ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠬᠥᠬᠡᠬᠣᠲᠠ ᠵᠢᠨ ᠰᠢᠨ᠎ᠡ ᠬᠤᠳᠠ ᠲᠣᠭᠣᠷᠢᠭ
ᠨᠡᠶ᠋ᠢᠲᠡᠯᠡᠭᠰᠡᠨ ᠴᠠᠭ᠄ 2023-12-14

      ᠰᠢᠨ᠎ᠡ ᠬᠣᠲᠠ ᠲᠣᠭᠣᠷᠢᠭ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠪᠦᠬᠦ ᠬᠦᠴᠦᠨ ᠵᠶ᠋ᠡᠷ ᠵᠶ᠋ᠡᠨ ᠳᠦᠷᠦᠯ ᠵᠦᠢ᠍ᠯ᠎ᠢ ᠠᠳᠬᠤᠬᠤ᠂ ᠪᠡᠯᠡ ᠣᠷᠣᠭᠤᠯᠤᠯᠲᠠ ᠵᠢ ᠠᠬᠢᠭᠤᠯᠬᠤ᠂ ᠦᠢ᠍ᠯᠡᠴᠢᠯᠡᠭᠡ ᠵᠢ ᠴᠢᠩᠭ᠋ᠠᠳᠬᠠᠬᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠣᠶᠣᠯ ᠵᠢᠭᠤᠯᠴᠢᠯᠠᠯ᠂ ᠠᠮᠢ ᠠᠬᠤᠢ ᠵᠢᠨ ᠬᠠᠮᠠᠭ᠋ᠠᠯᠠᠯᠲᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠦᠢ᠍ᠯᠡᠴᠢᠯᠡᠭᠡᠨ᠎ᠤ ᠦᠢ᠍ᠯᠡᠰ ᠵᠶ᠋ᠡᠷ ᠭᠣᠣᠯ ᠴᠣᠭᠴᠠ ᠪᠣᠯᠭ᠋ᠠᠭᠰᠠᠨ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠵᠶ᠋ᠡᠷ ᠲᠤᠯᠭ᠋ᠠᠭᠤᠷᠢᠯᠠᠯ ᠪᠣᠯᠭ᠋ᠠᠭᠰᠠᠨ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠠᠵᠤ ᠦᠢ᠍ᠯᠡᠰ ᠵᠶ᠋ᠡᠷ ᠳᠠᠪᠠᠭᠤᠯᠢᠭ ᠪᠣᠯᠭ᠋ᠠᠭᠰᠠᠨ ᠶᠡᠷᠦᠩᠬᠡᠢ ᠬᠥᠭᠵᠢᠯᠲᠡ ᠵᠢᠨ ᠪᠠᠢ᠌ᠷᠢᠰᠢᠯ᠎ᠢ ᠪᠦᠷᠢᠯᠳᠦᠭᠦᠯᠪᠡ᠃ ᠤᠷᠢᠳ ᠬᠣᠵᠢᠳ ᠪᠦᠬᠦ ᠤᠯᠤᠰ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ ᠵᠶ᠋ᠠᠷ ᠵᠠᠭᠤᠨ ᠬᠦᠴᠦᠷᠬᠡᠭ ᠣᠷᠣᠨ᠂ ᠪᠦᠬᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠡᠷᠢᠭᠦᠨ᠎ᠤ ᠣᠷᠣᠨ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠂ ᠤᠯᠤᠰ᠎ᠤᠨ ᠲᠡᠰ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ᠎ᠤᠨ ᠲᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠂ ᠪᠦᠬᠦ ᠤᠯᠤᠰ᠎ᠤᠨ ᠦᠢ᠍ᠯᠡᠰ ᠪᠣᠰᠬᠠᠬᠤ ᠨᠡᠪᠴᠢᠭᠦᠯᠦᠭᠦᠷ᠎ᠤᠨ ᠵᠢᠱ᠌ᠢᠶ᠎ᠡ ᠦᠵᠡᠭᠦᠯᠬᠦ ᠰᠠᠭᠤᠷᠢᠨ᠂ 《ᠳᠤᠮᠳᠠᠳᠤ ᠤᠯᠤᠰ᠎ᠤᠨ ᠨᠢᠭᠡ ᠰᠢᠶᠠᠩ ᠨᠢᠭᠡ ᠪᠦᠲᠦᠭᠡᠭᠳᠡᠬᠦᠨ》᠎ᠤ ᠵᠢᠱ᠌ᠢᠶ᠎ᠡ ᠦᠵᠡᠭᠦᠯᠬᠦ ᠣᠷᠣᠨ ᠵᠡᠷᠭᠡ ᠢᠷᠠᠭᠤ ᠠᠯᠳᠠᠷ᠎ᠤᠨ ᠴᠣᠯᠠ ᠵᠢ ᠬᠦᠷᠲᠡᠵᠡᠢ᠃ ᠲᠠᠯᠠᠨ ᠬᠠᠷ᠎ᠠ ᠠᠭᠤᠯᠠ ᠳᠠᠭ᠋ᠠᠤ ᠵᠢᠨ 《ᠴᠡᠯᠡᠭᠡᠷ ᠲᠠᠯ᠎ᠠ ᠨᠤᠲᠤᠭ》᠎ᠤᠨ ᠵᠢᠭᠤᠯᠴᠢᠯᠠᠯ᠎ᠤᠨ ᠨᠡᠷᠡᠲᠦ ᠲᠥᠷᠥᠯ ᠲᠡᠮᠳᠡᠭᠲᠦ ᠵᠢ ᠡᠭᠦᠳᠦᠨ ᠪᠠᠢ᠌ᠭᠤᠯᠵᠤ᠂ ᠵᠠᠯᠠᠨ ᠪᠠᠢ᠌ᠰᠢᠩ ᠲᠣᠰᠬᠤᠨ᠎ᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠵᠢᠨ ᠲᠣᠰᠬᠤᠨ᠂ 《ᠣᠪᠣᠭ᠎ᠠ ᠲᠣᠰᠬᠤᠨ》᠎ᠢ ᠠᠮᠢ ᠠᠬᠤᠢ ᠵᠢᠨ ᠪᠣᠯᠪᠠᠰᠤᠨ᠎ᠤ ᠬᠥᠳᠡᠭᠡ ᠲᠣᠰᠬᠤᠨ᠎ᠤ ᠰᠦᠯᠵᠢᠶᠡᠨ᠎ᠤ ᠨᠡᠷᠡᠲᠦ ᠲᠥᠷᠥᠯ ᠲᠡᠮᠳᠡᠭᠲᠦ ᠪᠣᠯᠭ᠋ᠠᠪᠠ᠃

      ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠲᠠᠨ ᠠᠭᠤᠯᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠲᠠᠯ᠎ᠠ᠎ᠪᠠᠷ᠂ 