ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠣᠷᠳᠣᠰ ᠬᠤᠳᠠ
ᠨᠡᠶ᠋ᠢᠲᠡᠯᠡᠭᠰᠡᠨ ᠴᠠᠭ᠄ 2023-12-14

      ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠵᠢ ᠠᠬᠢᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠲᠤᠬᠠᠢ ᠰᠠᠨᠠᠯ》᠎ᠳᠤ ᠳᠤᠷᠠᠳᠤᠭᠰᠠᠨ ᠲᠣᠳᠣᠷᠬᠠᠢ ᠱᠠᠭ᠋ᠠᠷᠳᠠᠯᠭ᠎ᠠ ᠪᠣᠯᠣᠨ᠎ᠠ᠂ ᠮᠥᠨ ᠴᠦ᠍ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠢ ᠭᠠᠷᠳᠠᠴᠠ ᠪᠣᠯᠣᠨ᠎ᠠ᠃ 2021 ᠣᠨ᠎ᠳᠤ ᠣᠷᠳᠣᠰ ᠬᠤᠳᠠ ᠵᠢᠨ ᠲᠠᠪᠤᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠡᠭᠦᠳᠦᠨ ᠪᠠᠢ᠌ᠭᠤᠯᠬᠤ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠣᠯᠳᠠᠯᠭ᠎ᠠ᠎ᠲᠠᠢ ᠠᠵᠢᠯ᠎ᠤᠨ ᠬᠠᠷᠠᠯᠲᠠ ᠪᠣᠯᠭ᠋ᠠᠵᠤ᠂ ᠬᠤᠳᠠ ᠵᠢᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ᠂ ᠬᠤᠳᠠ ᠵᠢᠨ ᠳᠡᠳ᠋ ᠳᠠᠷᠤᠭ᠎ᠠ᠎ᠪᠠᠷ ᠳᠤᠭᠤᠢ᠌ᠯᠠᠩ᠎ᠤᠨ ᠳᠡᠳ᠋ ᠳᠠᠷᠤᠭ᠎ᠠ ᠪᠣᠯᠭ᠋ᠠᠭᠰᠠᠨ ᠡᠭᠦᠳᠦᠨ ᠪᠠᠢ᠌ᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠡᠭᠦᠳᠦᠨ ᠪᠠᠢ᠌ᠭᠤᠯᠬᠤ ᠠᠵᠢᠯ᠎ᠢ ᠪᠦᠬᠦ ᠬᠦᠴᠦᠨ ᠵᠶ᠋ᠡᠷ ᠠᠬᠢᠭᠤᠯᠵᠠᠢ᠃

      ᠨᠢᠭᠡ᠂ ᠬᠥᠪᠴᠢ ᠵᠢᠨ ᠡᠯᠡᠰᠦ ᠮᠠᠩᠬ᠎ᠠ ᠪᠠ ᠮᠤᠤᠠᠤᠰᠤ ᠡᠯᠡᠰᠦᠷᠬᠡᠭ ᠭᠠᠵᠠᠷ᠎ᠤᠨ ᠠᠮᠢ ᠠᠬᠤᠢ ᠵᠢᠨ ᠵᠠᠰᠠᠯᠲᠠ ᠵᠢ ᠦᠷᠭᠦᠯᠵᠢᠯᠡᠨ ᠠᠬᠢᠭᠤᠯᠵᠤ᠂ ᠴᠦᠯᠯᠡᠷᠭᠡᠭᠵᠢᠯ᠎ᠢ ᠵᠠᠰᠠᠬᠤ ᠪᠦᠬᠦ ᠪᠥᠮᠪᠥᠷᠴᠡᠭ᠎ᠤᠨ ᠬᠡᠪ ᠳᠠᠭᠤᠷᠢᠶᠠᠯ ᠪᠠ ᠳᠤᠮᠳᠠᠳᠤ ᠤᠯᠤᠰ᠎ᠤᠨ ᠲᠤᠷᠰᠢᠯᠭ᠎ᠠ ᠵᠢ ᠡᠭᠦᠳᠪᠡ

      ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠨᠠᠭ᠋ᠠᠰᠢ᠂ ᠣᠷᠳᠣᠰ ᠬᠤᠳᠠ ᠵᠢᠨ ᠬᠤᠭᠤᠴᠠᠭ᠎ᠠ ᠪᠦᠷᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠤᠯᠤᠰ ᠳᠦᠷᠦ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠡᠭᠦᠷᠭᠡ ᠲᠤᠰᠢᠶᠠᠯ᠎ᠢ ᠬᠣᠢ᠌ᠨ᠎ᠠ ᠬᠣᠢ᠌ᠨ᠎ᠠ᠎ᠠᠴᠠ᠎ᠪᠠᠨ ᠬᠦᠯᠢᠶᠡᠨ ᠪᠡᠶᠡᠯᠡᠭᠦᠯᠵᠦ᠂ ᠵᠢᠷᠤᠭ ᠲᠥᠯᠥᠪᠯᠡᠭᠡ ᠵᠢ ᠲᠤᠢ᠌ᠯᠪᠤᠷᠢᠲᠠᠢ ᠵᠢᠷᠤᠭᠯᠠᠵᠤ᠂ ᠡᠯ᠎ᠡ ᠲᠠᠯ᠎ᠠ ᠵᠢᠨ ᠬᠦᠴᠦᠨ᠎ᠢ ᠵᠣᠬᠢᠶᠠᠨ ᠪᠠᠢ᠌ᠭᠤᠯᠤᠨ ᠳᠠᠢ᠍ᠢ᠍ᠴᠢᠯᠠᠵᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠠᠮᠵᠢᠯᠴᠠᠨ ᠠᠬᠢᠭᠤᠯᠵᠠᠢ᠃ ᠠᠮᠢ ᠠᠬᠤᠢ ᠵᠢᠨ ᠢᠨᠵᠧᠨᠧᠷᠢᠩ ᠵᠶ᠋ᠡᠷ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠪᠦᠬᠦ ᠨᠡᠢ᠌ᠭᠡᠮ ᠵᠶ᠋ᠡᠷ ᠵᠶ᠋ᠡᠨ ᠣᠷᠣᠯᠴᠠᠬᠤ ᠵᠢ ᠵᠣᠷᠢᠭᠵᠢᠭᠤᠯᠵᠤ᠂ ᠪᠡᠯᠡ ᠮᠥᠩᠭᠥ ᠵᠢᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠬᠤ ᠵᠢ ᠵᠣᠭᠰᠣᠭ᠋ᠠᠵᠤ ᠤᠢ ᠮᠣᠳᠣ ᠳᠠᠷᠢᠬᠤ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠵᠡᠷᠭᠡ ᠠᠮᠢ ᠠᠬᠤᠢ ᠵᠢᠨ ᠢᠨᠵᠧᠨᠧᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠥᠪᠴᠢ ᠵᠢᠨ ᠡᠯᠡᠰᠦ ᠮᠠᠩᠬ᠎ᠠ ᠪᠠ ᠮᠤᠤᠠᠤᠰᠤ ᠡᠯᠡᠰᠦᠷᠬᠡᠭ ᠭᠠᠵᠠᠷ᠎ᠲᠤ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ᠂ ᠬᠥᠷᠥᠰᠥ ᠰᠢᠷᠣᠢ ᠵᠢ ᠬᠠᠮᠠᠭ᠋ᠠᠯᠠᠬᠤ ᠵᠡᠷᠭᠡ ᠳᠦᠷᠦᠯ ᠵᠦᠢ᠍ᠯ᠎ᠢ ᠭᠣᠣᠯᠳᠠᠯᠭ᠎ᠠ᠎ᠲᠠᠢ᠎ᠪᠠᠷ ᠬᠡᠷᠡᠭᠵᠢᠭᠦᠯᠵᠦ᠂ ᠤᠯᠤᠰ ᠪᠠ ᠣᠷᠣᠨ ᠨᠤᠲᠤᠭ᠎ᠤᠨ ᠡᠯ᠎ᠡ ᠳᠦᠷᠦᠯ᠎ᠤᠨ ᠢᠨᠵᠧᠨᠧᠷᠢᠩ᠎ᠢ ᠤᠯᠠᠨ ᠡᠭᠡᠯᠵᠢ᠎ᠪᠠᠷ ᠬᠡᠷᠡᠭᠵᠢᠭᠦᠯᠵᠦ ᠡᠯᠡᠰᠦᠷᠬᠡᠭ ᠣᠷᠣᠨ᠎ᠤ ᠠᠮᠢ ᠠᠬᠤᠢ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠤᠭᠰᠠᠨ ᠪᠠᠶ᠋ᠢᠳᠠᠯ᠎ᠢ ᠪᠤᠢ ᠪᠣᠯᠭ᠋ᠠᠪᠠ᠃ ᠦᠶ᠎ᠡ ᠦᠶ᠎ᠡ ᠵᠢᠨ ᠬᠥᠮᠥᠰ᠎ᠤᠨ ᠴᠢᠷᠮᠠᠢ᠌ᠯᠭ᠎ᠠ᠎ᠪᠠᠷ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠠᠵᠤ ᠠᠬᠤᠢ᠌ᠯᠠᠯ ᠪᠡᠯᠡ ᠣᠷᠣᠭᠤᠯᠤᠭᠰᠠᠨ᠂ ᠮᠠᠯᠴᠢᠨ ᠲᠠᠷᠢᠶᠠᠴᠢᠨ ᠢᠳᠡᠪᠬᠢᠲᠡᠢ ᠣᠷᠣᠯᠴᠠᠭᠰᠠᠨ ᠪᠦᠬᠦ ᠨᠡᠢ᠌ᠭᠡᠮ᠎ᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠬᠡᠪ ᠵᠠᠭᠪᠤᠷ ᠪᠣᠯᠣᠨ ᠪᠠᠢ᠌ᠷᠢᠰᠢᠯ᠎ᠢ ᠨᠢᠭᠡᠨᠲᠡ ᠪᠦᠷᠢᠯᠳᠦᠭᠦᠯᠵᠡᠢ᠃ 2022 ᠣᠨ ᠪᠣᠯᠲᠠᠯ᠎ᠠ᠂ ᠪᠥᠬᠥ ᠬᠣᠲᠠ 210 ᠳ᠋ᠦᠩᠰᠢᠭᠤᠷ ᠲᠥᠭᠥᠷᠢᠭ ᠰᠢᠬᠠᠮ ᠪᠡᠯᠡ ᠣᠷᠣᠭᠤᠯᠵᠤ᠂ ᠨᠠᠢ᠌ᠳᠠ 7980 ᠲᠦᠮᠡᠨ ᠮᠦ᠍ ᠣᠢ ᠰᠢᠭᠤᠢ ᠵᠢᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ 240 ᠭᠠᠷᠤᠢ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠵᠤ᠂ 5000 ᠭᠠᠷᠤᠢ ᠳ᠋ᠦᠩᠰᠢᠭᠤᠷ ᠲᠥᠭᠥᠷᠢᠭ᠎ᠤᠨ ᠠᠮᠢ ᠠᠬᠤᠢ ᠵᠢᠨ ᠡᠳ᠋ ᠬᠥᠷᠥᠩᠭᠡ ᠵᠢ ᠡᠭᠦᠳᠦᠭᠰᠡᠨ ᠪᠠᠢ᠌ᠨ᠎ᠠ᠃ ᠮᠤᠤᠠᠤᠰᠤ ᠡᠯᠡᠰᠦᠷᠬᠡᠭ ᠭᠠᠵᠠᠷ ᠪᠣᠯᠣᠨ ᠬᠥᠪᠴᠢ ᠵᠢᠨ ᠡᠯᠡᠰᠦ ᠮᠠᠩᠬ᠎ᠠ ᠵᠢ ᠵᠠᠰᠠᠭᠰᠠᠨ ᠨᠣᠷᠮ᠎ᠠ 70% ᠪᠠ 43%᠎ᠳᠤ ᠬᠥᠷᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠵᠣᠬᠢᠶᠠᠨ ᠪᠠᠢ᠌ᠭᠤᠯᠤᠭᠰᠠᠨ 2000 — 2020 ᠣᠨ᠎ᠤ ᠪᠥᠬᠥ ᠤᠯᠤᠰ᠎ᠤᠨ ᠠᠮᠢ ᠠᠬᠤᠢ ᠵᠢᠨ ᠪᠠᠶ᠋ᠢᠳᠠᠯ᠎ᠢ ᠪᠠᠢ᠌ᠴᠠᠭ᠋ᠠᠨ ᠦᠨᠡᠯᠡᠬᠦ ᠠᠵᠢᠯ᠎ᠤᠨ ᠦᠷ᠎ᠡ ᠪᠦᠲᠦᠭᠡᠯ᠎ᠠᠴᠠ ᠦᠵᠡᠪᠡᠯ᠂ 20 ᠵᠢᠯ᠎ᠤᠨ ᠲᠤᠷᠰᠢ᠂ ᠬᠠᠲᠤᠨ ᠭᠣᠣᠯ᠎ᠤᠨ ᠰᠠᠪᠠ ᠭᠠᠵᠠᠷ᠎ᠤᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ ᠢᠯᠡᠳᠲᠡ ᠨᠡᠮᠡᠭᠳᠡᠵᠦ᠂ 《ᠨᠣᠭᠣᠭ᠋ᠠᠨ ᠱᠤᠭᠤᠮ》᠎ᠢ ᠪᠠᠷᠠᠭᠤᠨᠰᠢ ᠪᠠᠷᠤᠭ 300 km ᠨᠡᠭᠦᠯᠭᠡᠵᠡᠢ᠂ ᠪᠠᠷᠠᠭᠤᠨᠰᠢ ᠨᠡᠭᠦᠯᠭᠡᠭᠰᠡᠨ ᠰᠢᠨ᠎ᠡ᠎ᠪᠠᠷ ᠨᠡᠮᠡᠭᠳᠡᠭᠰᠡᠨ ᠲᠠᠯᠠᠪᠠᠶ ᠵᠢᠨ ᠳᠣᠲᠣᠷ᠎ᠠ ᠣᠷᠳᠣᠰ᠎ᠤᠨ ᠰᠢᠨ᠎ᠡ᠎ᠪᠠᠷ ᠨᠡᠮᠡᠭᠳᠡᠭᠰᠡᠨ ᠲᠠᠯᠠᠪᠠᠶ 17113.9 km2 ᠪᠠᠢ᠌ᠵᠤ᠂ ᠡᠵᠡᠯᠡᠬᠦ ᠬᠠᠷᠢᠴᠠᠯ᠎ᠨᠢ 10% ᠵᠢ ᠳᠠᠪᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃

      ᠬᠣᠶᠠᠷ᠂ 《ᠠᠷᠪᠠᠨ ᠶᠡᠬᠡ ᠬᠥᠨᠳᠡᠢ》 ᠵᠢᠨ ᠪᠦᠬᠦ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ ᠠᠵᠢᠯ᠎ᠢ ᠥᠷᠨᠢᠭᠦᠯᠵᠦ᠂ ᠪᠦᠬᠦ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ ᠬᠡᠪ ᠳᠠᠭᠤᠷᠢᠶᠠᠯ᠎ᠢ ᠪᠤᠢ ᠪᠣᠯᠭ᠋ᠠᠪᠠ

      《ᠠᠷᠪᠠᠨ ᠶᠡᠬᠡ ᠬᠥᠨᠳᠡᠢ》 ᠵᠢᠨ ᠶᠡᠷᠦᠩᠬᠡᠢ᠌ᠯᠡᠨ ᠵᠠᠰᠠᠬᠤ ᠠᠵᠢᠯ᠎ᠢ ᠢᠳᠡᠪᠬᠢᠲᠡᠢ ᠥᠷᠨᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠬᠠᠲᠤᠨ ᠭᠣᠣᠯ᠎ᠤᠨ ᠠᠨ ᠯᠠᠨ᠂ 《ᠳᠥᠷᠪᠡᠨ ᠳᠦᠷᠦᠯ᠎ᠤᠨ ᠤᠰᠤᠨ᠎ᠳᠤ ᠳᠥᠷᠪᠡᠨ ᠪᠠᠷᠢᠮᠵᠢᠶ᠎ᠠ ᠲᠣᠭᠲᠠᠭ᠋ᠠᠬᠤ》 ᠵᠢ ᠠᠬᠢᠭᠤᠯᠬᠤ᠂ ᠬᠠᠲᠤᠨ ᠭᠣᠣᠯ᠎ᠳᠤ ᠴᠢᠳᠬᠤᠬᠤ ᠡᠯᠡᠰᠦ ᠰᠢᠪᠠᠷ᠎ᠤᠨ ᠬᠡᠮᠵᠢᠶ᠎ᠡ ᠵᠢ ᠪᠠᠭ᠋ᠠᠰᠬᠠᠬᠤ ᠵᠡᠷᠭᠡ 《ᠠᠷᠪᠠᠨ ᠶᠡᠬᠡ ᠠᠵᠢᠯᠯᠠᠭ᠎ᠠ》 ᠵᠢ ᠭᠦᠨᠵᠡᠭᠡᠢ ᠥᠷᠨᠢᠭᠦᠯᠵᠦ᠂ ᠬᠠᠲᠤᠨ ᠭᠣᠣᠯ᠎ᠤᠨ ᠳᠡᠭᠡᠳᠦ ᠳᠤᠮᠳᠠ ᠤᠷᠤᠰᠬᠠᠯ᠎ᠤᠨ ᠭᠤᠤ ᠵᠢ ᠵᠠᠰᠠᠬᠤ ᠭᠣᠣᠯᠯᠠᠭᠴᠢ ᠢᠨᠵᠧᠨᠧᠷᠢᠩ᠂ ᠠᠷᠰᠧᠨ ᠡᠯᠡᠰᠦᠨ ᠴᠢᠯᠠᠭᠤᠯᠢᠭ᠎ᠤᠨ ᠴᠢᠴᠠᠷᠭ᠋ᠠᠨ᠎ᠠ ᠵᠢᠨ ᠠᠮᠢ ᠠᠬᠤᠢ ᠵᠢᠨ ᠡᠯᠡᠰᠦ ᠵᠢ ᠪᠠᠭ᠋ᠠᠰᠬᠠᠬᠤ ᠢᠨᠵᠧᠨᠧᠷᠢᠩ᠂ ᠰᠢᠷ᠎ᠠ ᠬᠥᠷᠥᠰᠥᠲᠦ ᠥᠨᠳᠥᠷᠯᠢᠭ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠨᠦᠯᠦᠮᠡᠯ ᠭᠠᠵᠠᠷ᠎ᠤᠨ ᠬᠠᠰᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠢᠨᠵᠧᠨᠧᠷᠢᠩ᠂ ᠡᠯᠡᠰᠦ ᠵᠢ ᠬᠠᠰᠢᠵᠤ ᠤᠰᠤ ᠰᠣᠯᠢᠬᠤ ᠲᠤᠷᠰᠢᠯᠲᠠ ᠵᠢᠨ ᠢᠨᠵᠧᠨᠧᠷᠢᠩ ᠵᠡᠷᠭᠡ ᠵᠢ ᠪᠠᠢ᠌ᠷᠢᠯᠠᠭᠤᠯᠤᠨ ᠬᠡᠷᠡᠭᠵᠢᠭᠦᠯᠪᠡ᠃ ᠠᠶᠠᠨᠳᠠᠭ᠋ᠠᠨ ᠰᠡᠷᠭᠦᠭᠡᠬᠦ ᠪᠠ ᠬᠥᠮᠥᠨ᠎ᠤ ᠬᠦᠴᠦ᠎ᠪᠠᠷ ᠵᠠᠰᠠᠬᠤ᠂ ᠢᠨᠵᠧᠨᠧᠷᠢᠩ᠎ᠤᠨ ᠠᠷᠭ᠎ᠠ ᠬᠡᠮᠵᠢᠶ᠎ᠡ ᠪᠠ ᠠᠮᠢᠳᠤ ᠪᠣᠳᠠᠰ᠎ᠤᠨ ᠠᠷᠭ᠎ᠠ ᠬᠡᠮᠵᠢᠶ᠎ᠡ᠂ ᠵᠠᠰᠠᠵᠤ ᠬᠠᠮᠠᠭ᠋ᠠᠯᠠᠬᠤ ᠪᠠ ᠨᠡᠭᠡᠭᠡᠨ ᠠᠰᠢᠭᠯᠠᠬᠤ ᠵᠢ ᠬᠠᠷᠢᠯᠴᠠᠨ ᠤᠶᠠᠯᠳᠤᠭᠤᠯᠬᠤ ᠵᠠᠭᠪᠤᠷ᠎ᠢ ᠬᠡᠷᠡᠭᠯᠡᠨ᠂ ᠬᠥᠮᠥᠨ᠎ᠤ ᠬᠦᠴᠦ᠎ᠪᠠᠷ ᠵᠠᠰᠠᠬᠤ ᠲᠠᠯᠠᠪᠠᠶ ᠵᠢ ᠨᠠᠢ᠌ᠳᠠ 3054 km2᠎ᠢ ᠪᠡᠶᠡᠯᠡᠭᠦᠯᠵᠦ᠂ ᠨᠦᠯᠦᠮᠡᠯ ᠭᠠᠵᠠᠷ᠎ᠤᠨ ᠬᠠᠰᠢᠯᠭ᠎ᠠ 460᠂ ᠬᠥᠨᠳᠡᠢ ᠬᠠᠰᠢᠯᠭ᠎ᠠ ᠵᠢ 1268 ᠪᠠᠢ᠌ᠭᠤᠯᠵᠤ᠂ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ 3.64 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢᠨ ᠨᠣᠷᠮ᠎ᠠ 67.35%᠎ᠳᠤ ᠬᠥᠷᠪᠡ᠃ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠮᠤᠷ ᠲᠦᠪᠰᠢᠨ ᠵᠶ᠋ᠡᠷ ᠠᠰᠢᠭᠯᠠᠬᠤ ᠵᠢ ᠠᠬᠢᠭᠤᠯᠵᠤ᠂ 2022 ᠣᠨ᠎ᠳᠤ ᠲᠦᠮᠡᠨ ᠲᠥᠭᠥᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ ᠵᠢ ᠪᠠᠭᠤᠷᠠᠭᠤᠯᠤᠭ᠋ᠠᠳ 42.60 ᠪᠣᠰᠣᠭ᠎ᠠ ᠳᠥᠷᠪᠡᠯᠵᠢᠨ ᠮᠧᠲᠷ / ᠲᠦᠮᠡᠨ ᠲᠥᠭᠥᠷᠢᠭ ᠪᠣᠯᠭ᠋ᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠢ ᠠᠰᠢᠭᠯᠠᠯᠲᠠ ᠵᠢᠨ ᠢᠯᠡᠳᠬᠡᠮᠵᠢ ᠵᠢ 0.57 ᠪᠣᠯᠭ᠋ᠠᠨ ᠳᠡᠭᠡᠭᠰᠢᠯᠡᠭᠦᠯᠵᠦ᠂ ᠠᠮᠢ ᠠᠬᠤᠢ ᠵᠢᠨ ᠰᠢᠰᠲ᠋ᠧᠮ᠎ᠤᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠪᠠ ᠬᠥᠷᠥᠰᠥ ᠰᠢᠷᠣᠢ ᠵᠢ ᠬᠠᠮᠠᠭ᠋ᠠᠯᠠᠵᠤ ᠡᠯᠡᠰᠦ ᠵᠢ ᠬᠠᠮᠠᠭ᠋ᠠᠯᠠᠬᠤ ᠴᠢᠳᠠᠪᠤᠷᠢ ᠵᠢ ᠢᠯᠡᠳᠲᠡ ᠨᠡᠮᠡᠭᠳᠡᠭᠦᠯᠵᠦ᠂ 《ᠠᠷᠪᠠᠨ ᠶᠡᠬᠡ ᠬᠥᠨᠳᠡᠢ》 ᠵᠢᠨ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ᠎ᠨᠢ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ ᠬᠡᠪ ᠳᠠᠭᠤᠷᠢᠶᠠᠯ ᠪᠣᠯᠪᠠ᠃ 2022 ᠣᠨ᠎ᠤ ᠳᠣᠣᠷ᠎ᠠ ᠬᠠᠭ᠋ᠠᠰ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠲᠣᠭᠲᠠᠭ᠋ᠠᠭᠰᠠᠨ ᠵᠶ᠋ᠠᠷ ᠣᠷᠳᠣᠰ ᠬᠤᠳᠠ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠯᠲᠠ ᠵᠢᠨ ᠦᠷ᠎ᠡ ᠳ᠋ᠦᠩ ᠪᠦᠬᠦ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠵᠤ᠂ ᠬᠡᠳᠦᠨ ᠠᠷᠪᠠᠨ ᠵᠢᠯ᠎ᠤᠨ ᠦᠷᠭᠦᠯᠵᠢᠯᠡᠭᠰᠡᠨ ᠴᠢᠷᠮᠠᠢ᠌ᠯᠭ᠎ᠠ᠎ᠪᠠᠷ ᠳᠠᠮᠵᠢᠨ᠂ ᠪᠦᠬᠦ ᠬᠤᠳᠠ ᠵᠢᠨ ᠬᠥᠷᠥᠰᠥ ᠰᠢᠷᠣᠢ ᠵᠢᠨ ᠢᠳᠡᠭᠳᠡᠯ᠎ᠤᠨ ᠲᠠᠯᠠᠪᠠᠢ 1995 ᠣᠨ᠎ᠳᠤ 71159 km2 ᠪᠠᠢ᠌ᠭᠰᠠᠨ᠎ᠠᠴᠠ᠎ᠪᠠᠨ 2022 ᠣᠨ ᠪᠣᠯᠬᠤ᠎ᠳᠤ 33818 km2 ᠪᠣᠯᠣᠨ ᠪᠠᠭᠤᠷᠠᠵᠤ᠂ ᠬᠠᠲᠤᠨ ᠭᠣᠣᠯ᠎ᠤᠨ ᠡᠯᠡᠰᠦ ᠰᠢᠪᠠᠷ᠎ᠤᠨ ᠬᠡᠮᠵᠢᠶ᠎ᠡ ᠵᠢᠯ ᠪᠦᠷᠢ 1.5 ᠳ᠋ᠦᠩᠰᠢᠭᠤᠷ ᠲᠣᠨ ᠪᠠᠢ᠌ᠭᠰᠠᠨ᠎ᠠᠴᠠ᠎ᠪᠠᠨ 3000 ᠲᠦᠮᠡᠨ ᠲᠣᠨ᠎ᠠᠴᠠ ᠳᠣᠷᠣᠭᠰᠢ ᠪᠣᠯᠣᠨ ᠪᠠᠭ᠋ᠠᠰᠴᠤ᠂ 80% ᠰᠢᠬᠠᠮ᠎ᠢ ᠪᠠᠭ᠋ᠠᠰᠬᠠᠵᠤ᠂ ᠬᠠᠲᠤᠨ ᠭᠣᠣᠯ᠎ᠤᠨ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

      ᠭᠤᠷᠪᠠ᠂ ᠡᠨᠧᠷᠭᠢ ᠵᠢᠨ ᠰᠤᠷᠪᠤᠯᠵᠢ ᠵᠢᠨ ᠠᠵᠢᠯ ᠳᠦᠷᠦᠯ᠎ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢ ᠶᠡᠬᠡ᠎ᠪᠠᠷ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ᠎ᠳᠤ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠪᠠ

      ᠠᠷᠪᠠᠨ ᠬᠣᠶᠠᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠠᠴᠠ ᠨᠠᠭ᠋ᠠᠰᠢ᠂ 《ᠬᠣᠶᠠᠷ ᠥᠨᠳᠥᠷ ᠬᠣᠶᠠᠷ ᠳᠣᠣᠷ᠎ᠠ》 ᠲᠠᠷᠠᠬᠠᠢ ᠪᠤᠲᠠᠷᠬᠠᠢ ᠪᠣᠬᠢᠷᠲᠤᠯ ᠶᠡᠬᠡᠲᠡᠢ 700 ᠭᠠᠷᠤᠢ ᠠᠵᠤ ᠠᠬᠤᠢ᠌ᠯᠠᠯ᠎ᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ ᠡᠭᠦᠳᠡ ᠵᠢ᠎ᠨᠢ ᠬᠠᠭ᠋ᠠᠵᠤ᠂ 3500 ᠲᠦᠮᠡᠨ ᠲᠣᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠪᠡ᠃ ᠬᠦᠬᠦᠷ᠎ᠤᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠵᠢ 19 ᠲᠦᠮᠡᠨ ᠲᠣᠨ ᠰᠢᠬᠠᠮ ᠪᠠᠭ᠋ᠠᠰᠬᠠᠵᠤ᠂ ᠤᠲᠤᠭ᠎ᠠ ᠲᠣᠭᠣᠰᠣ ᠵᠢ 68 ᠲᠦᠮᠡᠨ ᠲᠣᠨ ᠪᠠᠭ᠋ᠠᠰᠬᠠᠵᠤ᠂ ᠭᠠᠵᠠᠷ ᠣᠷᠣᠨ᠎ᠤ ᠳᠦᠷᠢ ᠲᠥᠷᠬᠦ ᠵᠢ ᠤᠷᠳᠤ ᠬᠤᠭᠤᠴᠠᠭ᠎ᠠ᠎ᠪᠠᠷ ᠨᠥᠯᠥᠭᠡᠯᠡᠬᠦ ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠠᠰᠠᠭᠤᠳᠠᠯ᠎ᠢ ᠪᠦᠲᠦᠮᠵᠢᠲᠡᠢ᠎ᠪᠠᠷ ᠬᠣᠷᠢᠭᠯᠠᠪᠠ᠃ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ ᠬᠠᠲᠠᠭᠤ ᠪᠡᠷᠬᠡ ᠡᠭᠦᠷᠭᠡ ᠵᠢᠨ ᠡᠮᠦᠨ᠎ᠡ᠂ ᠵᠢᠯ ᠪᠦᠷᠢ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ ᠵᠢ 1000 ᠳᠦᠷᠦᠯ᠎ᠠᠴᠠ ᠳᠡᠭᠡᠭᠰᠢ ᠬᠡᠷᠡᠭᠵᠢᠭᠦᠯᠵᠦ᠂ ᠨᠡᠭᠦᠷᠡᠰᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠴᠠᠬᠢᠯᠭ᠋ᠠᠨ ᠬᠦᠴᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠡᠷᠭᠡ ᠠᠵᠢᠯ ᠳᠦᠷᠦᠯ᠎ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢ ᠬᠦᠴᠦᠯᠡᠨ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠳᠤ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠬᠤ ᠵᠢ ᠠᠬᠢᠭᠤᠯᠪᠠ᠃ 2014 ᠣᠨ᠎ᠠᠴᠠ ᠡᠬᠢᠯᠡᠨ ᠪᠥᠬᠥ ᠬᠣᠲᠠ᠎ᠳᠤ ᠡᠩ ᠲᠡᠷᠢᠭᠦᠨ᠎ᠳᠤ ᠨᠤᠨᠳᠠᠭ ᠬᠡᠯᠪᠡᠷᠢ ᠵᠢᠨ ᠪᠣᠳᠠᠰ᠎ᠤᠨ ᠮᠠᠲ᠋ᠧᠷᠢᠶᠠᠯ ᠣᠪᠣᠭ᠋ᠠᠯᠠᠬᠤ ᠲᠠᠯᠠᠪᠠᠶ ᠵᠢ ᠪᠦᠬᠦᠨ᠎ᠢ ᠪᠢᠲᠡᠭᠦᠮᠵᠢᠯᠡᠬᠦ ᠬᠠᠮᠢᠶᠠᠷᠤᠯᠲᠠ ᠵᠢ ᠬᠡᠷᠡᠭᠵᠢᠭᠦᠯᠵᠦ᠂ ᠠᠷᠪᠠᠨ ᠵᠢᠯ ᠰᠢᠬᠠᠮ᠎ᠤᠨ ᠴᠢᠷᠮᠠᠢ᠌ᠯᠭ᠎ᠠ᠎ᠪᠠᠷ ᠳᠡᠮᠵᠢᠨ ᠵᠠᠳᠠᠭ᠋ᠠᠢ ᠨᠡᠭᠦᠷᠡᠰᠦᠨ ᠠᠭᠤᠷᠬᠠᠢ ᠪᠠ ᠨᠡᠭᠦᠷᠡᠰᠦᠨ ᠠᠭᠤᠷᠬᠠᠢ ᠵᠢᠨ ᠪᠤᠰᠤ ᠠᠭᠤᠯᠠ ᠵᠢᠨ ᠨᠤᠨᠳᠠᠭ ᠬᠡᠯᠪᠡᠷᠢ ᠵᠢᠨ ᠪᠣᠳᠠᠰ᠎ᠤᠨ ᠮᠠᠲ᠋ᠧᠷᠢᠶᠠᠯ ᠣᠪᠣᠭ᠋ᠠᠯᠠᠬᠤ ᠲᠠᠯᠠᠪᠠᠶ ᠵᠢ ᠪᠦᠬᠦᠨ᠎ᠢ ᠪᠢᠲᠡᠭᠦᠮᠵᠢᠯᠡᠬᠦ 632 ᠢᠨᠵᠧᠨᠧᠷᠢᠩ᠎ᠢ ᠪᠡᠶᠡᠯᠡᠭᠦᠯᠵᠦ᠂ ᠲᠥᠪ ᠬᠣᠲᠠ ᠲᠣᠭᠣᠷᠢᠭ ᠵᠢᠴᠢ ᠬᠣᠰᠢᠭᠤ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ᠎ᠤᠨ 10 ᠲᠣᠨ ᠵᠢᠴᠢ ᠲᠡᠭᠦᠨ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠪᠦᠬᠦᠨ᠎ᠢ ᠰᠢᠭᠰᠢᠭᠳᠡᠭᠦᠯᠪᠡ᠃ 2022 ᠣᠨ᠎ᠳᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠢᠨᠵᠧᠨᠧᠷᠢᠩ᠎ᠢ 83 ᠵᠦᠢ᠍ᠯ ᠬᠡᠷᠡᠭᠵᠢᠭᠦᠯᠵᠦ᠂ 82 ᠵᠦᠢ᠍ᠯ᠎ᠢ᠎ᠨᠢ ᠳᠠᠭᠤᠰᠬᠠᠵᠤ᠂ ᠡᠯᠡᠰᠦ ᠲᠣᠭᠣᠰᠣᠲᠤ ᠴᠠᠭ ᠠᠭᠤᠷ᠎ᠢ ᠠᠷᠢᠯᠭ᠋ᠠᠭᠰᠠᠨ᠎ᠤ ᠳᠠᠷᠠᠭ᠋ᠠᠬᠢ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 93.4% ᠪᠣᠯᠪᠠ᠃ ᠤᠯᠤᠰ᠎ᠠᠴᠠ ᠡᠵᠡᠮᠳᠡᠬᠦ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠂ ᠬᠣᠲᠠ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠂ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠠᠮᠤᠷ ᠲᠦᠪᠰᠢᠨ᠎ᠤ ᠠᠰᠢᠭᠯᠠᠯᠲᠠ ᠵᠢᠨ ᠨᠣᠷᠮ᠎ᠠ ᠵᠢ ᠬᠣᠲᠠ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠭᠰᠡᠨ ᠨᠣᠷᠮ᠎ᠠ᠎ᠨᠢ 98.2%᠎ᠲᠤ ᠬᠦᠷᠴᠦ᠂ ᠠᠵᠤ ᠦᠢ᠍ᠯᠡᠳᠪᠦᠷᠢ ᠵᠢᠨ ᠪᠣᠬᠢᠷ ᠤᠰᠤ ᠵᠢ ᠪᠦᠬᠦᠨ᠎ᠢ ᠴᠤᠭᠯᠠᠭᠤᠯᠵᠤ᠂ ᠪᠦᠬᠦᠨ᠎ᠢ ᠰᠢᠢ᠍ᠳᠪᠦᠷᠢᠯᠡᠬᠦ ᠵᠢ ᠪᠡᠶᠡᠯᠡᠭᠦᠯᠵᠦ᠂ ᠬᠣᠲᠠ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠨᠢ 100%᠎ᠳᠤ ᠬᠦᠷᠴᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠬᠢᠨᠠᠭᠰᠠᠨ ᠰᠠᠪᠠ ᠭᠠᠵᠠᠷ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠰᠠᠶ᠋ᠢᠨ ᠨᠣᠷᠮ᠎ᠠ᠎ᠨᠢ 85.7%᠎ᠳᠤ ᠬᠥᠷᠪᠡ᠃ ᠪᠥᠬᠥ ᠬᠣᠲᠠ ᠵᠢᠨ 620 ᠲᠦᠮᠡᠨ ᠮᠦ᠍ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠥᠷᠥᠯ ᠢᠯᠭ᠋ᠠᠯ᠎ᠢ ᠬᠤᠪᠢᠶᠠᠷᠢᠯᠠᠬᠤ ᠠᠵᠢᠯ᠎ᠢ ᠪᠡᠶᠯᠡᠬᠦᠯᠵᠦ᠂ ᠴᠥᠮ ᠤᠷᠢᠳᠠᠪᠠᠷ ᠬᠠᠮᠠᠭ᠋ᠠᠯᠠᠬᠤ ᠲᠥᠷᠥᠯ ᠪᠠᠢ᠌ᠵᠤ᠂ ᠪᠥᠬᠥ ᠬᠣᠲᠠ ᠵᠢᠨ ᠪᠣᠬᠢᠷᠲᠤᠭᠰᠠᠨ ᠭᠠᠵᠠᠷ ᠪᠠ ᠪᠣᠬᠢᠷᠲᠤᠭᠰᠠᠨ ᠭᠠᠵᠠᠷ ᠰᠢᠷᠣᠢ ᠵᠢᠨ ᠠᠮᠤᠷ ᠲᠦᠪᠰᠢᠨ᠎ᠤ ᠠᠰᠢᠭᠯᠠᠯᠲᠠ ᠵᠢᠨ ᠨᠣᠷᠮ᠎ᠠ ᠵᠢ ᠴᠥᠮ 100%᠎ᠳᠤ ᠬᠦᠷᠦᠭᠦᠯᠪᠡ᠃

      ᠳᠥᠷᠪᠡ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠰᠢᠪᠲᠤᠯᠤᠯᠲᠠ ᠵᠢᠨ ᠴᠢᠨᠠᠷᠲᠠᠢ ᠠᠬᠢᠪᠠ

