᠷ᠎ᠠ ᠵᠢᠨ ᠵᠢᠯ᠎ᠠᠴᠠ᠂ ᠣᠷᠳᠣᠰ ᠬᠤᠳᠠ ᠵᠢᠨ᠎ᠬᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠢᠮᠠᠭᠲᠠ ᠳᠡᠢ᠌ᠯᠦᠩᠭᠦᠢ ᠪᠠᠶ᠋ᠢᠷᠢᠨ᠎ᠳᠤ ᠲᠠᠯᠪᠢᠵᠤ᠂ 《ᠠᠷᠪᠠᠨ ᠶᠡᠬᠡ ᠭᠤᠯᠳᠤᠩ》᠎ᠤᠨ ᠶᠡᠷᠦᠩᠬᠡᠢ᠌ᠯᠡᠭᠰᠡᠨ ᠵᠠᠰᠠᠯᠲᠠ ᠵᠢ ᠭᠦᠨᠵᠡᠭᠡᠢ ᠠᠬᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠬᠣᠰᠢᠭᠤᠴᠢ ᠣᠷᠣᠨ᠎ᠢ ᠪᠦᠲᠦᠭᠡᠨ ᠪᠠᠢ᠌ᠭᠤᠯᠬᠤ 《ᠠᠷᠪᠠᠨ ᠶᠡᠬᠡ ᠠᠵᠢᠯᠯᠠᠭ᠎ᠠ》 ᠵᠢ ᠥᠷᠨᠢᠭᠦᠯᠵᠡᠢ᠃ ᠬᠠᠲᠤᠨ ᠭᠣᠣᠯ᠎ᠤᠨ ᠳᠡᠭᠡᠳᠦ ᠳᠤᠮᠳᠠ ᠤᠷᠤᠰᠬᠠᠯ᠎ᠤᠨ ᠭᠤᠤ ᠭᠠᠩᠭ᠎ᠠ ᠵᠢ ᠵᠠᠰᠠᠬᠤ ᠭᠣᠣᠯᠯᠠᠭᠴᠢ ᠢᠨᠵᠧᠨᠧᠷᠢᠩ᠂ ᠡᠯᠡᠰᠦᠨ ᠴᠢᠯᠠᠭᠤᠯᠢᠭ᠎ᠤᠨ ᠴᠢᠴᠠᠷᠭ᠋ᠠᠨ᠎ᠠ ᠵᠢᠨ ᠠᠮᠢ ᠠᠬᠤᠢ ᠵᠢᠨ ᠡᠯᠡᠰᠦ ᠵᠢ ᠪᠠᠭ᠋ᠠᠰᠬᠠᠬᠤ ᠢᠨᠵᠧᠨᠧᠷᠢᠩ᠂ ᠰᠢᠷ᠎ᠠ ᠬᠥᠷᠥᠰᠥᠲᠦ ᠥᠨᠳᠥᠷᠯᠢᠭ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠨᠦᠯᠦᠮᠡᠯ ᠭᠠᠵᠠᠷ᠎ᠤᠨ ᠬᠠᠰᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ ᠵᠡᠷᠭᠡ ᠵᠢ ᠪᠠᠢ᠌ᠷᠢᠯᠠᠭᠤᠯᠤᠨ ᠬᠡᠷᠡᠭᠵᠢᠭᠦᠯᠪᠡ᠃ ᠠᠶᠠᠨᠳᠠᠭ᠋ᠠᠨ ᠰᠡᠷᠭᠦᠭᠡᠬᠦ + ᠬᠥᠮᠥᠨ᠎ᠤ ᠬᠦᠴᠦ᠎ᠪᠠᠷ ᠵᠠᠰᠠᠬᠤ᠂ ᠢᠨᠵᠧᠨᠧᠷᠢᠩ᠎ᠤᠨ ᠠᠷᠭ᠎ᠠ ᠬᠡᠮᠵᠢᠶ᠎ᠡ + ᠠᠮᠢᠳᠤ ᠪᠣᠳᠠᠰ᠎ᠤᠨ ᠠᠷᠭ᠎ᠠ ᠬᠡᠮᠵᠢᠶ᠎ᠡ᠂ ᠵᠠᠰᠠᠵᠤ ᠬᠠᠮᠠᠭ᠋ᠠᠯᠠᠬᠤ + ᠨᠡᠭᠡᠭᠡᠨ ᠠᠰᠢᠭᠯᠠᠬᠤ ᠵᠢ ᠤᠶᠠᠯᠳᠤᠭᠤᠯᠤᠭᠰᠠᠨ ᠵᠠᠭᠪᠤᠷ᠎ᠢ ᠠᠪᠴᠤ᠂ ᠬᠥᠷᠥᠰᠥ ᠰᠢᠷᠣᠢ ᠵᠢᠨ ᠢᠳᠡᠭᠳᠡᠯ ᠶᠡᠬᠡᠲᠡᠢ ᠭᠠᠵᠠᠷ᠎ᠢ ᠢᠳᠡᠭᠳᠡᠯ ᠵᠶ᠋ᠡᠷ ᠪᠠᠭ᠎ᠠ ᠭᠠᠵᠠᠷ ᠪᠣᠯᠭ᠋ᠠᠨ ᠬᠤᠪᠢᠷᠠᠭᠤᠯᠵᠤ᠂ ᠬᠥᠷᠥᠰᠥ ᠰᠢᠷᠣᠢ ᠵᠢᠨ ᠢᠳᠡᠭᠳᠡᠯ᠎ᠤᠨ ᠲᠠᠯᠠᠪᠠᠢ ᠪᠣᠯᠣᠨ ᠢᠳᠡᠭᠳᠡᠯ᠎ᠤᠨ ᠡᠷᠴᠢᠮ᠎ᠤᠨ ᠬᠣᠣᠰ ᠪᠠᠭᠤᠷᠠᠯᠲᠠ ᠵᠢ ᠪᠡᠶᠡᠯᠡᠭᠦᠯᠵᠦ᠂ 《ᠠᠷᠪᠠᠨ ᠶᠡᠬᠡ ᠭᠤᠯᠳᠤᠩ》᠎ᠤᠨ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ᠎ᠨᠢ ᠪᠦᠬᠦ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ ᠬᠡᠪ ᠳᠠᠭᠤᠷᠢᠶᠠᠯ ᠪᠣᠯᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠤᠪᠢ ᠨᠡᠮᠡᠷᠢ ᠦᠵᠡᠭᠦᠯᠪᠡ᠃ 2021 ᠣᠨ᠎ᠤ ᠡᠴᠦᠰ ᠪᠣᠯᠲᠠᠯ᠎ᠠ᠂ ᠪᠥᠬᠥ ᠬᠣᠲᠠ ᠵᠢᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ ᠨᠠᠢ᠌ᠳᠠ 3.58 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠢ᠌ᠵᠤ᠂ ᠬᠥᠷᠥᠰᠥ ᠰᠢᠷᠣᠢ ᠵᠢᠨ ᠢᠳᠡᠭᠳᠡᠯ᠎ᠤᠨ ᠲᠠᠯᠠᠪᠠᠶ 1995 ᠣᠨ᠎ᠳᠤ 71159 ᠲᠡᠭᠰᠢ ᠳᠥᠷᠪᠡᠯᠵᠢᠨ ᠺᠢᠯᠣᠮᠧᠲᠷ ᠪᠠᠢ᠌ᠭᠰᠠᠨ᠎ᠠᠴᠠ᠎ᠪᠠᠨ 2021 ᠣᠨ᠎ᠳᠤ 33818 ᠲᠡᠭᠰᠢ ᠳᠥᠷᠪᠡᠯᠵᠢᠨ ᠺᠢᠯᠣᠮᠧᠲᠷ ᠪᠣᠯᠣᠨ ᠪᠠᠭᠤᠷᠠᠵᠤ᠂ 52.5%᠎ᠪᠠᠷ ᠪᠠᠭ᠋ᠠᠰᠤᠭᠰᠠᠨ ᠪᠠᠢ᠌ᠨ᠎ᠠ᠃ 2022 ᠣᠨ᠎ᠤ ᠳᠣᠣᠷ᠎ᠠ ᠬᠠᠭ᠋ᠠᠰ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠣᠷᠳᠣᠰ ᠬᠣᠲᠠ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠭᠰᠠᠨ ᠦᠷ᠎ᠡ ᠳ᠋ᠦᠩ᠎ᠨᠢ ᠪᠥᠬᠥ ᠥᠪᠡᠷᠲᠡᠭᠡᠨ ᠵᠠᠰᠠᠬᠤ ᠣᠷᠣᠨ᠎ᠳᠤ ᠲᠡᠷᠢᠭᠦᠨ᠎ᠳᠤ ᠵᠢᠭᠰᠠᠭ᠋ᠠᠭᠳᠠᠪᠠ᠃
ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠵᠤ ᠠᠮᠢ ᠠᠬᠤᠢ ᠵᠢᠨ ᠤᠤᠯ ᠪᠠᠢ᠌ᠳᠠᠯ᠎ᠢ ᠬᠠᠮᠠᠭ᠋ᠠᠯᠠᠪᠠ
ᠣᠷᠳᠣᠰ ᠬᠤᠳᠠ ᠵᠢᠨ᠎ᠬᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠠᠬᠢᠭᠤᠯᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠡᠷᠭᠡ ᠭᠤᠷᠪᠠᠨ ᠶᠡᠬᠡ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠳᠤ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠲᠡᠢ 《ᠠᠮᠢ ᠠᠬᠤᠢ ᠵᠢᠨ ᠬᠥᠳᠡᠯᠭᠡᠬᠦ ᠬᠦᠴᠦᠨ》 ᠨᠡᠮᠡᠷᠢᠯᠡᠵᠦ᠂ ᠣᠷᠳᠣᠰ᠎ᠤᠨ ᠠᠮᠢ ᠠᠬᠤᠢ ᠵᠢᠨ ᠳᠡᠪᠢᠰᠬᠡᠷ ᠥᠩᠭᠡ ᠵᠢ ᠬᠠᠮᠠᠭ᠋ᠠᠯᠠᠪᠠ᠃
ᠬᠡᠷᠡᠭᠵᠢᠭᠦᠯᠬᠦ ᠲᠥᠰᠥᠯ ᠵᠶ᠋ᠡᠷ ᠶᠡᠷᠦᠩᠬᠡᠢ ᠬᠥᠲᠥᠯᠪᠦᠷᠢ ᠪᠣᠯᠭ᠋ᠠᠭᠰᠠᠨ᠂ ᠡᠭᠦᠷᠭᠡ ᠵᠢᠨ ᠨᠠᠷᠢᠨ ᠲᠠᠩᠰᠠ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠭᠰᠠᠨ᠂ ᠬᠡᠮᠵᠢᠶᠡᠯᠡᠭᠰᠡᠨ ᠬᠢᠨᠠᠨ ᠰᠢᠯᠭ᠋ᠠᠯᠲᠠ᠎ᠪᠠᠷ ᠱᠠᠩᠨᠠᠵᠤ ᠲᠣᠷᠭ᠋ᠠᠬᠤ ᠵᠢ ᠲᠣᠳᠣᠷᠬᠠᠢ᠌ᠯᠠᠭᠰᠠᠨ᠂ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠳᠦᠷᠢᠮ᠎ᠠᠴᠠ ᠵᠥᠷᠢᠴᠡᠬᠦ》 ᠵᠢ ᠴᠢᠩᠭ᠎ᠠ ᠬᠢᠵᠠᠭ᠋ᠠᠷᠯᠠᠭᠰᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠳᠤ ᠲᠤᠯᠭ᠋ᠠᠭᠤᠷᠢᠯᠠᠭᠰᠠᠨ᠂ ᠳᠦᠷᠢᠮ ᠲᠣᠭᠲᠠᠭ᠋ᠠᠯ ᠵᠶ᠋ᠠᠷ ᠬᠣᠷᠢᠭ᠎ᠠ ᠱᠤᠭᠤᠮ᠎ᠢ ᠪᠠᠲᠤᠯᠠᠭᠰᠠᠨ 《ᠵᠢᠷᠭᠤᠭ᠋ᠠᠨ ᠵᠦᠢ᠍ᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ》 ᠵᠢ ᠪᠠᠢ᠌ᠭᠤᠯᠪᠠ᠃ ᠵᠢᠯ ᠪᠦᠷᠢ 1000 ᠭᠠᠷᠤᠢ ᠵᠦᠢ᠍ᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠳᠤ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠬᠤ ᠵᠢ ᠠᠬᠢᠭᠤᠯᠪᠠ᠃ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠠᠯ᠎ᠠ᠎ᠪᠠᠷ᠂ ᠤᠯᠠᠮᠵᠢᠯᠠᠯᠲᠤ ᠪᠣᠬᠢᠷᠲᠤᠯ ᠶᠡᠬᠡ᠂ ᠡᠨᠧᠷᠭᠢ ᠵᠢᠨ ᠬᠣᠷᠣᠭᠳᠠᠯ ᠶᠡᠬᠡ᠂ ᠡᠬᠢ ᠪᠠᠶᠠᠯᠢᠭ᠎ᠤᠨ ᠬᠣᠷᠣᠭᠳᠠᠯ ᠶᠡᠬᠡ ᠠᠵᠤ ᠦᠢ᠍ᠯᠡᠰ᠎ᠠᠴᠠ ᠭᠠᠷᠳᠠᠵᠤ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠰᠠᠢ᠌ᠵᠢᠷᠠᠯᠲᠠ ᠵᠢ ᠦᠨᠳᠦᠰᠦᠨ᠎ᠠᠴᠠ᠎ᠨᠢ ᠠᠬᠢᠭᠤᠯᠵᠤ᠂ 2022 ᠣᠨ᠎ᠳᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠢᠨᠵᠧᠨᠧᠷᠢᠩ᠎ᠢ 83 ᠬᠡᠷᠡᠭᠵᠢᠭᠦᠯᠵᠦ᠂ 