ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠦᠦᠰᠢᠨ ᠬᠣᠰᠢᠭᠤ
ᠨᠡᠶ᠋ᠢᠲᠡᠯᠡᠭᠰᠡᠨ ᠴᠠᠭ᠄ 2023-12-13

      ᠣᠢ᠌ᠷ᠎ᠠ ᠵᠢᠨ ᠵᠢᠯ᠎ᠠᠴᠠ᠂ ᠦᠦᠰᠢᠨ ᠬᠣᠰᠢᠭᠤᠨ᠎ᠤ᠎ᠬᠢᠨ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 《ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ》 ᠬᠠᠮᠢᠶᠠᠷᠤᠯᠲᠠ ᠵᠢᠨ ᠲᠣᠭᠲᠠᠴᠠ ᠵᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠤᠨᠢᠨ ᠳᠡᠭᠡᠷ᠎ᠡ᠎ᠨᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠡᠷᠭᠡ ᠠᠷᠭ᠎ᠠ ᠬᠡᠮᠵᠢᠶ᠎ᠡ᠎ᠪᠠᠷ ᠣᠷᠴᠢᠨ ᠲᠣᠭᠣᠷᠢᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠵᠢᠨ ᠰᠠᠭᠤᠷᠢ ᠵᠢ ᠵᠤᠵᠠᠭ᠋ᠠᠳᠬᠠᠪᠠ᠃

      ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠪᠠ᠃ ᠦᠦᠰᠢᠨ ᠬᠣᠰᠢᠭᠤᠨ᠎ᠤ᠎ᠬᠢᠨ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠢ ᠵᠠᠰᠠᠬᠤ᠂ ᠨᠤᠨᠳᠠᠭ ᠬᠡᠯᠪᠡᠷᠢ ᠵᠢᠨ ᠪᠣᠳᠠᠰ᠎ᠢ ᠣᠪᠣᠭ᠋ᠠᠯᠠᠬᠤ ᠲᠠᠯᠠᠪᠠᠢ ᠵᠢ ᠪᠦᠬᠦᠨ᠎ᠢ ᠪᠢᠲᠡᠭᠦᠮᠵᠢᠯᠡᠨ ᠥᠭᠡᠷᠡᠴᠢᠯᠡᠬᠦ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠥᠭᠡᠷᠡᠴᠢᠯᠡᠯᠲᠡ᠂ ᠮᠠᠰᠢᠨ ᠲᠡᠷᠭᠡᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠢᠮᠠᠭᠲᠠ ᠪᠠᠷᠢᠮᠲᠠᠯᠠᠭᠰᠠᠭ᠋ᠠᠷ ᠢᠷᠠᠵᠠᠢ᠃ ᠰᠦᠷᠯᠢᠭ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ ᠪᠣᠯᠣᠨ 7 ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠢ᠍ᠯᠡᠳᠪᠦᠷᠢ ᠵᠢᠨ ᠲᠣᠭᠣᠷᠢᠭ᠎ᠤᠨ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠵᠢ ᠪᠠᠢ᠌ᠭᠤᠯᠵᠤ᠂ ᠭᠠᠯᠠᠭᠤᠲᠤ ᠪᠠᠯᠭ᠋ᠠᠰᠤ᠂ ᠦᠦᠰᠢᠨᠵᠤᠤ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠲᠣᠭᠣᠷᠢᠭ᠂ ᠲᠤᠭ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠲᠣᠭᠣᠷᠢᠭ᠂ ᠨᠠᠷᠢᠨ ᠭᠣᠣᠯ᠎ᠤᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠲᠣᠭᠣᠷᠢᠭ ᠵᠡᠷᠭᠡ 4 ᠭᠠᠵᠠᠷ᠎ᠤᠨ 6 ᠫᠠᠷᠠᠮᠧᠲᠷ᠎ᠤᠨ ᠠᠭ᠋ᠠᠷ᠎ᠤᠨ ᠶᠠᠰᠤ ᠴᠢᠨᠠᠷ᠎ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠵᠢ ᠪᠠᠢ᠌ᠭᠤᠯᠵᠤ᠂ ᠠᠭ᠋ᠠᠷ᠎ᠤᠨ ᠶᠠᠰᠤ ᠴᠢᠨᠠᠷ᠎ᠲᠤ ᠠᠦ᠋ᠲ᠋ᠣ᠋ ᠬᠢᠨᠠᠨ ᠬᠡᠮᠵᠢᠯᠲᠡ ᠬᠢᠵᠦ᠂ ᠠᠭ᠋ᠠᠷ᠎ᠤᠨ ᠶᠠᠰᠤ ᠴᠢᠨᠠᠷ᠎ᠤᠨ ᠪᠠᠶ᠋ᠢᠳᠠᠯ᠎ᠢ ᠴᠠᠭ ᠲᠤᠬᠠᠢ᠎ᠳᠤᠨᠢ ᠣᠨᠣᠪᠴᠢᠲᠠᠢ ᠲᠤᠰᠬᠠᠪᠠ᠃ ᠣᠢ᠌ᠷ᠎ᠠ ᠵᠢᠨ ᠵᠢᠯ᠎ᠤᠳ᠎ᠲᠤ᠂ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠰᠠᠶ᠋ᠢᠨ ᠨᠣᠷᠮ᠎ᠠ 90%᠎ᠠᠴᠠ ᠳᠡᠭᠡᠭᠰᠢ᠎ᠳᠤ ᠲᠣᠭᠲᠠᠪᠤᠷᠢᠵᠢᠪᠠ᠃

      ᠨᠣᠮᠢᠨ ᠨᠣᠭᠣᠭ᠋ᠠᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠍ᠲᠤᠷ ᠬᠢᠪᠡ᠃ ᠬᠠᠲᠤᠨ ᠭᠣᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠢ ᠬᠦᠴᠦᠯᠡᠨ ᠰᠠᠶ᠋ᠢᠲᠤᠷ ᠬᠢᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠤᠰᠤᠨ᠎ᠤ ᠳᠣᠲᠣᠭ᠋ᠠᠳᠤ ᠢᠷᠡᠯᠲᠡ ᠵᠢᠨ ᠪᠣᠬᠢᠷᠲᠤᠯ᠎ᠢ ᠵᠠᠰᠠᠬᠤ ᠪᠠ ᠠᠮᠢ ᠠᠬᠤᠢ ᠵᠢ ᠵᠠᠰᠠᠨ ᠰᠡᠷᠭᠦᠭᠡᠬᠦ ᠠᠵᠢᠯ᠎ᠢ ᠥᠷᠨᠢᠭᠦᠯᠵᠦ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ᠂ ᠤᠰᠤᠨ᠎ᠤ ᠡᠬᠢ ᠰᠤᠷᠪᠤᠯᠵᠢ ᠵᠢᠨ ᠭᠠᠵᠠᠷ᠎ᠢ ᠬᠠᠮᠠᠭ᠋ᠠᠯᠠᠬᠤ᠂ ᠭᠣᠣᠯ ᠤᠷᠤᠭᠤ ᠪᠣᠬᠢᠷᠲᠤᠯ ᠤᠰᠤ ᠭᠠᠳᠠᠭᠰᠢᠯᠠᠭᠤᠯᠬᠤ ᠠᠮᠠ ᠵᠢ ᠴᠡᠭᠴᠡᠯᠡᠨ ᠵᠠᠰᠠᠬᠤ ᠵᠢ ᠬᠦᠴᠦᠯᠡᠨ ᠬᠡᠷᠡᠭᠵᠢᠭᠦᠯᠪᠡ᠃ 《ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠪᠠᠢ᠌ᠴᠠᠭ᠋ᠠᠬᠤ ᠳᠠᠷᠤᠭ᠎ᠠ + ᠴᠠᠭᠳᠠᠭ᠋ᠠᠨ᠎ᠤ ᠳᠠᠷᠤᠭ᠎ᠠ + ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ ᠳᠠᠷᠤᠭ᠎ᠠ + ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶᠠᠨ ᠳᠠᠷᠤᠭ᠎ᠠ》 ᠵᠢᠨ ᠬᠣᠯᠪᠤᠭ᠋ᠠᠯᠠᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠤᠰᠤᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠪᠥᠬᠥ ᠣᠷᠣᠨ ᠪᠦᠰᠡ ᠵᠢᠨ ᠳᠣᠲᠣᠷ᠎ᠠ ᠬᠠᠷ᠎ᠠ ᠦᠮᠡᠬᠡᠢ ᠤᠰᠤᠨ ᠴᠣᠭᠴᠠ ᠪᠠᠶ᠋ᠢᠬᠤ ᠦᠭᠡᠢ ᠵᠢ ᠦᠷᠬᠦᠯᠵᠢᠯᠡᠨ ᠴᠢᠩᠭ᠋ᠠᠳᠬᠠᠪᠠ᠃ ᠲᠣᠭᠲᠠᠮᠠᠯ ᠭᠣᠣᠯ᠎ᠤᠨ ᠪᠠᠲᠤ ᠪᠤᠯᠤᠩ᠎ᠤᠨ ᠣᠭᠲᠣᠯᠣᠭ᠋ᠠᠰᠤ᠂ ᠶᠡᠬᠡ ᠡᠪᠡᠰᠦᠲᠦ ᠪᠤᠯᠤᠩ᠎ᠤᠨ ᠣᠭᠲᠣᠯᠣᠭ᠋ᠠᠰᠤ ᠵᠢᠨ ᠵᠢᠯ ᠳᠤᠮᠳᠠᠴᠢ ᠵᠢᠨ ᠤᠰᠤᠨ᠎ᠤ ᠴᠢᠨᠠᠷ᠎ᠨᠢ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ Ⅱ ᠲᠥᠷᠥᠯ᠎ᠤᠨ ᠪᠠᠷᠢᠮᠵᠢᠶ᠎ᠠ᠎ᠳᠤ ᠬᠦᠷᠴᠦ᠂ ᠭᠠᠵᠠᠷ ᠳᠡᠭᠡᠷᠡᠬᠢ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 100%᠎ᠳᠤ ᠬᠥᠷᠪᠡ᠃

      ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠪᠡ᠃ ᠬᠥᠷᠥᠰᠥ ᠰᠢᠷᠣᠢ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠬᠢᠨᠠᠯᠲᠠ ᠬᠠᠮᠢᠶᠠᠷᠤᠯᠲᠠ᠂ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠲᠣᠭᠲᠠᠭᠤᠨ ᠵᠶ᠋ᠠᠷ ᠠᠬᠢᠭᠤᠯᠵᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠢ ᠦᠷᠭᠦᠯᠵᠢᠯᠡᠨ ᠲᠣᠭᠲᠠᠭᠤᠨ ᠪᠠᠢ᠌ᠯᠭ᠋ᠠᠪᠠ᠃ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠠᠷᠭ᠎ᠠ ᠵᠢ ᠬᠡᠷᠡᠭᠯᠡᠨ ᠬᠡᠢ᠌ᠵᠢᠭᠦᠯᠦᠭᠰᠡᠨ ᠰᠢᠭ᠋ᠠᠷᠤ᠂ ᠨᠡᠭᠦᠷᠡᠰᠦᠨ ᠴᠢᠯᠠᠭᠤ᠂ ᠴᠢᠯᠠᠭᠤᠯᠢᠭ᠎ᠤᠨ ᠬᠡᠮᠬᠡᠳᠡᠭ ᠵᠡᠷᠭᠡ ᠡᠬᠢ ᠪᠠᠶᠠᠯᠢᠭ᠎ᠢ ᠴᠡᠪᠡᠷᠰᠢᠭᠦᠯᠦᠨ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠬᠤ ᠵᠢ ᠪᠠᠷᠢᠮᠲᠠᠯᠠᠪᠠ᠃ 《ᠬᠠᠶᠠᠭᠳᠠᠮᠠᠯ ᠪᠣᠳᠠᠰ ᠦᠭᠡᠢ ᠬᠤᠳᠠ》 ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠵᠦ᠂ ᠳᠦᠷᠢᠮ᠎ᠤᠨ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠷᠴᠢᠯᠳᠤᠭᠤᠯᠤᠨ ᠠᠰᠢᠭᠯᠠᠬᠤ ᠰᠢᠰᠲ᠋ᠧᠮ᠎ᠢ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠪᠤᠢ ᠪᠣᠯᠭ᠋ᠠᠪᠠ᠃

      ᠡᠯᠡᠰᠦᠷᠬᠡᠭ ᠭᠠᠵᠠᠷ᠎ᠢ ᠰᠥᠨᠥᠭᠡᠬᠦ ᠳᠠᠢ᠌ᠯᠠᠯᠳᠤᠭ᠋ᠠᠨ᠎ᠢ ᠰᠠᠢ᠍ᠲᠤᠷ ᠬᠢᠪᠡ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠢᠨᠵᠧᠨᠧᠷᠢᠩ᠎ᠢ ᠰᠢᠰᠲ᠋ᠧᠮ᠎ᠲᠠᠢ ᠥᠷᠨᠢᠭᠦᠯᠵᠦ᠂ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠢ᠂ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠵᠢ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠬᠡᠷᠡᠭᠵᠢᠭᠦᠯᠵᠦ᠂ 《ᠡᠯᠡᠰᠦ ᠵᠢ ᠪᠢᠲᠡᠭᠦᠮᠵᠢᠯᠡᠨ ᠣᠢ᠌ᠵᠢᠭᠤᠯᠬᠤ ᠮᠠᠯᠵᠢᠬᠤ ᠵᠢ ᠵᠣᠭᠰᠤᠭ᠋ᠠᠬᠤ》 《ᠨᠢᠰᠬᠡᠯ ᠵᠶ᠋ᠡᠷ ᠲᠠᠷᠢᠵᠤ ᠣᠶ᠋ᠢᠵᠢᠭᠤᠯᠬᠤ》 《ᠵᠢᠵᠢᠭ ᠰᠠᠪᠠ ᠭᠠᠵᠠᠷ᠎ᠢ ᠵᠠᠰᠠᠬᠤ》 《ᠭᠡᠷ ᠪᠦᠯᠢ ᠵᠢᠨ ᠮᠠᠯᠵᠢᠯ᠎ᠤᠨ ᠲᠠᠯᠠᠪᠠᠢ》 《ᠣᠶ᠋ᠢᠵᠢᠭᠤᠯᠬᠤ ᠲᠣᠮᠣ ᠡᠷᠦᠬᠡ》 《ᠠᠮᠢ ᠠᠬᠤᠢ ᠵᠢᠨ ᠨᠡᠭᠦᠳᠡᠯ ᠠᠷᠠᠳ》 《ᠠᠵᠤ ᠦᠢ᠍ᠯᠡᠰᠵᠢᠯᠲᠡ᠎ᠪᠠᠷ ᠳᠠᠢ᠌ᠴᠢᠯᠠᠬᠤ》 ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠡᠯᠡᠰᠦ ᠵᠢ ᠬᠡᠷᠡᠭᠯᠡᠬᠦ ᠵᠠᠭᠪᠤᠷ᠎ᠢ ᠪᠦᠷᠢᠯᠳᠦᠭᠦᠯᠵᠦ᠂ ᠶᠢᠨ ᠢᠦᠢ ᠵᠧᠨ᠂ ᠪᠣᠷᠤᠯᠳᠠᠢ ᠵᠡᠷᠭᠡ ᠬᠣᠯᠠ ᠣᠢ᠌ᠷ᠎ᠠ᠎ᠳᠤ ᠠᠯᠳᠠᠷᠰᠢᠭᠰᠠᠨ ᠶᠡᠬᠡ ᠤᠯᠠᠨ ᠡᠯᠡᠰᠦ ᠵᠢ ᠵᠠᠰᠠᠭᠰᠠᠨ ᠵᠢᠱ᠌ᠢᠶᠡᠴᠢ ᠴᠣᠯᠭᠣᠷᠠᠨ ᠭᠠᠷᠴᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠶᠡᠷᠦᠩᠬᠡᠢ᠌ᠯᠡᠨ ᠵᠠᠰᠠᠭᠰᠠᠨ ᠪᠣᠬᠢᠷᠲᠤᠯ ᠦᠭᠡᠢ ᠭᠠᠶ᠋ᠢᠬᠠᠮᠰᠢᠭ᠎ᠢ ᠡᠭᠦᠳᠴᠡᠢ᠃ ᠦᠦᠰᠢᠨ ᠬᠣᠰᠢᠭᠤᠨ᠎ᠤ ᠣᠢ ᠰᠢᠭᠤᠢ ᠵᠢᠨ ᠪᠦᠷᠬᠦᠴᠡ 32.92%᠎ᠲᠤ ᠬᠦᠷᠴᠦ᠂ ᠤᠷᠭᠤᠮᠠᠯ᠎ᠤᠨ ᠪᠦᠷᠬᠦᠴᠡ 80%᠎ᠠᠴᠠ ᠳᠡᠭᠡᠭᠰᠢ᠎ᠳᠤ ᠬᠦᠷᠴᠡᠢ᠃ 《ᠪᠣᠬᠢᠷᠲᠤᠯ ᠦᠭᠡᠢ ᠦᠦᠰᠢᠨ》᠎ᠤ ᠡᠯᠡᠰᠦ ᠵᠢ ᠵᠠᠰᠠᠬᠤ ᠬᠠᠮᠲᠤᠯᠢᠭ 《ᠤᠮᠠᠷᠠᠲᠤ ᠬᠢᠯᠢ ᠵᠢᠨ ᠥᠯᠢᠭᠡᠷ ᠳᠠᠭᠤᠷᠢᠶᠠᠯ》᠎ᠤᠨ ᠢᠷᠠᠭᠤ ᠠᠯᠳᠠᠷ᠎ᠢ ᠬᠦᠷᠲᠡᠵᠦ᠂ ᠮᠤᠤᠠᠠᠤᠰᠤ ᠵᠢᠨ ᠡᠯᠡᠰᠦᠷᠬᠡᠭ ᠭᠠᠵᠠᠷ᠎ᠢ ᠵᠠᠰᠠᠭᠰᠠᠨ ᠦᠷ᠎ᠡ ᠪᠦᠲᠦᠮᠵᠢ ᠨᠠᠮ᠎ᠤᠨ ᠲᠥᠪ ᠬᠣᠷᠢᠶ᠎ᠠ ᠵᠢᠨ ᠨᠤᠲᠠᠯᠠᠯᠲᠠ ᠵᠢ ᠣᠯᠵᠤ᠂ 《ᠬᠥᠬᠡᠮᠳᠦᠭ ᠨᠣᠭᠣᠭ᠋ᠠᠨ ᠠᠭᠤᠯᠠ ᠤᠰᠤ》᠎ᠠᠴᠠ 《ᠠᠯᠳᠠᠨ ᠠᠭᠤᠯᠠ ᠮᠥᠩᠭᠥᠨ ᠠᠭᠤᠯᠠ》 ᠪᠣᠯᠤᠭᠰᠠᠨ ᠲᠡᠦᠬᠡᠲᠦ ᠴᠢᠨᠠᠷᠲᠠᠢ ᠳᠡᠭᠡᠭᠰᠢᠯᠡᠯᠲᠡ ᠵᠢ ᠪᠡᠶᠡᠯᠡᠭᠦᠯᠵᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠣᠷᠳᠣᠰ ᠬᠤᠳᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠬᠥᠬᠡᠬᠣᠲᠠ ᠵᠢᠨ ᠰᠢᠨ᠎ᠡ ᠬᠤᠳᠠ ᠲᠣᠭᠣᠷᠢᠭ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤ
ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠤᠯᠲᠠ ᠳᠠᠬᠢᠨᠲᠠ ᠰᠢᠨ᠎ᠡ ᠦᠷ᠎ᠡ ᠪᠦᠲᠦᠮᠵᠢ ᠣᠯᠵᠤ ᠳᠠᠬᠢᠨᠲᠠ ᠰᠢᠨ᠎ᠡ ᠳᠡᠭᠲᠡᠷ᠎ᠲᠤ ᠭᠠᠷᠪᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤ
 
             蒙ICP备05000248号