      ᠣᠷᠳᠣᠰ ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠪᠠᠷ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ ᠵᠢ ᠳᠠᠢ᠌ᠴᠢᠯᠠᠬᠤ ᠵᠢ ᠪᠠᠷᠢᠮᠲᠠᠯᠠᠵᠤ᠂ 《ᠰᠠᠯᠬᠢᠨ ᠬᠦᠴᠦ ᠭᠡᠷᠡᠯ ᠴᠡᠨᠡᠭ ᠤᠰᠤᠲᠥ᠋ᠷᠥᠭᠴᠢ ᠬᠠᠳᠠᠭ᠋ᠠᠯᠠᠬᠤ ᠲᠡᠷᠭᠡ》 ᠵᠢᠨ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠬᠥᠭᠵᠢᠭᠦᠯᠵᠦ᠂ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠪᠠ᠃ ᠬᠣᠶᠠᠷ ᠮᠢᠩᠭ᠋ᠠᠨ ᠲᠦᠮᠡᠨ ᠺᠢᠯᠣᠸᠠᠲ᠎ᠤᠨ ᠳᠡᠰ᠎ᠤᠨ ᠤᠯᠤᠰ᠎ᠤᠨ ᠲᠣᠮᠣ ᠬᠡᠯᠪᠡᠷᠢ ᠵᠢᠨ ᠥᠩᠭᠡ ᠦᠵᠡᠮᠵᠢ ᠵᠢᠨ ᠰᠠᠭᠤᠷᠢᠨ ᠭᠠᠵᠠᠷ ᠵᠥᠪᠰᠢᠶᠡᠷᠡᠭᠳᠡᠵᠦ᠂ ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠬᠡᠪᠴᠢᠶ᠎ᠡ᠎ᠲᠠᠢ 《ᠡᠯᠡᠰᠦ ᠮᠠᠩᠬ᠎ᠠ ᠭᠣᠪᠢ ᠴᠦᠯᠯᠡᠷᠬᠡᠭ》》᠎ᠤᠨ ᠰᠠᠯᠬᠢᠨ ᠬᠦᠴᠦᠨ ᠭᠡᠷᠡᠯ ᠴᠡᠨᠡᠭ᠎ᠤᠨ ᠰᠠᠭᠤᠷᠢᠨ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠢ᠌ᠭᠤᠯᠵᠤ᠂ ᠶᠤᠸᠠᠨ ᠵᠢᠩ᠂ ᠯᠦᠩ ᠵᠢᠢ᠂ ᠬᠤᠸᠠ ᠶᠢᠦ᠂ ᠲᠢᠶᠠᠨ ᠾᠧ ᠭᠡᠷᠡᠯ ᠴᠡᠨᠡᠭ᠎ᠤᠨ ᠡᠨᠧᠷᠭᠢ᠂ ᠰᠢᠶᠧ ᠰᠢᠨ ᠵᠡᠷᠭᠡ ᠠᠵᠢᠯ ᠳᠦᠷᠦᠯ᠎ᠤᠨ ᠲᠦᠷᠦᠭᠦᠦ ᠠᠵᠤ ᠠᠬᠤᠢ᠌ᠯᠠᠯ ᠬᠣᠢ᠌ᠨ᠎ᠠ ᠬᠣᠢ᠌ᠨ᠎ᠠ᠎ᠠᠴᠠ᠎ᠪᠠᠨ ᠰᠠᠭᠤᠷᠢᠰᠢᠵᠤ᠂ ᠪᠦᠬᠦ ᠣᠷᠣᠨ᠎ᠤ ᠠᠩᠬᠠᠳᠠᠭᠴᠢ ᠲᠣᠮᠣ ᠬᠡᠮᠵᠢᠶᠡᠨ᠎ᠤ ᠭᠡᠷᠡᠯ ᠴᠡᠨᠡᠭ᠎ᠤᠨ ᠤᠭᠰᠠᠷᠠᠭ᠎ᠠ ᠲᠣᠨᠣᠭ᠂ ᠠᠩᠬᠠᠳᠠᠭᠴᠢ ᠣᠳᠣᠬᠢᠴᠢᠯᠠᠭᠰᠠᠨ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠴᠠᠬᠢᠯᠭ᠋ᠠᠨ ᠵᠤᠤᠬ᠎ᠠ ᠵᠢ ᠦᠢ᠍ᠯᠡᠳᠪᠦᠷᠢᠯᠡᠵᠦ᠂ ᠠᠩᠬᠠᠳᠠᠭᠴᠢ ᠪᠣᠬᠢᠷᠲᠤᠯ ᠦᠭᠡᠢ ᠴᠠᠬᠢᠯᠭ᠋ᠠᠨ ᠵᠶ᠋ᠠᠷ ᠤᠰᠤᠲᠥ᠋ᠷᠥᠭᠴᠢ ᠦᠢ᠍ᠯᠡᠳᠬᠦ ᠤᠰᠤᠲᠥ᠋ᠷᠥᠭᠴᠢ ᠨᠡᠮᠡᠬᠦ ᠤᠰᠤᠲᠥ᠋ᠷᠥᠭᠴᠢ ᠵᠢ ᠬᠠᠳᠠᠭ᠋ᠠᠯᠠᠬᠤ ᠵᠢ ᠨᠢᠭᠡ ᠴᠣᠭᠴᠠᠵᠢᠭᠤᠯᠤᠭᠰᠠᠨ ᠳᠦᠷᠦᠯ ᠵᠦᠢ᠍ᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠡᠯᠡ ᠣᠷᠣᠭᠤᠯᠤᠯᠲᠠ 113.6% ᠨᠡᠮᠡᠭᠳᠡᠪᠡ᠃ ᠡᠯᠡᠰᠦ ᠮᠠᠩᠬ᠎ᠠ᠂ ᠭᠡᠷᠡᠯ ᠢᠯᠴᠢ ᠵᠢᠨ ᠡᠬᠢ ᠪᠠᠶᠠᠯᠢᠭ᠎ᠤᠨ ᠬᠠᠮᠲᠤᠷᠠᠯ᠎ᠤᠨ ᠳᠠᠪᠠᠭᠤᠯᠢᠭ᠎ᠲᠤ ᠲᠦᠰᠢᠭᠯᠡᠨ᠂ ᠬᠥᠪᠴᠢ ᠵᠢᠨ ᠡᠯᠡᠰᠦᠨ᠎ᠤ ᠥᠷᠥᠴᠡᠨ᠎ᠳᠤ ᠪᠥᠬᠥ ᠤᠯᠤᠰ᠎ᠤᠨ ᠬᠠᠮᠤᠭ᠎ᠤᠨ ᠶᠡᠬᠡ ᠡᠯᠡᠰᠦᠨ ᠴᠥᠯ᠎ᠤᠨ ᠲᠥᠪᠯᠡᠷᠡᠩᠭᠦᠢ ᠬᠡᠯᠪᠡᠷᠢ ᠵᠢᠨ ᠭᠡᠷᠡᠯ ᠵᠶ᠋ᠡᠷ ᠴᠠᠬᠢᠯᠭ᠋ᠠᠨ ᠭᠠᠷᠭ᠋ᠠᠬᠤ ᠰᠠᠭᠤᠷᠢᠨ ᠭᠠᠵᠠᠷ᠎ᠢ ᠪᠠᠢ᠌ᠭᠤᠯᠵᠤ᠂ 2022 ᠣᠨ᠎ᠳᠤ ᠣᠷᠳᠣᠰ ᠬᠣᠲᠠ 1500 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠵᠦᠢ᠍ᠯᠡᠰ᠎ᠢ ᠡᠬᠢᠯᠡᠭᠦᠯᠵᠦ᠂ ᠵᠢᠱ᠌ᠢᠯᠲᠡ᠎ᠪᠠᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ᠎ᠪᠠᠷ᠂ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ 5000 ᠲᠦᠮᠡᠨ ᠺᠢᠯᠣᠸᠠᠲ᠎ᠲᠤ ᠬᠦᠷᠴᠦ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢᠨ 50% ᠵᠢ ᠳᠠᠪᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠡᠭᠦᠯᠴᠢ᠎ᠪᠠᠷ 1 ᠳ᠋ᠦᠩᠰᠢᠭᠤᠷ ᠺᠢᠯᠣᠸᠠᠲ᠎ᠢ ᠳᠠᠪᠠᠵᠤ᠂ ᠰᠢᠨ᠎ᠡ ᠡᠨᠧᠷᠭᠢ ᠵᠢᠨ ᠰᠤᠷᠪᠤᠯᠵᠢ᠎ᠨᠢ ᠣᠷᠳᠣᠰ ᠬᠣᠲᠠ ᠵᠢᠨ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ᠎ᠤᠨ ᠭᠣᠣᠯ ᠬᠦᠴᠦᠨ ᠪᠣᠯᠬᠤ ᠪᠣᠯᠣᠨ᠎ᠠ᠃ ᠠᠵᠤ ᠦᠢ᠍ᠯᠡᠳᠪᠦᠷᠢ ᠵᠢᠨ ᠰᠢᠰᠲ᠋ᠧᠮ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠴᠢᠷᠮᠠᠢ᠌ᠨ ᠠᠬᠢᠭᠤᠯᠵᠤ᠂ ᠰᠢᠨ᠎ᠡ ᠡᠨᠧᠷᠭᠢ ᠵᠢᠨ ᠰᠤᠷᠪᠤᠯᠵᠢ ᠵᠢᠨ ᠬᠦᠨᠳᠦ ᠺᠠᠷᠲ᠂ ᠨᠣᠭᠣᠭ᠋ᠠᠨ ᠤᠰᠤᠲᠥ᠋ᠷᠥᠭᠴᠢ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠡᠷᠭᠡ 18 ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠡᠯᠬᠢᠶ᠎ᠡ ᠵᠢ ᠭᠣᠣᠯᠳᠠᠯᠭ᠎ᠠ᠎ᠲᠠᠢ ᠪᠤᠢ ᠪᠣᠯᠭ᠋ᠠᠵᠤ᠂ ᠣᠷᠣᠨ ᠪᠦᠰᠡ ᠵᠢᠨ ᠡᠯᠪᠡᠭ ᠪᠠᠶᠠᠯᠢᠭ ᠲᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠡᠬᠢ ᠪᠠᠶᠠᠯᠢᠭ ᠪᠠ ᠣᠶᠤᠨᠲᠤ ᠴᠠᠬᠢᠯᠭ᠋ᠠᠨ ᠲᠣᠣᠷ᠎ᠤᠨ ᠰᠢᠰᠲ᠋ᠧᠮ᠎ᠤᠨ ᠳᠠᠪᠠᠭᠤᠯᠢᠭ᠎ᠢ ᠪᠠᠳᠠᠷᠠᠭᠤᠯᠵᠤ᠂ ᠪᠦᠬᠦ ᠪᠥᠮᠪᠥᠷᠴᠡᠭ᠎ᠤᠨ ᠠᠩᠬᠠᠳᠠᠭᠴᠢ ᠨᠠᠭᠦᠷᠡᠰᠦᠲᠦ᠋ᠷᠦᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠢ᠌ᠭᠤᠯᠪᠠ᠃ ᠪᠥᠬᠥ ᠬᠣᠲᠠ᠎ᠳᠤ ᠡᠭᠡᠯᠵᠢᠲᠦ ᠥᠭᠡᠷᠡᠴᠢᠯᠡᠯᠲᠡ ᠵᠢᠨ ᠬᠦᠷᠢᠶᠡᠯᠡᠩ ᠲᠣᠭᠣᠷᠢᠭ 5 ᠪᠠᠢ᠌ᠵᠤ᠂ ᠤᠯᠤᠰ᠎ᠤᠨ ᠲᠠᠰ᠎ᠤᠨ ᠪᠣᠬᠢᠷᠲᠤᠯ ᠦᠭᠡᠢ ᠬᠦᠷᠢᠶᠡᠯᠡᠩ ᠲᠣᠭᠣᠷᠢᠭ 3᠂ ᠪᠣᠬᠢᠷᠲᠤᠯ ᠦᠭᠡᠢ ᠦᠢ᠍ᠯᠡᠳᠪᠦᠷᠢ 10᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠦᠭᠡᠢ ᠬᠦᠷᠢᠶᠡᠯᠡᠩ ᠲᠣᠭᠣᠷᠢᠭ 5᠂ ᠪᠣᠬᠢᠷᠲᠤᠯ ᠦᠭᠡᠢ ᠦᠢ᠍ᠯᠡᠳᠪᠦᠷᠢ 21 ᠵᠢ ᠪᠠᠢ᠌ᠭᠤᠯᠪᠠ᠃ ᠬᠣᠴᠣᠷᠤᠩᠭᠤᠶ ᠪᠠ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠢᠳᠡᠪᠬᠢᠲᠡᠢ᠎ᠪᠠᠷ ᠰᠢᠭᠰᠢᠭᠳᠡᠭᠦᠯᠦᠨ᠂ 2018 ᠣᠨ᠎ᠠᠴᠠ ᠨᠠᠭ᠋ᠠᠰᠢ᠂ 14 ᠨᠡᠭᠦᠷᠡᠰᠦᠨ ᠠᠭᠤᠷᠬᠠᠢ ᠵᠢ ᠬᠠᠭ᠋ᠠᠵᠤ᠂ 1170 ᠲᠦᠮᠡᠨ ᠲᠣᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠵᠦ᠂ ᠱᠦᠢ᠍ᠨᠢ᠂ ᠴᠠᠬᠢᠯᠠᠭᠤᠷ ᠴᠢᠯᠠᠭᠤ᠂ ᠬᠡᠦᠷᠰᠢᠮᠡᠯ ᠨᠡᠭᠦᠷᠡᠰᠦᠨ᠎ᠤ ᠠᠵᠢᠯ ᠳᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠨᠠᠢ᠌ᠳᠠ 110 ᠲᠦᠮᠡᠨ ᠲᠣᠨ ᠤᠬᠤᠷᠢᠭᠤᠯᠤᠨ ᠭᠠᠷᠭ᠋ᠠᠪᠠ᠃ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠳᠡᠭᠡᠳᠦ ᠳᠡᠰᠵᠢᠯᠡᠭᠰᠡᠨ᠂ ᠤᠯᠠᠨ ᠡᠰᠢᠵᠢᠭᠰᠡᠨ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠵᠤ᠂ 《ᠬᠣᠣᠰ ᠨᠠᠭᠦᠷᠡᠰᠦᠲᠦ᠋ᠷᠦᠭᠴᠢ》 ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠣᠭᠲᠠᠭ᠋ᠠᠵᠤ᠂ 《ᠭᠤᠷᠪᠠᠨ ᠥᠭᠡᠷᠡᠴᠢᠯᠡᠯᠲᠡ ᠵᠢ ᠬᠣᠯᠪᠣᠯᠳᠤᠭᠤᠯᠬᠤ》 ᠵᠢ ᠠᠬᠢᠭᠤᠯᠵᠤ᠂ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠨᠠᠢ᠌ᠳᠠ 173 ᠲᠦᠮᠡᠨ ᠺᠢᠯᠣᠸᠠᠲ ᠪᠡᠶᠡᠯᠡᠭᠦᠯᠵᠦ᠂ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠨᠠᠢ᠌ᠳᠠ 1818 ᠲᠦᠮᠡᠨ ᠺᠢᠯᠣᠸᠠᠲ ᠪᠡᠶᠡᠯᠡᠭᠦᠯᠪᠡ᠃