82 ᠵᠦᠢ᠍ᠯ᠎ᠢ᠎ᠨᠢ ᠳᠠᠭᠤᠰᠬᠠᠪᠠ᠃ 2022 ᠣᠨ᠎ᠳᠤ ᠡᠯᠡᠰᠦ ᠲᠣᠭᠣᠰᠣᠲᠤ ᠴᠠᠭ ᠠᠭᠤᠷ᠎ᠢ ᠭᠠᠷᠭ᠋ᠠᠭᠰᠠᠨ᠎ᠤ ᠳᠠᠷᠠᠭ᠋ᠠᠬᠢ ᠰᠢᠯᠢᠳᠡᠭ ᠡᠳᠦᠷ᠎ᠤᠨ ᠲᠣᠭ᠎ᠠ ᠵᠢᠨ ᠬᠠᠷᠢᠴᠠᠯ᠎ᠨᠢ 93.4% ᠪᠣᠯᠣᠨ᠎ᠠ᠃ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠳᠠᠬᠢ ᠨᠠᠷᠢᠨ ᠮᠥᠬᠥᠯᠢᠭᠲᠦ ᠪᠣᠳᠠᠰ (PM2.5)᠎ᠤᠨ ᠳᠤᠮᠳᠠᠴᠢ ᠥᠳᠬᠡᠴᠡ᠎ᠨᠢ 20+g/m᠂ ᠠᠮᠢᠰᠬᠤᠵᠤ ᠣᠷᠣᠭᠤᠯᠵᠤ ᠪᠣᠯᠬᠤ ᠮᠥᠬᠥᠯᠢᠭᠲᠦ ᠪᠣᠳᠠᠰ (PM10)᠎ᠤᠨ ᠳᠤᠮᠳᠠᠴᠢ ᠥᠳᠬᠡᠴᠡ᠎ᠨᠢ 51+g/m᠂ ᠬᠦᠬᠦᠷ᠎ᠤᠨ ᠳᠠᠪᠬᠤᠷ ᠢᠰᠦᠯ (SO2)᠎ᠤᠨ ᠳᠤᠮᠳᠠᠴᠢ ᠥᠳᠬᠡᠴᠡ᠎ᠨᠢ 10+g/m᠂ ᠠᠽᠣᠲ᠎ᠤᠨ ᠳᠠᠪᠬᠤᠷ ᠢᠰᠦᠯ (NO2)᠎ᠤᠨ ᠳᠤᠮᠳᠠᠴᠢ ᠥᠳᠬᠡᠴᠡ᠎ᠨᠢ 23+g/m᠂ ᠣᠽᠣᠨ (O3-8h)᠎ᠤ ᠥᠳᠬᠡᠴᠡ᠎ᠨᠢ 148+g/m᠂ ᠨᠠᠭᠦᠷᠡᠰᠦᠲᠦ᠋ᠷᠦᠭᠴᠢ ᠵᠢᠨ ᠳᠠᠩ ᠢᠰᠦᠯ (CO)᠎ᠤᠨ ᠥᠳᠬᠡᠴᠡ᠎ᠨᠢ 0.9+g/m᠂ 6 ᠵᠦᠢ᠍ᠯ᠎ᠤᠨ ᠪᠣᠬᠢᠷᠲᠤᠯ ᠪᠣᠳᠠᠰ ᠪᠦᠬᠦᠨ ᠵᠶ᠋ᠡᠷ ᠵᠶ᠋ᠡᠨ ᠪᠠᠷᠢᠮᠵᠢᠶ᠎ᠠ᠎ᠳᠤ ᠬᠦᠷᠴᠦ᠂ ᠠᠭ᠋ᠠᠷ᠎ᠤᠨ ᠶᠠᠰᠤ ᠴᠢᠨᠠᠷ ᠶᠡᠷᠦᠩᠬᠡᠢ᠎ᠳᠡᠭᠡᠨ ᠰᠠᠶ᠋ᠢᠨ ᠪᠣᠯᠪᠠ᠃ ᠬᠥᠬᠡᠮᠳᠦᠭ ᠤᠰᠤᠨ᠎ᠤ ᠬᠠᠮᠠᠭ᠋ᠠᠯᠠᠯᠲᠠ ᠵᠢᠨ ᠲᠡᠢ᠌ᠨ᠎ᠢ ᠰᠠᠶ᠋ᠢᠲᠤᠷ ᠬᠢᠬᠦ ᠲᠠᠯ᠎ᠠ᠎ᠪᠠᠷ᠂ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ ᠵᠢ ᠬᠡᠷᠡᠭᠵᠢᠭᠦᠯᠵᠦ ᠬᠣᠲᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠭᠰᠡᠨ ᠨᠣᠷᠮ᠎ᠠ 98.2% ᠬᠦᠷᠴᠦ᠂ ᠠᠵᠤ ᠦᠢ᠍ᠯᠡᠳᠪᠦᠷᠢ ᠵᠢᠨ ᠪᠣᠬᠢᠷ ᠤᠰᠤ ᠵᠢ ᠪᠦᠬᠦᠨ᠎ᠢ ᠴᠤᠭᠯᠠᠭᠤᠯᠵᠤ᠂ ᠪᠦᠬᠦᠨ᠎ᠢ ᠰᠢᠢ᠍ᠳᠪᠦᠷᠢᠯᠡᠬᠦ ᠵᠢ ᠪᠡᠶᠡᠯᠡᠭᠦᠯᠵᠦ᠂ ᠬᠣᠲᠠ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ ᠳᠣᠣᠷᠠᠬᠢ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠵᠢ 100%᠎ᠳᠤ ᠬᠦᠷᠦᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠬᠢᠨᠠᠭᠰᠠᠨ ᠰᠠᠪᠠ ᠭᠠᠵᠠᠷ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠨᠣᠷᠮ᠎ᠠ ᠵᠢ 85.7%᠎ᠳᠤ ᠬᠦᠷᠦᠭᠦᠯᠵᠦ᠂ ᠤᠯᠠᠭ᠋ᠠᠨᠮᠦ᠌ᠷᠡᠨ ᠭᠣᠣᠯ᠎ᠤᠨ ᠤᠰᠤᠨ᠎ᠤ ᠴᠢᠨᠠᠷ᠎ᠢ III ᠲᠥᠷᠥᠯ᠎ᠳᠤ ᠬᠦᠷᠲᠡᠯ᠎ᠡ ᠳᠡᠭᠡᠭᠰᠢᠯᠡᠭᠦᠯᠵᠦ᠂ ᠬᠢᠯᠢ ᠵᠢᠨ ᠳᠣᠲᠣᠷᠠᠬᠢ ᠬᠢᠨᠠᠨ ᠡᠵᠡᠮᠳᠡᠬᠦ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠪᠦᠬᠦᠨ᠎ᠢ ᠰᠢᠯᠭ᠋ᠠᠨ ᠬᠢᠨᠠᠬᠤ ᠬᠠᠷᠠᠯᠲᠠ ᠵᠢᠨ ᠱᠠᠭ᠋ᠠᠷᠳᠠᠯᠭ᠎ᠠ᠎ᠳᠤ ᠬᠦᠷᠦᠭᠦᠯᠵᠦ᠂ 2021 ᠣᠨ᠎ᠳᠤ ᠪᠥᠬᠥ ᠬᠣᠲᠠ ᠵᠢᠨ ᠰᠠᠪᠠ ᠭᠠᠵᠠᠷ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠳᠡᠭᠡᠭᠰᠢᠯᠡᠯᠲᠡ ᠵᠢ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠳᠦᠷᠦᠯ᠎ᠤᠨ ᠥᠨᠳᠥᠷ ᠳᠠᠪᠤᠰᠤᠲᠤ ᠤᠰᠤ ᠵᠢ ᠭᠦᠨᠵᠡᠭᠡᠢ ᠰᠢᠢ᠍ᠳᠪᠦᠷᠢᠯᠡᠵᠦ ᠶᠡᠷᠦᠩᠬᠡᠢ᠌ᠯᠡᠨ ᠠᠰᠢᠭᠯᠠᠬᠤ ᠠᠷᠭ᠎ᠠ ᠵᠠᠮ᠎ᠢ ᠰᠦᠪᠡᠭᠴᠢᠯᠡᠵᠦ᠂ ᠪᠦᠬᠦ ᠤᠯᠤᠰ᠎ᠤᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠨ᠎ᠳᠤ ᠡᠩ ᠲᠡᠷᠢᠭᠦᠨ᠎ᠳᠤ ᠥᠨᠳᠥᠷ ᠳᠠᠪᠤᠰᠤᠲᠤ ᠤᠰᠤ ᠵᠢ 《ᠦᠯᠦ ᠭᠠᠳᠠᠭᠰᠢᠯᠠᠭᠤᠯᠬᠤ》 ᠵᠢ ᠪᠡᠶᠡᠯᠡᠭᠦᠯᠵᠦ᠂ ᠡᠭᠦᠨ᠎ᠤ ᠤᠯᠠᠮ᠎ᠠᠴᠠ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ᠂ ᠠᠮᠢᠳᠤᠷᠠᠯ᠎ᠤᠨ ᠪᠣᠬᠢᠷ ᠤᠰᠤ ᠵᠢ 《ᠦᠯᠦ ᠭᠠᠳᠠᠭᠰᠢᠯᠠᠭᠤᠯᠬᠤ》ᠬᠠᠷᠠᠯᠲᠠ ᠵᠢ ᠪᠡᠶᠡᠯᠡᠭᠦᠯᠵᠡᠢ᠃ ᠴᠡᠪᠡᠷ ᠬᠥᠷᠥᠰᠥ ᠵᠢ ᠬᠠᠮᠠᠭ᠋ᠠᠯᠠᠬᠤ ᠲᠡᠢ᠌ᠨ᠎ᠢ ᠭᠦᠨᠵᠡᠭᠡᠢ ᠰᠠᠶ᠋ᠢᠲᠤᠷ ᠬᠢᠬᠦ ᠲᠠᠯ᠎ᠠ᠎ᠪᠠᠷ᠂ ᠪᠥᠬᠥ ᠬᠣᠲᠠ ᠵᠢᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠥᠷᠥᠯ ᠢᠯᠭ᠋ᠠᠯ᠎ᠢ ᠬᠤᠪᠢᠶᠠᠷᠢᠯᠠᠬᠤ ᠠᠵᠢᠯ᠎ᠢ ᠪᠡᠶᠡᠯᠡᠭᠦᠯᠵᠦ᠂ ᠣᠷᠳᠣᠰ ᠬᠣᠲᠠ ᠵᠢᠨ 620 ᠲᠦᠮᠡᠨ ᠮᠦ᠍ ᠲᠠᠷᠢᠶᠠᠨ ᠭᠠᠵᠠᠷ᠎ᠢ ᠴᠥᠮ ᠤᠷᠢᠳᠠᠪᠠᠷ ᠬᠠᠮᠠᠭ᠋ᠠᠯᠠᠬᠤ ᠲᠥᠷᠥᠯ ᠪᠣᠯᠭ᠋ᠠᠵᠤ᠂ ᠪᠣᠬᠢᠷᠲᠤᠭᠰᠠᠨ ᠭᠠᠵᠠᠷ ᠪᠠ ᠪᠣᠬᠢᠷᠲᠤᠭᠰᠠᠨ ᠭᠠᠵᠠᠷ ᠰᠢᠷᠣᠢ ᠵᠢᠨ ᠠᠮᠤᠷ ᠲᠦᠪᠰᠢᠨ᠎ᠤ ᠠᠰᠢᠭᠯᠠᠯᠲᠠ ᠵᠢᠨ ᠨᠣᠷᠮ᠎ᠠ ᠵᠢ ᠴᠥᠮ 100%᠎ᠳᠤ ᠬᠦᠷᠦᠭᠦᠯᠪᠡ᠃ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠨᠡᠭᠡᠭᠡᠨ ᠮᠠᠯᠲᠠᠬᠤ ᠶᠠᠪᠤᠴᠠ᠎ᠳᠠᠬᠢ ᠪᠣᠬᠢᠷᠲᠤᠯ᠎ᠢ ᠵᠠᠰᠠᠬᠤ ᠠᠵᠢᠯ᠎ᠢ ᠴᠢᠩᠭ᠋ᠠᠳᠬᠠᠵᠤ᠂ ᠪᠦᠬᠦ ᠤᠯᠤᠰ᠎ᠲᠤ《ᠰᠢᠪᠠᠷ ᠤᠰᠤ ᠵᠢ ᠭᠠᠵᠠᠷ᠎ᠲᠤ ᠣᠷᠣᠭᠤᠯᠬᠤ ᠦᠭᠡᠢ》 ᠣᠷᠴᠢᠨ ᠲᠣᠭᠣᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ ᠪᠠ ᠰᠢᠢ᠍ᠳᠪᠦᠷᠢᠯᠡᠬᠦ ᠤᠷᠠᠯᠠᠯ᠎ᠢ ᠡᠩ ᠲᠡᠷᠢᠭᠦᠨ᠎ᠳᠤ ᠳᠡᠯᠭᠡᠷᠡᠭᠦᠯᠵᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠬᠤᠳᠳᠤᠭ ᠥᠷᠥᠮᠳᠡᠬᠦ ᠣᠷᠴᠢᠨ ᠠᠬᠤᠢ ᠵᠢᠨ ᠪᠣᠬᠢᠷᠲᠤᠯ᠎ᠤᠨ ᠠᠰᠠᠭᠤᠳᠠᠯ᠎ᠢ ᠪᠦᠲᠦᠮᠵᠢᠲᠡᠢ᠎ᠪᠠᠷ ᠰᠢᠢ᠍ᠳᠪᠦᠷᠢᠯᠡᠪᠡ᠃
ᠠᠵᠤ ᠦᠢ᠍ᠯᠡᠰ᠎ᠤᠨ ᠰᠢᠰᠲ᠋ᠧᠮ᠎ᠢ ᠳᠠᠬᠢᠨ ᠪᠠᠢ᠌ᠭᠤᠯᠵᠤ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠪᠠ
ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠴᠢᠬᠤᠯᠠ ᠶᠡᠬᠡ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠣᠷᠳᠣᠰ ᠬᠤᠳᠠ ᠵᠢᠨ᠎ᠬᠢᠨ ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠪᠠᠷ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ ᠵᠢ ᠲᠠᠢ᠍ᠢ᠍ᠴᠢᠯᠠᠵᠦ᠂ ᠪᠦᠬᠦᠯᠢ ᠴᠣᠭᠴᠠ᠎ᠪᠠᠷ᠎ᠨᠢ ᠠᠬᠢᠭᠤᠯᠵᠤ᠂ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠡᠷ ᠵᠠᠰᠠᠬᠤ ᠵᠢ ᠪᠠᠷᠢᠮᠲᠠᠯᠠᠵᠤ᠂ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠶᠡᠬᠡᠪᠡᠷ ᠬᠥᠭᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠣᠷᠣᠭᠤᠯᠤᠨ ᠠᠪᠴᠢᠷᠠᠬᠤ ᠪᠠ ᠪᠣᠢ᠌ᠵᠢᠭᠤᠯᠵᠤ᠂ ᠰᠢᠨ᠎ᠡ ᠡᠨᠧᠷᠭᠢ ᠵᠢᠨ ᠬᠦᠨᠳᠦ ᠺᠠᠷᠲ᠂ ᠨᠣᠭᠣᠭ᠋ᠠᠨ ᠤᠰᠤᠲᠥ᠋ᠷᠥᠭᠴᠢ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠡᠷᠭᠡ 18 ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠭᠣᠣᠯᠳᠠᠯᠭ᠎ᠠ᠎ᠲᠠᠢ ᠡᠭᠦᠳᠴᠦ᠂ ᠨᠡᠩ ᠥᠨᠳᠥᠷ ᠦᠷ᠎ᠡ ᠠᠰᠢᠭᠲᠠᠢ᠂ ᠨᠡᠩ ᠪᠣᠬᠢᠷᠲᠤᠯ ᠦᠭᠡᠢ ᠠᠵᠤ ᠦᠢ᠍ᠯᠡᠰ᠎ᠤᠨ ᠪᠦᠲᠦᠴᠡ ᠵᠢ ᠳᠠᠬᠢᠨ ᠴᠣᠭᠴᠠᠯᠠᠪᠠ᠃ ᠣᠷᠣᠨ ᠪᠦᠰᠡ ᠵᠢᠨ ᠡᠯᠪᠡᠭ ᠳᠡᠯᠪᠡᠭ ᠲᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠡᠬᠢ ᠪᠠᠶᠠᠯᠢᠭ ᠪᠠ ᠣᠶᠤᠨᠴᠢ ᠴᠠᠬᠢᠯᠭ᠋ᠠᠨ ᠲᠣᠣᠷ᠎ᠤᠨ ᠰᠢᠰᠲ᠋ᠧᠮ᠎ᠤᠨ ᠳᠠᠪᠠᠭᠤᠯᠢᠭ᠎ᠢ ᠪᠠᠳᠠᠷᠠᠭᠤᠯᠬᠤ᠎ᠪᠠᠷ ᠳᠠᠮᠵᠢᠭᠤᠯᠤᠨ᠂ ᠪᠦᠬᠦ ᠪᠥᠮᠪᠥᠷᠴᠡᠭ᠎ᠤᠨ ᠠᠩᠬᠠᠳᠠᠭᠴᠢ ᠨᠠᠭᠦᠷᠡᠰᠦᠲᠦ᠋ᠷᠦᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠢ ᠪᠠᠢ᠌ᠭᠤᠯᠵᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠳᠡᠭᠡᠳᠦ ᠲᠡᠰ᠎ᠤᠨ ᠪᠣᠯᠬᠤ᠂ ᠤᠯᠠᠨ ᠡᠰᠢᠵᠢᠬᠦ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠪᠠ᠃ 2021 ᠣᠨ᠎ᠳᠤ ᠨᠢᠭᠡᠴᠢ ᠵᠢᠨ GDP ᠵᠢᠨ ᠡᠨᠧᠷᠭᠢ ᠵᠢᠨ ᠬᠣᠷᠣᠭᠳᠠᠭᠤᠯᠤᠯ᠎ᠢ 6.2% ᠵᠶ᠋ᠠᠷ ᠪᠠᠭᠤᠷᠠᠭᠤᠯᠵᠤ (ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠡᠢ᠌ᠲᠡᠯᠡᠯ)᠂ ᠨᠢᠭᠡᠴᠢ ᠵᠢᠨ GDP ᠵᠢᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ 5.6% (4.88%)᠎ᠪᠠᠷ ᠪᠠᠭᠤᠷᠠᠭᠤᠯᠵᠤ᠂ 0.4% ᠵᠢᠨ ᠡᠨᠧᠷᠭᠢ ᠵᠢᠨ ᠬᠡᠷᠡᠭᠯᠡᠭᠡᠨ᠎ᠤ ᠨᠡᠮᠡᠭᠳᠡᠯ᠎ᠤᠨ ᠬᠤᠷᠳᠤᠴᠠ᠎ᠪᠠᠷ 7% ᠵᠢᠨ GDP ᠵᠢᠨ ᠨᠡᠮᠡᠭᠳᠡᠯ᠎ᠢ ᠠᠬᠢᠭᠤᠯᠵᠤ᠂ ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ ᠪᠠ ᠠᠵᠤ ᠠᠬᠤᠢ ᠵᠢᠨ ᠨᠡᠮᠡᠭᠳᠡᠯ᠎ᠢ ᠵᠣᠬᠢᠴᠠᠯᠳᠤᠭᠤᠯᠤᠨ ᠬᠥᠭᠵᠢᠭᠦᠯᠬᠦ ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠪᠡ᠃ (5 ᠵᠢᠯ ᠵᠶ᠋ᠡᠷ ᠪᠤᠳᠤᠨ᠎ᠠ᠂ ᠣᠨ ᠵᠶ᠋ᠠᠷ ᠪᠤᠳᠤᠬᠤ ᠦᠭᠡᠢ)
ᠣᠷᠳᠣᠰ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ 《ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠬᠠᠢ᠌ᠨ ᠰᠦᠪᠡᠭᠴᠢᠯᠡᠬᠦ》 ᠬᠣᠰᠢᠭᠤᠴᠢ ᠣᠷᠣᠨ᠎ᠢ ᠲᠦᠷᠭᠡᠳᠬᠡᠨ ᠪᠠᠢ᠌ᠭᠤᠯᠵᠤ᠂ ᠣᠳᠣᠬᠢᠴᠢᠯᠠᠭᠰᠠᠨ ᠣᠷᠳᠣᠰ᠎ᠤᠨ ᠪᠦᠲᠦᠭᠡᠨ ᠪᠠᠢ᠌ᠭᠤᠯᠤᠯᠲᠠ ᠵᠢᠨ ᠰᠠᠶ᠋ᠢᠨ ᠰᠠᠢ᠌ᠬᠠᠨ ᠢᠷᠡᠭᠡᠳᠦᠢ ᠵᠢ ᠴᠢᠷᠮᠠᠢ᠌ᠨ ᠴᠣᠭᠴᠠᠯᠠᠪᠠ᠃
ᠦᠵᠡᠰᠬᠦᠯᠡᠩᠲᠦ ᠰᠠᠢ᠌ᠬᠠᠨ ᠭᠡᠷ ᠣᠷᠣᠨ ᠵᠶ᠋ᠠᠨ ᠪᠦᠲᠦᠭᠡᠨ ᠪᠠᠢ᠌ᠭᠤᠯᠵᠤ ᠠᠮᠢ ᠠᠬᠤᠢ ᠵᠢᠨ ᠪᠤᠶᠠᠨ ᠵᠢᠷᠭ᠋ᠠᠯ᠎ᠢ ᠬᠠᠮᠲᠤ᠎ᠪᠠᠷ ᠡᠳ᠋ᠯᠡᠨ᠎ᠡ
ᠠᠮᠢ ᠠᠬᠤᠢ ᠵᠢᠨ ᠣᠷᠴᠢᠨ ᠲᠣᠭᠣᠷᠢᠨ ᠪᠣᠯ ᠬᠠᠮᠤᠭ᠎ᠤᠨ ᠡᠷᠬᠡ ᠲᠡᠭᠰᠢ ᠤᠯᠠᠨ ᠨᠠᠢ᠌ᠳᠠ ᠵᠢᠨ ᠪᠦᠲᠦᠭᠡᠭᠳᠡᠬᠦᠨ᠂ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ ᠮᠥᠨ᠃ ᠣᠷᠳᠣᠰ ᠢᠮᠠᠭᠲᠠ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠬᠠᠩᠭ᠋ᠠᠬᠤ᠎ᠪᠠᠷ ᠡᠴᠦᠰ᠎ᠤᠨ ᠬᠠᠷᠠᠯᠲᠠ᠎ᠪᠠᠨ ᠪᠣᠯᠭ᠋ᠠᠵᠤ᠂ ᠠᠮᠢ ᠠᠬᠤᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠥᠮᠥᠰ᠎ᠤᠨ ᠣᠷᠣᠰᠢᠨ ᠰᠠᠭᠤᠬᠤ ᠴᠢᠨᠠᠷ ᠰᠠᠢ᠌ᠲᠠᠢ ᠣᠷᠴᠢᠨ ᠲᠣᠭᠣᠷᠢᠨ᠎ᠢ ᠴᠣᠭᠴᠠᠯᠠᠨ ᠪᠠᠢ᠌ᠭᠤᠯᠵᠠᠢ᠃ ᠪᠠᠢ᠌ᠭᠤᠯᠤᠭᠰᠠᠨ ᠬᠤᠳᠠ ᠵᠢᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠣᠷᠮ᠎ᠠ ᠪᠠ ᠨᠣᠭᠣᠭ᠋ᠠᠨ ᠬᠥᠷᠥᠰᠥ ᠵᠢᠨ ᠨᠣᠷᠮ᠎ᠠ ᠵᠢ ᠲᠣᠰ ᠲᠣᠰ 44.55% ᠪᠠ 41.23%᠎ᠳᠤ ᠬᠦᠷᠦᠭᠦᠯᠵᠦ᠂ ᠬᠥᠮᠥᠨ ᠳᠤᠮᠳᠠᠴᠢ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠶ ᠵᠢ 37.4 ᠲᠡᠭᠰᠢ ᠳᠥᠷᠪᠡᠯᠵᠢᠨ ᠮᠧᠲᠷ᠎ᠲᠤ ᠬᠦᠷᠦᠭᠦᠯᠵᠦ᠂ ᠤᠯᠤᠰ᠎ᠤᠨ ᠪᠠᠷᠢᠮᠵᠢᠶ᠎ᠠ ᠵᠢᠨ ᠬᠣᠶᠠᠷ ᠳᠠᠬᠢᠨ᠎ᠠᠴᠠ ᠳᠡᠭᠡᠭᠰᠢ᠎ᠳᠤ ᠬᠦᠷᠦᠭᠦᠯᠪᠡ᠃ ᠬᠤᠳᠠ᠎ᠠᠴᠠ ᠬᠥᠳᠡᠭᠡ ᠲᠣᠰᠬᠤᠨ ᠬᠦᠷᠲᠡᠯ᠎ᠡ᠂ ᠣᠷᠳᠣᠰ ᠬᠣᠲᠠ ᠵᠢᠨ᠎ᠬᠢᠨ ᠬᠣᠲᠠ ᠬᠥᠳᠡᠭᠡ ᠵᠢᠨ ᠠᠷᠠᠳ ᠲᠦᠮᠡᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ ᠴᠢᠷᠮᠠᠢ᠌ᠨ ᠠᠬᠢᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠪᠣᠬᠢᠷᠲᠤᠯ ᠦᠭᠡᠢ ᠣᠷᠣᠨ ᠵᠠᠢ ᠵᠢ ᠲᠠᠰᠤᠷᠠᠯᠲᠠ ᠦᠭᠡᠢ ᠪᠤᠢ ᠪᠣᠯᠭ᠋ᠠᠵᠤ᠂ ᠪᠣᠬᠢᠷᠲᠤᠯ ᠦᠭᠡᠢ ᠬᠥᠭᠵᠢᠯᠲᠡ ᠵᠢᠨ ᠰᠡᠳᠬᠢᠮᠵᠢ ᠵᠢ ᠰᠢᠯᠤᠭᠤᠳᠬᠠᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠠᠬᠢᠭᠤᠯᠬᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠬᠤᠨ᠎ᠤ ᠤᠰᠤ ᠵᠣᠷᠯᠣᠩ᠎ᠢ ᠥᠭᠡᠷᠡᠴᠢᠯᠡᠬᠦ᠂ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠲᠣᠣᠷ᠎ᠲᠤ ᠨᠡᠶ᠋ᠢᠯᠡᠭᠦᠯᠬᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠲᠣᠰᠬᠤᠨ᠎ᠳᠤ ᠣᠷᠣᠭᠤᠯᠬᠤ᠂ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢ ᠴᠡᠪᠡᠷᠰᠢᠭᠦᠯᠦᠨ ᠥᠭᠡᠷᠡᠴᠢᠯᠡᠬᠦ᠂ ᠬᠣᠲᠠ ᠬᠥᠳᠡᠭᠡ ᠵᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠨᠢᠭᠡ ᠴᠣᠭᠴᠠᠵᠢᠭᠤᠯᠤᠨ ᠬᠠᠮᠢᠶᠠᠷᠬᠤ ᠵᠡᠷᠭᠡ ᠤᠯᠠᠨ ᠵᠦᠢ᠍ᠯ᠎ᠤᠨ ᠠᠷᠭ᠎ᠠ ᠪᠠᠷᠢᠯ᠎ᠢ ᠲᠥᠪᠯᠡᠷᠡᠭᠦᠯᠦᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠮᠣᠳᠣ ᠵᠢ ᠥᠨᠳᠥᠷ ᠤᠷᠭᠤᠭᠤᠯᠬᠤ᠎ᠳᠤ ᠡᠷᠬᠡᠪᠰᠢ ᠦᠨᠳᠦᠰᠦ ᠵᠢ᠎ᠨᠢ ᠪᠡᠬᠢᠵᠢᠭᠦᠯᠬᠦ ᠬᠡᠷᠡᠭᠲᠡᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠬᠦ᠎ᠳᠤ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ ᠪᠠᠢ᠌ᠭᠤᠯᠤᠯᠲᠠ᠎ᠳᠤ ᠲᠦᠰᠢᠭᠯᠡᠬᠦ ᠬᠡᠷᠡᠭᠲᠡᠢ᠃ ᠣᠷᠳᠣᠰ ᠬᠤᠳᠠ ᠵᠢᠨ᠎ᠬᠢᠨ ᠢᠮᠠᠭᠲᠠ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠭᠣᠣᠯ ᠡᠭᠦᠷᠭᠡ ᠪᠣᠯᠭ᠋ᠠᠵᠤ᠂ ᠤᠯᠠᠨ ᠲᠠᠯ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ ᠰᠢᠨ᠎ᠡ ᠵᠢ ᠡᠭᠦᠳᠦᠭᠰᠡᠭᠡᠷ ᠢᠷᠠᠵᠠᠢ᠃
ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠳᠦᠷᠢᠮ᠎ᠤᠨ ᠪᠠᠢ᠌ᠭᠤᠯᠤᠯᠲᠠ ᠵᠢ ᠲᠠᠰᠤᠷᠠᠯᠳᠠ ᠦᠭᠡᠢ ᠪᠦᠷᠢᠨᠰᠢᠬᠦᠯᠪᠡ᠃ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠡᠷᠬᠡ᠎ᠲᠠᠢ ᠪᠣᠯᠤᠭᠰᠠᠨ᠎ᠠᠴᠠ ᠨᠠᠭ᠋ᠠᠰᠢ᠂ ᠣᠷᠳᠣᠰ ᠬᠤᠳᠠ ᠵᠢᠨ᠎ᠬᠢᠨ 《ᠣᠷᠳᠣᠰ ᠬᠤᠳᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》 《ᠣᠷᠳᠣᠰ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》 《ᠣᠷᠳᠣᠰ ᠬᠣᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠵᠠᠰᠠᠬᠤ ᠳᠦᠷᠢᠮ》 《ᠣᠷᠳᠣᠰ ᠬᠣᠲᠠ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠵᠢ ᠬᠠᠮᠠᠭ᠋ᠠᠯᠠᠬᠤ ᠳᠦᠷᠢᠮ》 《ᠣᠷᠳᠣᠰ ᠬᠣᠲᠠ ᠵᠢᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ》 《ᠣᠷᠳᠣᠰ ᠬᠣᠲᠠ ᠵᠢᠨ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠨᠡᠭᠡᠭᠡᠨ ᠠᠰᠢᠭᠯᠠᠬᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ》᠎ᠤᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠵᠢᠷᠭᠤᠭ᠋ᠠᠨ ᠢᠵᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠵᠠᠯᠭ᠋ᠠᠭ᠎ᠠ᠎ᠪᠠᠷ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠵᠤ᠂ ᠪᠥᠬᠥ ᠤᠯᠤᠰ᠎ᠲᠤ ᠬᠥᠭᠵᠢᠯᠲᠡ ᠵᠢᠨ ᠣᠷᠣᠨ᠎ᠢ ᠤᠷᠢᠳᠠᠪᠠᠷ ᠰᠢᠯᠢᠳᠡᠭᠵᠢᠭᠦᠯᠬᠦ᠂ ᠬᠥᠭᠵᠢᠯᠲᠡ ᠵᠢᠨ ᠣᠷᠣᠨ᠎ᠢ ᠬᠢᠵᠠᠭ᠋ᠠᠷᠯᠠᠬᠤ᠂ ᠬᠥᠭᠵᠢᠯᠲᠡ ᠵᠢᠨ ᠣᠷᠣᠨ᠎ᠢ ᠴᠠᠭ᠋ᠠᠵᠠᠯᠠᠬᠤ 《ᠭᠤᠷᠪᠠᠨ ᠣᠷᠣᠨ᠎ᠤ ᠲᠥᠯᠦᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ; ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠲᠣᠭᠲᠠᠴᠠ ᠵᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠯᠭ᠋ᠠᠨ ᠬᠢᠨᠠᠬᠤ ᠪᠠ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ》᠎ᠢ ᠰᠢᠨ᠎ᠡ ᠵᠢ ᠡᠭᠦᠳᠬᠦ ᠴᠢᠨᠠᠷᠲᠠᠢ᠎ᠪᠠᠷ ᠭᠠᠷᠭ᠋ᠠᠵᠤ᠂ 《ᠣᠷᠳᠣᠰ ᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠡᠷᠡᠭᠵᠢᠭᠦᠯᠬᠦ ᠲᠥᠰᠥᠯ》᠎ᠢ ᠲᠣᠭᠲᠠᠭ᠋ᠠᠪᠠ᠃ ᠨᠠᠮ ᠵᠠᠰᠠᠭ᠎ᠤᠨ ᠤᠳᠤᠷᠢᠳᠤᠯᠭ᠎ᠠ ᠬᠠᠷᠢᠭᠤᠴᠠᠬᠤ ᠳᠦᠷᠢᠮ ᠵᠶ᠋ᠡᠷ ᠭᠣᠣᠯ ᠪᠣᠯᠭ᠋ᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠪᠠᠢ᠌ᠴᠠᠭ᠋ᠠᠬᠤ ᠳᠠᠷᠤᠭ᠎ᠠ + ᠴᠠᠭᠳᠠᠭ᠋ᠠᠨ᠎ᠤ ᠳᠠᠷᠤᠭ᠎ᠠ 《ᠭᠤᠷᠪᠠᠨ ᠳᠠᠷᠤᠭ᠎ᠠ》 ᠬᠠᠮᠵᠢᠯᠴᠠᠵᠤ᠂ 22 ᠬᠠᠷᠢᠭᠤᠴᠠᠯᠭ᠋ᠠᠲᠤ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠭᠰᠡᠨ ᠤᠰᠤ ᠵᠠᠰᠠᠬᠤ ᠪᠠᠢ᠌ᠷᠢᠰᠢᠯ᠎ᠢ ᠲᠡᠭᠦᠯᠳᠡᠷᠵᠢᠭᠦᠯᠪᠡ; ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠮᠢ ᠠᠬᠤᠢ ᠵᠢᠨ ᠣᠷᠴᠢᠨ ᠨᠥᠬᠥᠴᠡᠯ᠎ᠤᠨ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ᠎ᠪᠠᠷ ᠴᠢᠬᠤᠯᠠ ᠭᠠᠷᠳᠠᠴᠠ ᠪᠣᠯᠭ᠋ᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ 2022 ᠣᠨ᠎ᠳᠤ 2.36 ᠲᠦᠮᠡ ᠭᠠᠷᠤᠢ ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ᠎ᠢ ᠬᠥᠳᠡᠯᠭᠡᠵᠦ᠂ 1.11 ᠲᠦᠮᠡᠨ ᠠᠵᠤ ᠠᠬᠤᠢ᠌ᠯᠠᠯ᠎ᠢ ᠪᠠᠢ᠌ᠴᠠᠭ᠋ᠠᠵᠤ᠂ 1210 ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠢᠯᠡᠷᠡᠭᠦᠯᠵᠦ᠂ 1124 ᠵᠢ ᠴᠡᠭᠴᠡᠯᠡᠨ ᠰᠠᠢ᠌ᠵᠢᠷᠠᠭᠤᠯᠵᠤ᠂ 679 ᠠᠮᠢ ᠠᠬᠤᠢ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠦ᠂ ᠨᠠᠢ᠌ᠳᠠ 1.42 ᠳ᠋ᠦᠩᠰᠢᠭᠤᠷ ᠲᠥᠭᠥᠷᠢᠭ ᠲᠣᠷᠭ᠋ᠠᠭᠰᠠᠨ ᠪᠠᠢ᠌ᠨ᠎ᠠ᠃
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ ᠨᠢᠭᠡᠨ ᠤᠷᠳᠤ ᠤᠳᠠᠭ᠋ᠠᠨ ᠪᠥᠭᠡᠳ ᠪᠡᠷᠬᠡ ᠬᠠᠲᠠᠭᠤᠵᠢᠯᠲᠠᠢ ᠶᠡᠷᠦᠩᠬᠡᠢ᠌ᠯᠡᠭᠰᠡᠨ ᠴᠢᠨᠠᠷᠲᠠᠢ ᠢᠨᠵᠧᠨᠧᠷᠢᠩ ᠮᠥᠨ᠂ ᠲᠡᠷᠡ᠎ᠨᠢ ᠣᠲᠣ ᠦᠶ᠎ᠡ᠎ᠳᠤ ᠭᠠᠪᠢᠶ᠎ᠠ ᠪᠠᠢ᠌ᠭᠤᠯᠵᠤ ᠮᠢᠩᠭ᠋ᠠᠨ ᠣᠨ᠎ᠳᠤ ᠠᠰᠢᠭ ᠬᠦᠷᠲᠡᠭᠡᠵᠦ᠂ ᠡᠬᠢᠯᠡᠯᠲᠡ ᠵᠢᠨ ᠴᠡᠭ᠎ᠠᠴᠠ ᠪᠢᠰᠢ ᠲᠡᠭᠦᠰᠬᠡᠯ᠎ᠤᠨ ᠴᠡᠭ ᠭᠡᠵᠦ ᠪᠠᠶ᠋ᠢᠬᠤ ᠦᠭᠡᠢ ᠶᠤᠮ᠃ ᠡᠷᠬᠢᠨ ᠬᠠᠷᠠᠪᠠᠯ᠂ ᠣᠷᠳᠣᠰ ᠨᠢᠭᠡᠨᠲᠡ 《ᠬᠡᠭᠡᠨᠴᠢᠷ ᠡᠷᠭᠢᠯᠲᠡ》 ᠵᠢ ᠪᠡᠶᠡᠯᠡᠭᠦᠯᠦᠭᠰᠡᠨ ᠪᠠᠢ᠌ᠨ᠎ᠠ᠃ ᠣᠷᠳᠣᠰ᠎ᠤᠨ᠎ᠬᠢᠨ ᠠᠮᠢ ᠠᠬᠤᠢ ᠵᠢᠨ ᠵᠠᠮ ᠵᠶ᠋ᠠᠷ ᠭᠤᠶ᠋ᠢᠪᠢᠰᠢ ᠦᠭᠡᠢ ᠰᠠᠶ᠋ᠢᠲᠤᠷ ᠵᠠᠮᠨᠠᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠭᠰᠠᠨ ᠣᠷᠳᠣᠰ᠎ᠢ ᠴᠢᠷᠮᠠᠢ᠌ᠨ ᠪᠦᠲᠦᠭᠡᠨ ᠪᠠᠢ᠌ᠭᠤᠯᠤᠨ᠎ᠠ!