      2021 ᠣᠨ᠎ᠳᠤ ᠡᠨᠧᠷᠭᠢ ᠵᠢᠨ ᠬᠣᠷᠣᠭᠳᠠᠭᠤᠯᠤᠯ᠎ᠤᠨ 《ᠬᠣᠶᠠᠷ᠎ᠢ ᠡᠵᠡᠮᠳᠡᠬᠦ》 ᠠᠵᠢᠯ᠎ᠢ ᠴᠢᠩᠭ᠋ᠠᠳᠬᠠᠭᠰᠠᠨ᠎ᠠᠴᠠ ᠨᠠᠭ᠋ᠠᠰᠢ᠂ ᠪᠦᠬᠦ ᠠᠵᠢᠯ ᠳᠦᠷᠦᠯ᠎ᠤᠨ ᠡᠨᠧᠷᠭᠢ ᠵᠢᠨ ᠬᠣᠷᠣᠭᠳᠠᠭᠤᠯᠤᠯ᠎ᠤᠨ 《ᠬᠣᠶᠠᠷ᠎ᠢ ᠡᠵᠡᠮᠳᠡᠬᠦ》 ᠵᠢ ᠪᠦᠬᠦ ᠲᠠᠯ᠎ᠠ᠎ᠪᠠᠷ ᠠᠬᠢᠭᠤᠯᠵᠤ᠂ ᠡᠨᠧᠷᠭᠢ ᠵᠢᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠬᠦ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠣᠲᠠ ᠪᠠᠯᠭ᠋ᠠᠰᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ᠂ ᠳᠤᠮᠳᠠᠳᠤ ᠤᠯᠤᠰ᠎ᠤᠨ ᠠᠩᠬᠠᠳᠠᠭᠴᠢ ᠨᠠᠭᠦᠷᠡᠰᠦᠲᠦ᠋ᠷᠦᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠢ᠌ᠭᠤᠯᠬᠤ ᠵᠢ ᠠᠬᠢᠭᠤᠯᠬᠤ᠂ ᠠᠮᠢ ᠠᠬᠤᠢ ᠵᠢᠨ ᠰᠢᠰᠲ᠋ᠧᠮ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠴᠢᠳᠠᠪᠤᠷᠢ ᠵᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠪᠠ᠃ 2022 ᠣᠨ᠎ᠳᠤ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠦᠴᠦᠯᠡᠴᠡ ᠵᠢᠱ᠌ᠢᠯᠲᠡ᠎ᠪᠠᠷ 1.51%᠎ᠪᠠᠷ ᠪᠠᠭᠤᠷᠠᠵᠤ᠂ ᠬᠣᠶᠠᠷ ᠵᠢᠯ᠎ᠳᠤ ᠨᠠᠢ᠌ᠳᠠ 7.54%᠎ᠪᠠᠷ ᠪᠠᠭᠤᠷᠠᠵᠤ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠬᠢᠨᠠᠬᠤ ᠱᠠᠭ᠋ᠠᠷᠳᠠᠯᠭ᠎ᠠ ᠵᠢᠨ ᠴᠠᠭ᠎ᠤᠨ ᠳᠠᠷᠠᠭ᠋ᠠᠯᠠᠯ᠎ᠤᠨ ᠠᠬᠢᠴᠠ ᠵᠢ ᠪᠡᠶᠡᠯᠡᠭᠦᠯᠪᠡ᠃ 2022 ᠣᠨ᠎ᠳᠤ᠂ ᠪᠥᠬᠥ ᠬᠣᠲᠠ ᠵᠡᠷᠭᠡ ᠥᠷᠲᠡᠭᠲᠦ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ 7633.74 ᠲᠦᠮᠡᠨ ᠲᠣᠨ ᠪᠠᠷᠢᠮᠵᠢᠶᠠᠲᠤ ᠨᠡᠭᠦᠷᠡᠰᠦ (ᠵᠡᠷᠭᠡ ᠥᠷᠲᠡᠭ) ᠪᠠᠢ᠌ᠵᠤ᠂ ᠪᠥᠬᠥ ᠰᠢᠰᠲ᠋ᠧᠮ᠎ᠤᠨ ᠨᠢᠭᠡᠴᠢ GDP ᠵᠢᠨ ᠡᠨᠧᠷᠭᠢ ᠵᠢᠨ ᠬᠣᠷᠣᠭᠳᠠᠯ ᠠᠳᠠᠯᠢ ᠬᠤᠭᠤᠴᠠᠭ᠋ᠠᠨ᠎ᠤ᠎ᠬᠢ᠎ᠠᠴᠠ 2% ᠵᠶ᠋ᠠᠷ ᠪᠠᠭᠤᠷᠠᠵᠤ᠂ ᠪᠥᠬᠥ ᠬᠣᠲᠠ ᠵᠢᠨ 2022 ᠣᠨ᠎ᠤ ᠲᠦᠭᠦᠬᠡᠢ ᠮᠠᠲ᠋ᠧᠷᠢᠶᠠᠯ᠎ᠤᠨ ᠬᠡᠷᠡᠭᠯᠡᠬᠦ ᠡᠨᠧᠷᠭᠢ ᠵᠢᠨ ᠬᠡᠮᠵᠢᠶ᠎ᠡ 2104.31 ᠲᠦᠮᠡᠨ ᠲᠣᠨ ᠪᠠᠷᠢᠮᠵᠢᠶᠠᠲᠤ ᠨᠡᠭᠦᠷᠡᠰᠦ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠬᠡᠮᠵᠢᠶ᠎ᠡ 475.61 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠣᠯᠵᠠᠢ᠃ ᠤᠯᠤᠰ᠎ᠤᠨ ᠲᠦᠭᠦᠬᠡᠢ ᠮᠠᠲ᠋ᠧᠷᠢᠶᠠᠯ᠎ᠤᠨ ᠡᠨᠧᠷᠭᠢ ᠬᠡᠷᠡᠭᠯᠡᠬᠦ ᠪᠠ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ ᠵᠢ ᠡᠨᠧᠷᠭᠢ ᠵᠢᠨ ᠬᠣᠷᠣᠭᠳᠠᠭᠤᠯᠤᠯ᠎ᠤᠨ ᠬᠣᠣᠰ ᠡᠵᠡᠮᠳᠡᠯ᠎ᠤᠨ ᠬᠢᠨᠠᠨ ᠰᠢᠯᠭ᠋ᠠᠬᠤ ᠲᠥᠷᠥ ᠵᠢᠨ ᠪᠣᠳᠣᠯᠭ᠎ᠠ᠎ᠳᠤ ᠦᠯᠦ ᠣᠷᠣᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ 2022 ᠣᠨ᠎ᠤ ᠨᠢᠭᠡᠴᠢ GDP ᠵᠢᠨ ᠡᠨᠧᠷᠭᠢ ᠵᠢᠨ ᠬᠣᠷᠣᠭᠳᠠᠭᠤᠯᠤᠯ᠎ᠢ ᠠᠳᠠᠯᠢ ᠬᠤᠭᠤᠴᠠᠭ᠋ᠠᠨ᠎ᠤ᠎ᠬᠢ᠎ᠠᠴᠠ 5.49%᠎ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ 1.7%᠎ᠪᠠᠷ ᠪᠠᠭᠤᠷᠠᠭᠤᠯᠬᠤ ᠬᠠᠷᠠᠯᠲᠠ᠎ᠠᠴᠠ ᠳᠠᠪᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠡᠨᠧᠷᠭᠢ ᠵᠢᠨ ᠬᠣᠷᠣᠭᠳᠠᠭᠤᠯᠤᠯ᠎ᠤᠨ ᠬᠣᠣᠰ ᠡᠵᠡᠮᠳᠡᠯ᠎ᠤᠨ ᠡᠭᠦᠷᠭᠡ ᠵᠢᠨ ᠬᠠᠷᠠᠯᠲᠠ ᠵᠢ ᠳᠠᠪᠠᠭᠤᠯᠤᠨ ᠪᠡᠶᠡᠯᠡᠭᠦᠯᠵᠦ᠂ 2021 — 2022 ᠨᠢᠭᠡᠴᠢ GDP ᠵᠢᠨ ᠡᠨᠧᠷᠭᠢ ᠵᠢᠨ ᠬᠣᠷᠣᠭᠳᠠᠭᠤᠯᠤᠯ᠎ᠢ ᠨᠠᠢ᠌ᠳᠠ 14.5%᠎ᠪᠠᠷ ᠪᠠᠭᠤᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠶᠡᠷᠦᠩᠬᠡᠢ ᠠᠬᠢᠴᠠ ᠵᠢ 87%᠎ᠪᠠᠷ ᠪᠡᠶᠡᠯᠡᠭᠦᠯᠪᠡ᠃

      ᠲᠠᠪᠤ᠂ ᠠᠮᠢ ᠠᠬᠤᠢ ᠵᠢᠨ ᠰᠠᠭᠤᠷᠢᠰᠢᠬᠤ᠎ᠳᠤ ᠲᠣᠬᠢᠷᠠᠮᠵᠢᠲᠠᠢ ᠬᠣᠲᠠ ᠵᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠣᠷᠳᠣᠰ᠎ᠤᠨ ᠪᠦᠲᠦᠭᠡᠨ ᠪᠠᠢ᠌ᠭᠤᠯᠤᠯᠲᠠ ᠵᠢ ᠰᠢᠨ᠎ᠡ ᠠᠬᠢᠴᠠ᠎ᠲᠠᠢ ᠪᠣᠯᠭ᠋ᠠᠪᠠ

      ᠣᠷᠳᠣᠰ ᠢᠮᠠᠭᠲᠠ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠬᠠᠩᠭ᠋ᠠᠬᠤ᠎ᠪᠠᠷ ᠡᠴᠦᠰ᠎ᠤᠨ ᠬᠠᠷᠠᠯᠲᠠ᠎ᠪᠠᠨ ᠪᠣᠯᠭ᠋ᠠᠵᠤ᠂ ᠠᠮᠢ ᠠᠬᠤᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠵᠤ᠂ ᠪᠦᠲᠦᠭᠡᠨ ᠪᠠᠢ᠌ᠭᠤᠯᠤᠭᠰᠠᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠤᠷᠮ᠎ᠠ ᠪᠣᠯᠣᠨ ᠨᠣᠭᠣᠭ᠋ᠠᠷᠠᠭᠤᠯᠤᠯᠲᠠ ᠵᠢᠨ ᠨᠤᠷᠮ᠎ᠠ ᠵᠢ ᠲᠤᠰ ᠲᠤᠰ 44.55% ᠪᠣᠯᠣᠨ 41.23%᠎ᠳᠤ ᠬᠦᠷᠭᠡᠵᠦ᠂ ᠬᠥᠮᠥᠨ ᠪᠦᠷᠢ᠎ᠳᠤ ᠳᠤᠮᠳᠠᠴᠢ᠎ᠪᠠᠷ ᠨᠣᠭᠳᠠᠬᠤ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠢ ᠵᠢ 37.4 ᠲᠡᠭᠰᠢ ᠳᠥᠷᠪᠡᠯᠵᠢᠨ ᠮᠧᠲᠷ᠎ᠲᠤ ᠬᠦᠷᠭᠡᠵᠡᠢ᠃ ᠬᠤᠳᠠ ᠬᠥᠳᠡᠭᠡ ᠵᠢᠨ ᠠᠷᠠᠳ ᠲᠦᠮᠡᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠵᠢ ᠴᠢᠷᠮᠠᠢ᠌ᠨ ᠠᠬᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠠᠬᠢᠭᠤᠯᠬᠤ᠎ᠪᠠᠷ ᠳᠠᠮᠵᠢᠭᠤᠯᠵᠤ᠂ ᠬᠥᠳᠡᠭᠡ ᠲᠣᠰᠬᠤᠨ᠎ᠤ ᠤᠰᠤ ᠵᠣᠷᠯᠣᠩ᠎ᠢ ᠥᠭᠡᠷᠡᠴᠢᠯᠡᠨ ᠰᠠᠢ᠌ᠵᠢᠷᠠᠭᠤᠯᠬᠤ᠂ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠲᠣᠣᠷ᠎ᠲᠤ ᠨᠡᠶ᠋ᠢᠯᠡᠭᠦᠯᠬᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠲᠣᠰᠬᠤᠨ᠎ᠳᠤ ᠣᠷᠣᠭᠤᠯᠬᠤ᠂ ᠬᠤᠳᠠ ᠬᠥᠳᠡᠭᠡ ᠵᠢᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠨᠢᠭᠡ ᠴᠣᠭᠴᠠᠵᠢᠭᠤᠯᠤᠨ ᠬᠠᠮᠢᠶᠠᠷᠬᠤ ᠵᠡᠷᠭᠡ ᠤᠯᠠᠨ ᠵᠦᠢ᠍ᠯ᠎ᠤᠨ ᠠᠷᠭ᠎ᠠ ᠪᠠᠷᠢᠯ᠎ᠢ ᠲᠥᠪᠯᠡᠷᠡᠭᠦᠯᠦᠨ ᠬᠡᠷᠡᠭᠵᠢᠭᠦᠯᠵᠦ᠂ ᠬᠥᠳᠡᠭᠡ ᠲᠣᠰᠬᠤᠨ᠎ᠤ ᠪᠣᠬᠢᠷ ᠤᠰᠤ᠂ ᠬᠣᠭ ᠨᠣᠪᠰᠢ ᠵᠢᠨ ᠪᠣᠬᠢᠷᠲᠤᠯ᠎ᠤᠨ ᠠᠰᠠᠭᠤᠳᠠᠯ᠎ᠢ ᠰᠢᠢ᠍ᠳᠪᠦᠷᠢᠯᠡᠪᠡ᠃ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠪᠠ ᠬᠥᠮᠥᠰ᠎ᠤᠨ ᠣᠷᠣᠰᠢᠨ ᠰᠠᠭᠤᠬᠤ ᠣᠷᠴᠢᠨ ᠠᠬᠤᠢ ᠵᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠥᠷᠨᠢᠭᠦᠯᠵᠦ᠂ 7703 ᠡᠷᠦᠬᠡ ᠵᠢᠨ ᠵᠣᠷᠯᠣᠩ᠎ᠢ ᠴᠡᠭᠴᠡᠯᠡᠨ ᠵᠠᠰᠠᠵᠤ᠂ ᠬᠣᠭ ᠨᠣᠪᠰᠢ ᠪᠣᠬᠢᠷ ᠤᠰᠤ ᠵᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠬᠤ ᠵᠢᠨ ᠬᠠᠮᠲᠤ ᠪᠦᠬᠦ ᠤᠯᠤᠰ᠎ᠤᠨ ᠠᠩᠬᠠᠳᠠᠭᠴᠢ ᠪᠦᠯᠦᠭ 《ᠳᠦᠷᠪᠡᠨ ᠰᠠᠢ᠌ᠨᠲᠠᠢ ᠬᠥᠳᠡᠭᠡ ᠲᠣᠰᠬᠤᠨ᠎ᠤ ᠵᠠᠮ》᠎ᠤᠨ ᠵᠢᠱ᠌ᠢᠶ᠎ᠡ ᠦᠵᠡᠭᠦᠯᠬᠦ ᠬᠣᠲᠠ᠎ᠪᠠᠷ ᠦᠨᠡᠯᠡᠭᠳᠡᠪᠡ᠃ ᠬᠤᠳᠠ ᠵᠢᠨ ᠶᠠᠪᠤᠳᠠᠯ᠎ᠤᠨ 128 ᠵᠦᠢ᠍ᠯ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠢ ᠬᠡᠷᠡᠭᠵᠢᠭᠦᠯᠵᠦ᠂ 72 ᠬᠠᠭᠤᠴᠢᠨ ᠵᠢᠵᠢᠭ ᠲᠣᠭᠣᠷᠢᠭ᠂ 5553 ᠡᠷᠦᠭᠡ ᠵᠢ ᠥᠭᠡᠷᠡᠴᠢᠯᠡᠨ ᠵᠠᠰᠠᠵᠤ᠂ 1674 ᠢᠵᠢ ᠲᠥᠬᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠵᠠᠰᠠᠬᠤ ᠠᠵᠢᠯ᠎ᠢ ᠡᠬᠢᠯᠡᠭᠦᠯᠵᠦ᠂ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠭᠰᠡᠨ ᠨᠤᠷᠮ᠎ᠠ 99% ᠰᠢᠬᠠᠮ᠎ᠳᠤ ᠬᠦᠷᠪᠡ᠃ ᠡᠭᠦᠨ᠎ᠠᠴᠠ ᠭᠠᠳᠠᠨ᠎ᠠ᠂ ᠣᠷᠳᠣᠰ ᠬᠤᠳᠠ ᠵᠢᠨ᠎ᠬᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠪᠣᠯᠣᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠠᠭᠪᠤᠷ ᠪᠣᠯᠣᠨ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠵᠢᠨ ᠵᠢᠭᠤᠯᠴᠢᠯᠠᠯ᠂ ᠠᠮᠢ ᠠᠬᠤᠢ ᠵᠢᠨ ᠭᠡᠷᠡᠯ ᠴᠡᠨᠡᠭ᠂ ᠤᠢ ᠰᠢᠭᠤᠢ ᠡᠯᠡᠰᠦᠨ᠎ᠤ ᠠᠵᠤ ᠦᠢ᠍ᠯᠡᠰ ᠵᠡᠷᠭᠡ ᠵᠢ ᠶᠡᠬᠡᠪᠡᠷ ᠬᠥᠭᠵᠢᠭᠦᠯᠪᠡ᠃ ᠣᠳᠣᠬᠠᠨ᠎ᠳᠤ ᠪᠦᠬᠦ ᠬᠤᠳᠠ ᠵᠢᠨ ᠤᠢ ᠰᠢᠭᠤᠢ ᠡᠯᠡᠰᠦᠨ᠎ᠤ ᠠᠵᠤ ᠦᠢ᠍ᠯᠡᠰ᠎ᠤᠨ ᠵᠢᠯ᠎ᠤᠨ ᠦᠢ᠍ᠯᠡᠳᠬᠦᠨ᠎ᠤ ᠥᠷᠲᠡᠭ 45 ᠳ᠋ᠦᠩᠰᠢᠭᠤᠷ ᠲᠥᠭᠥᠷᠢᠭ᠎ᠢ ᠳᠠᠪᠠᠵᠤ᠂ ᠳᠠᠭᠤᠲᠤ ᠨᠠᠭᠤᠷ᠂ ᠪᠦᠷᠢᠶ᠎ᠡ ᠮᠠᠩᠬ᠎ᠠ ᠵᠡᠷᠭᠡ ᠠᠮᠢ ᠠᠬᠤᠢ ᠵᠢᠨ ᠦᠵᠡᠮᠵᠢ ᠵᠢᠨ ᠣᠷᠣᠨ ᠵᠢᠯ᠎ᠳᠤ ᠮᠢᠩᠭ᠋ᠠᠨ ᠲᠦᠮᠡ ᠰᠢᠬᠠᠮ ᠬᠥᠮᠥᠨ ᠤᠳᠠᠭ᠎ᠠ ᠵᠢᠨ ᠵᠤᠭ᠋ᠠᠴᠠᠭᠰᠠᠳ᠎ᠢ ᠬᠦᠯᠢᠶᠡᠨ ᠠᠪᠴᠤ᠂ ᠠᠮᠢ ᠠᠬᠤᠢ ᠵᠢᠨ ᠠᠵᠤ ᠦᠢ᠍ᠯᠡᠰ᠎ᠨᠢ 30 ᠲᠦᠮᠡᠨ ᠮᠠᠯᠴᠢᠨ ᠲᠠᠷᠢᠶᠠᠴᠢᠨ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠵᠤ᠂ ᠡᠯᠡᠰᠦᠷᠬᠡᠭ ᠣᠷᠣᠨ᠎ᠤ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠣᠷᠣᠯᠭ᠎ᠠ ᠥᠩᠭᠡᠷᠡᠭᠰᠡᠨ᠎ᠳᠤ 400 ᠲᠥᠭᠥᠷᠢᠭ ᠬᠦᠷᠬᠦ ᠦᠭᠡᠢ ᠪᠠᠢ᠌ᠭᠰᠠᠨ᠎ᠠᠴᠠ᠎ᠪᠠᠨ ᠨᠡᠮᠡᠭᠳᠡᠭᠡᠳ 1.5 ᠲᠦᠮᠡᠨ ᠲᠥᠭᠥᠷᠢᠭ᠎ᠲᠤ ᠬᠦᠷᠴᠦ᠂ ᠪᠦᠬᠦ ᠬᠤᠳᠠ ᠵᠢᠨ ᠠᠷᠠᠳ ᠲᠦᠮᠡᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠬᠦ ᠬᠡᠪ ᠳᠠᠭᠤᠷᠢᠶᠠᠯ᠎ᠢ ᠡᠭᠦᠳᠴᠡᠢ᠃

      ᠵᠢᠷᠭᠤᠭ᠎ᠠ᠂ ᠠᠮᠢ ᠠᠬᠤᠢ ᠵᠢᠨ ᠪᠣᠯᠪᠠᠰᠤᠨ᠎ᠤ ᠬᠠᠤᠯᠢ ᠲᠣᠭᠲᠠᠭ᠋ᠠᠯ᠎ᠤᠨ ᠲᠣᠭᠲᠠᠴᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭ᠋ᠠᠨᠴᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮ᠎ᠢ ᠪᠦᠷᠢᠯᠳᠦᠭᠦᠯᠪᠡ

      ᠣᠷᠳᠣᠰ ᠬᠤᠳᠠ ᠵᠢᠨ᠎ᠬᠢᠨ ᠢᠮᠠᠭᠲᠠ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠭᠣᠣᠯ ᠡᠭᠦᠷᠭᠡ ᠪᠣᠯᠭ᠋ᠠᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠳᠦᠷᠢᠮ᠂ ᠠᠵᠤ ᠠᠬᠤᠢ ᠵᠢᠨ ᠠᠷᠭ᠎ᠠ ᠪᠠᠷᠢᠯ ᠵᠡᠷᠭᠡ ᠤᠯᠠᠨ ᠲᠠᠯ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠡᠢ᠃ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠯᠭ᠋ᠠᠨ ᠬᠢᠨᠠᠬᠤ ᠪᠠ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ》᠎ᠤᠨ ᠰᠢᠨ᠎ᠡ ᠵᠢ ᠡᠭᠦᠳᠴᠦ᠂ 《ᠣᠷᠳᠣᠰ ᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠡᠷᠡᠭᠵᠢᠭᠦᠯᠬᠦ ᠲᠥᠰᠥᠯ》᠎ᠢ ᠲᠣᠭᠲᠠᠭ᠋ᠠᠪᠠ᠃ ᠨᠠᠮ ᠵᠠᠰᠠᠭ᠎ᠤᠨ ᠤᠳᠤᠷᠢᠳᠤᠯᠭ᠎ᠠ ᠬᠠᠷᠢᠭᠤᠴᠠᠬᠤ ᠳᠦᠷᠢᠮ ᠵᠶ᠋ᠡᠷ ᠭᠣᠣᠯ ᠪᠣᠯᠭ᠋ᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠪᠠᠢ᠌ᠴᠠᠭ᠋ᠠᠬᠤ ᠳᠠᠷᠤᠭ᠎ᠠ + ᠴᠠᠭᠳᠠᠭ᠋ᠠᠨ᠎ᠤ ᠳᠠᠷᠤᠭ᠎ᠠ ᠵᠢᠨ 《ᠭᠤᠷᠪᠠᠨ ᠳᠠᠷᠤᠭ᠎ᠠ》 ᠬᠠᠮᠵᠢᠯᠴᠠᠭᠰᠠᠨ᠂ 22 ᠬᠠᠷᠢᠭᠤᠴᠠᠯᠭ᠋ᠠᠲᠤ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠭᠰᠡᠨ ᠤᠰᠤ ᠵᠠᠰᠠᠬᠤ ᠪᠠᠢ᠌ᠷᠢᠰᠢᠯ᠎ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭᠴᠠ ᠪᠦᠬᠦ ᠤᠯᠤᠰ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠲᠡᠷᠢᠭᠦᠨ᠎ᠤ ᠠᠵᠢᠯᠲᠠᠨ᠂ ᠪᠦᠬᠦ ᠤᠯᠤᠰ᠎ᠤᠨ ᠲᠡᠷᠢᠭᠦᠨ᠎ᠤ ᠬᠠᠮᠲᠤ᠂ ᠪᠦᠬᠦ ᠤᠯᠤᠰ᠎ᠤᠨ ᠰᠢᠯᠢᠳᠡᠭ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠡᠷᠭᠡ ᠭᠤᠷᠪᠠᠨ ᠢᠷᠠᠭᠤ ᠠᠯᠳᠠᠷ᠎ᠢ ᠵᠡᠷᠭᠡᠪᠡᠷ ᠭᠥᠷᠳᠡᠭᠰᠡᠨ ᠠᠶ᠋ᠢᠮᠠᠭ ᠬᠤᠳᠠ ᠪᠣᠯᠣᠨ᠎ᠠ᠃ ᠪᠥᠬᠥ ᠤᠯᠤᠰ᠎ᠲᠤ 《ᠣᠷᠳᠣᠰ ᠬᠣᠲᠠ ᠵᠢᠨ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠨᠡᠭᠡᠭᠡᠨ ᠠᠰᠢᠭᠯᠠᠬᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》᠎ᠢ ᠠᠩᠬ᠎ᠠ ᠤᠳᠠᠭ᠎ᠠ ᠲᠣᠭᠲᠠᠭ᠋ᠠᠵᠤ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠨᠡᠭᠡᠭᠡᠨ ᠮᠠᠯᠲᠠᠬᠤ ᠠᠵᠢᠯ ᠲᠥᠷᠥᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠡᠵᠡᠮᠳᠡᠯ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠤᠰᠤᠨ᠎ᠤ ᠣᠷᠴᠢᠨ ᠲᠣᠭᠣᠷᠢᠨ᠎ᠤ ᠠᠮᠢ ᠠᠬᠤᠢ ᠵᠢ ᠬᠢᠨᠠᠨ ᠰᠢᠯᠭ᠋ᠠᠵᠤ ᠨᠥᠬᠥᠪᠦᠷᠢ ᠥᠭᠬᠦ ᠵᠢ ᠤᠷᠢᠳᠠᠪᠠᠷ ᠬᠡᠷᠡᠭᠵᠢᠭᠦᠯᠵᠦ᠂ ᠬᠢᠯᠢ ᠵᠢᠨ ᠳᠣᠲᠣᠷᠠᠬᠢ ᠬᠠᠲᠤᠨ ᠭᠣᠣᠯ᠎ᠤᠨ ᠭᠣᠣᠯ ᠰᠠᠯᠪᠤᠷᠢ ᠤᠷᠤᠰᠬᠠᠯ᠎ᠤᠨ ᠬᠣᠰᠢᠭᠤ ᠣᠷᠣᠨ ᠠᠯᠤᠰᠯᠠᠭᠰᠠᠨ ᠠᠮᠢ ᠠᠬᠤᠢ ᠵᠢᠨ ᠨᠥᠬᠥᠪᠦᠷᠢ ᠥᠭᠬᠦ ᠲᠣᠭᠲᠠᠴᠠ ᠵᠢ ᠪᠠᠢ᠌ᠭᠤᠯᠪᠠ᠃ 《ᠣᠷᠳᠣᠰ ᠬᠣᠲᠠ ᠵᠢᠨ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠨ ᠬᠡᠷᠡᠭᠵᠢᠭᠦᠯᠵᠦ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠠᠭᠤᠷᠢ ᠮᠥᠩᠭᠥ ᠵᠢ ᠪᠤᠳᠤᠵᠤ ᠭᠠᠷᠭ᠋ᠠᠨ ᠠᠪᠴᠤ ᠬᠡᠷᠡᠭᠯᠡᠭᠰᠡᠨ ᠲᠡᠷᠢᠭᠦᠨ᠎ᠤ ᠠᠷᠭ᠎ᠠ ᠬᠢᠳᠡᠯ᠎ᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ ᠵᠡᠷᠭᠡ ᠳᠥᠷᠪᠡᠨ ᠶᠠᠮᠤᠨ ᠬᠣᠷᠢᠶ᠎ᠠ᠎ᠠᠴᠠ ᠤᠯᠤᠰ᠎ᠤᠨ 《13 · 5》 ᠵᠢᠨ ᠲᠥᠯᠦᠪᠵᠢᠭᠦᠯᠭᠡ ᠵᠢᠨ ᠨᠡᠢ᠌ᠲᠡᠯᠢᠭ ᠲᠤᠷᠰᠢᠯᠭ᠎ᠠ ᠵᠢᠨ ᠬᠡᠷᠡᠭ᠎ᠤᠨ ᠵᠢᠱ᠌ᠢᠶ᠎ᠡ᠎ᠳᠤ ᠵᠢᠭᠰᠠᠭ᠋ᠠᠨ ᠣᠷᠣᠭᠤᠯᠵᠤ᠂ ᠪᠥᠬᠥ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠬᠡᠷᠡᠭ᠎ᠤᠨ ᠵᠢᠱ᠌ᠢᠶ᠎ᠡ ᠪᠣᠯᠭ᠋ᠠᠨ ᠪᠥᠬᠥ ᠤᠯᠤᠰ᠎ᠲᠤ ᠳᠡᠯᠭᠡᠷᠡᠭᠦᠯᠪᠡ᠃ 2016 ᠣᠨ᠎ᠳᠤ ᠬᠠᠤᠯᠢ ᠲᠣᠭᠲᠠᠭ᠋ᠠᠬᠤ ᠡᠷᠬᠡ᠎ᠲᠠᠢ ᠪᠣᠯᠤᠭᠰᠠᠨ᠎ᠠᠴᠠ ᠨᠠᠭ᠋ᠠᠰᠢ᠂ 《ᠣᠷᠳᠣᠰ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》 《ᠣᠷᠳᠣᠰ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》 ᠵᠡᠷᠭᠡ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠣᠷᠣᠨ ᠨᠤᠲᠤᠭ᠎ᠤᠨ ᠴᠢᠨᠠᠷᠲᠠᠢ ᠵᠢᠷᠭᠤᠭ᠋ᠠᠨ ᠬᠠᠤᠯᠢ ᠲᠣᠭᠲᠠᠭ᠋ᠠᠯ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠲᠣᠭᠲᠠᠭ᠋ᠠᠯ᠎ᠤᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠬᠥᠬᠡᠬᠣᠲᠠ ᠵᠢᠨ ᠰᠢᠨ᠎ᠡ ᠬᠤᠳᠠ ᠲᠣᠭᠣᠷᠢᠭ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤ
ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠤᠯᠲᠠ ᠳᠠᠬᠢᠨᠲᠠ ᠰᠢᠨ᠎ᠡ ᠦᠷ᠎ᠡ ᠪᠦᠲᠦᠮᠵᠢ ᠣᠯᠵᠤ ᠳᠠᠬᠢᠨᠲᠠ ᠰᠢᠨ᠎ᠡ ᠳᠡᠭᠲᠡᠷ᠎ᠲᠤ ᠭᠠᠷᠪᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠡᠷᠢᠶᠡᠨ ᠬᠤᠳᠠ
 
             蒙ICP备05000248号