《ᠠᠭᠤᠯᠠ ᠵᠢ ᠡᠵᠡᠯᠡᠨ ᠬᠣᠲᠠ᠎ᠳᠤ ᠣᠷᠣᠭᠤᠯᠬᠤ》 ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ 《ᠠᠮᠢ ᠠᠬᠤᠢ ᠵᠢᠨ ᠰᠡᠷᠭᠦᠭᠡᠯᠲᠡ + ᠠᠵᠤ ᠦᠢ᠍ᠯᠡᠰ᠎ᠤᠨ ᠬᠡᠯᠪᠡᠷᠢ ᠵᠢᠨ ᠬᠤᠪᠢᠷᠠᠭᠤᠯᠤᠯᠲᠠ》 《ᠠᠮᠢ ᠠᠬᠤᠢ ᠵᠢᠨ ᠰᠣᠶᠣᠯ + ᠠᠵᠤ ᠦᠢ᠍ᠯᠡᠰ᠎ᠤᠨ ᠦᠷᠭᠦᠯᠵᠢᠯᠡᠯ》 《ᠠᠮᠢ ᠠᠬᠤᠢ ᠵᠢᠨ ᠵᠢᠭᠤᠯᠴᠢᠯᠠᠯ + ᠨᠡᠢ᠌ᠯᠡᠮᠡᠯ ᠠᠵᠤ ᠦᠢ᠍ᠯᠡᠰ》᠎ᠤᠨ 《ᠰᠢᠨ᠎ᠡ ᠬᠣᠲᠠ ᠵᠢᠨ ᠵᠠᠭᠪᠤᠷ》᠎ᠢ ᠰᠦᠪᠡᠭᠴᠢᠯᠡᠨ ᠪᠤᠢ ᠪᠣᠯᠭ᠋ᠠᠵᠤ᠂ 《ᠭᠤᠷᠪᠠᠨ ᠨᠣᠭᠣᠭ᠋ᠠᠨ ᠭᠤᠷᠪᠠᠨ ᠠᠯᠳᠠ》 ᠵᠢᠨ ᠬᠤᠪᠢᠷᠠᠭᠤᠯᠤᠯᠲᠠ ᠵᠢᠨ ᠠᠷᠭ᠎ᠠ ᠵᠠᠮ᠎ᠢ ᠲᠠᠢ᠌ᠯᠪᠤᠷᠢᠯᠠᠵᠠᠢ᠃

      《ᠨᠣᠭᠣᠭ᠋ᠠᠷᠠᠭᠤᠯᠤᠯᠲᠠ᠎ᠪᠠᠷ ᠦᠷ᠎ᠡ ᠠᠰᠢᠭ᠎ᠢ ᠨᠡᠮᠡᠭᠳᠡᠭᠦᠯᠬᠦ》 ᠵᠢ ᠪᠠᠷᠢᠮᠲᠠᠯᠠᠭᠰᠠᠨ ᠲᠠᠯᠠᠨ ᠬᠠᠷ᠎ᠠ ᠠᠭᠤᠯᠠ ᠵᠢᠨ ᠡᠮᠦᠨ᠎ᠡ ᠬᠥᠲᠥᠯ᠎ᠤᠨ ᠠᠮᠢ ᠠᠬᠤᠢ ᠵᠢ ᠶᠡᠷᠦᠩᠬᠡᠢ᠌ᠯᠡᠨ ᠵᠠᠰᠠᠬᠤ 《ᠠᠷᠠᠳ᠎ᠢ ᠪᠠᠲᠤᠯᠠᠨ ᠠᠷᠠᠳ᠎ᠢ ᠪᠠᠶᠠᠵᠢᠭᠤᠯᠬᠤ》 ᠰᠢᠨ᠎ᠡ ᠬᠣᠲᠠ ᠵᠢᠨ ᠵᠠᠭᠪᠤᠷ

      ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠳᠤ ᠪᠠᠢ᠌ᠭ᠎ᠠ ᠰᠢᠨ᠎ᠡ ᠬᠣᠲᠠ ᠲᠣᠭᠣᠷᠢᠭ᠎ᠨᠢ ᠤᠯᠠᠨ ᠵᠢᠯ᠎ᠤᠨ ᠠᠮᠢ ᠠᠬᠤᠢ ᠵᠢᠨ ᠰᠡᠷᠭᠦᠭᠡᠯᠲᠡ᠎ᠪᠠᠷ ᠳᠡᠮᠵᠢᠨ᠂ ᠲᠠᠯᠠᠨ ᠬᠠᠷ᠎ᠠ ᠠᠭᠤᠯᠠ ᠵᠢᠴᠢ ᠲᠡᠭᠦᠨ᠎ᠤ ᠡᠮᠦᠨ᠎ᠡ ᠬᠥᠲᠥᠯ᠎ᠨᠢ ᠬᠥᠬᠡᠬᠣᠲᠠ ᠵᠢᠨ 《ᠨᠣᠭᠣᠭ᠋ᠠᠨ ᠠᠭᠤᠰᠬᠢ》 ᠪᠠ ᠤᠮᠠᠷᠠᠲᠤ ᠵᠢᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠯᠬᠠᠪᠴᠢ ᠵᠢᠴᠢ ᠣᠷᠣᠨ ᠪᠦᠰᠡ ᠵᠢᠨ ᠴᠢᠨᠠᠷᠲᠠᠢ ᠠᠮᠢ ᠠᠬᠤᠢ ᠵᠢᠨ ᠬᠣᠩᠭᠢᠯ ᠪᠣᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠰᠡᠷᠭᠦᠭᠡᠨ ᠳᠡᠭᠡᠭᠰᠢᠯᠡᠭᠦᠯᠬᠦ᠂ ᠠᠮᠢ ᠠᠬᠤᠢ ᠵᠢᠨ ᠠᠷᠠᠳ᠎ᠢ ᠣᠨᠳᠣᠣ ᠭᠠᠵᠠᠷ᠎ᠲᠤ ᠨᠡᠭᠦᠯᠭᠡᠨ ᠪᠠᠢ᠌ᠭᠤᠯᠬᠤ᠂ ᠭᠣᠣ ᠰᠤᠪᠠᠭ᠎ᠤᠨ ᠰᠢᠰᠲ᠋ᠧᠮ᠎ᠢ ᠵᠠᠰᠠᠬᠤ᠂ ᠪᠣᠬᠢᠷᠲᠤᠯ ᠭᠠᠳᠠᠭᠰᠢᠯᠠᠭᠤᠯᠬᠤ ᠬᠣᠭᠣᠯᠠᠢ ᠵᠢᠨ ᠲᠣᠣᠷ᠎ᠤᠨ ᠪᠦᠲᠦᠭᠡᠨ ᠪᠠᠢ᠌ᠭᠤᠯᠤᠯᠲᠠ ᠵᠡᠷᠭᠡ ᠢᠨᠵᠧᠨᠧᠷᠢᠩ᠎ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠣᠰᠣᠭ᠎ᠠ ᠴᠣᠭᠴᠠᠲᠤ ᠠᠮᠢ ᠠᠬᠤᠢ ᠵᠢᠨ ᠲᠣᠭᠣᠷᠢᠨ ᠦᠵᠡᠬᠦ ᠰᠢᠰᠲ᠋ᠧᠮ ᠪᠠ ᠠᠮᠢ ᠠᠬᠤᠢ ᠵᠢᠨ ᠲᠣᠭᠣᠷᠢᠨ ᠦᠵᠡᠬᠦ ᠵᠢᠭᠤᠯᠴᠢᠯᠠᠯ᠎ᠤᠨ ᠪᠦᠲᠦᠭᠡᠭᠳᠡᠬᠦᠨ᠎ᠢ ᠴᠣᠭᠴᠠᠯᠠᠨ ᠪᠠᠢ᠌ᠭᠤᠯᠪᠠ᠃

      ᠠᠮᠢ ᠠᠬᠤᠢ ᠵᠢᠨ ᠠᠷᠠᠳ ᠵᠢ ᠨᠡᠭᠦᠯᠭᠡᠬᠦ ᠵᠢ ᠰᠢᠨ᠎ᠡ ᠵᠢ ᠡᠭᠦᠳᠦᠨ ᠠᠬᠢᠭᠤᠯᠵᠤ᠂ ᠠᠮᠢ ᠠᠬᠤᠢ ᠵᠢᠨ ᠠᠵᠤ ᠦᠢ᠍ᠯᠡᠰ᠎ᠢ ᠡᠮᠬᠢ ᠵᠢᠷᠤᠮ᠎ᠲᠠᠢ᠎ᠪᠠᠷ ᠬᠥᠭᠵᠢᠭᠦᠯᠵᠦ᠂ 《ᠠᠮᠢ ᠠᠬᠤᠢ ᠵᠢ ᠪᠠᠲᠤᠯᠠᠬᠤ》 ᠪᠠ 《ᠠᠷᠠᠳ᠎ᠤᠨ ᠠᠮᠢᠳᠤᠷᠠᠯ᠎ᠢ ᠪᠠᠲᠤᠯᠠᠬᠤ》 ᠬᠣᠶᠠᠷ ᠲᠠᠯ᠎ᠠ᠎ᠪᠠᠷ ᠵᠶ᠋ᠠᠨ ᠠᠰᠢᠭ ᠬᠦᠷᠲᠡᠬᠦ ᠪᠣᠬᠢᠷᠲᠤᠯ ᠦᠭᠡᠢ ᠬᠥᠭᠵᠢᠯᠲᠡ ᠵᠢᠨ ᠵᠠᠮ᠎ᠢ ᠨᠡᠭᠡᠭᠡᠵᠡᠢ᠃ ᠬᠠᠮᠠᠭ᠋ᠠᠯᠠᠯᠲᠠ ᠵᠢᠨ ᠣᠷᠣᠨ᠂ ᠠᠵᠤ ᠦᠢ᠍ᠯᠡᠰ᠎ᠤᠨ ᠪᠣᠬᠢᠷᠲᠤᠯ ᠦᠭᠡᠢ ᠬᠥᠭᠵᠢᠯᠲᠡ ᠬᠢᠭᠡᠳ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢᠨ ᠬᠣᠭᠤᠷᠤᠨᠳᠤᠬᠢ ᠵᠣᠬᠢᠴᠠᠩᠭᠤᠢ ᠨᠢᠭᠡᠳᠦᠯ ᠪᠣᠯ ᠠᠳᠠᠯᠢ ᠲᠥᠷᠥᠯ᠎ᠤᠨ ᠬᠠᠮᠠᠭ᠋ᠠᠯᠠᠯᠲᠠ ᠵᠢᠨ ᠣᠷᠣᠨ᠎ᠳᠤ ᠴᠥᠮ ᠲᠤᠯᠭ᠋ᠠᠮ᠎ᠠ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠪᠣᠯᠣᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠵᠤ ᠠᠬᠤᠢ ᠵᠢᠨ ᠬᠠᠮᠵᠢᠯᠴᠠᠨ ᠬᠥᠭᠵᠢᠬᠦ ᠪᠣᠬᠢᠷᠲᠤᠯ ᠦᠭᠡᠢ ᠬᠥᠭᠵᠢᠯᠲᠡ ᠵᠢᠨ ᠵᠠᠮ᠎ᠢ ᠰᠦᠪᠡᠭᠴᠢᠯᠡᠵᠦ᠂ 《ᠠᠮᠢ ᠠᠬᠤᠢ ᠵᠢ ᠪᠠᠲᠤᠯᠠᠬᠤ》 ᠪᠠ 《ᠠᠷᠠᠳ᠎ᠤᠨ ᠠᠮᠢᠳᠤᠷᠠᠯ᠎ᠢ ᠪᠠᠲᠤᠯᠠᠬᠤ》 ᠬᠣᠣᠰ ᠠᠮᠵᠢᠯᠲᠠ᠎ᠲᠠᠢ ᠪᠣᠬᠢᠷᠲᠤᠯ ᠦᠭᠡᠢ ᠬᠥᠭᠵᠢᠯᠲᠡ ᠵᠢᠨ ᠵᠠᠮ᠎ᠢ ᠨᠡᠭᠡᠭᠡᠪᠡ᠃

      ᠲᠠᠯᠠᠨ ᠬᠠᠷ᠎ᠠ ᠠᠭᠤᠯᠠ ᠵᠢ ᠶᠡᠷᠦᠩᠬᠡᠢ᠌ᠯᠡᠨ ᠵᠠᠰᠠᠬᠤ᠎ᠳᠤ 《ᠠᠭᠤᠯᠠ ᠵᠢ ᠡᠵᠡᠯᠡᠨ ᠬᠣᠲᠠ᠎ᠳᠤ ᠣᠷᠣᠭᠤᠯᠬᠤ》ᠤᠬᠠᠭᠳᠠᠬᠤᠨ᠎ᠢ ᠳᠤᠷᠠᠳᠴᠤ᠂ ᠬᠤᠳᠠ ᠵᠢᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠣᠷᠣᠨ ᠵᠠᠢ ᠵᠢ ᠴᠢᠨᠠᠭᠰᠢᠳᠠ ᠥᠷᠭᠡᠳᠬᠡᠵᠦ᠂ ᠬᠤᠳᠠ ᠵᠢᠨ ᠲᠣᠭᠣᠷᠢᠭ᠎ᠤᠨ ᠤᠰᠤᠨ ᠰᠢᠰᠲ᠋ᠧᠮ᠂ ᠨᠣᠭᠣᠭ᠋ᠠᠨ ᠬᠥᠷᠥᠰᠥ ᠪᠣᠯᠣᠨ ᠲᠠᠯᠠᠨ ᠬᠠᠷ᠎ᠠ ᠠᠭᠤᠯᠠ ᠵᠢᠨ ᠡᠮᠦᠨ᠎ᠡ ᠬᠥᠲᠥᠯ᠎ᠢ ᠬᠣᠯᠪᠣᠯᠳᠤᠭᠤᠯᠤᠨ ᠨᠡᠪᠲᠡᠷᠡᠯᠴᠡᠭᠦᠯᠵᠦ᠂ ᠵᠠᠰᠠᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠨᠣᠭᠣᠭ᠋ᠠᠷᠠᠭᠤᠯᠬᠤ ᠲᠠᠯᠠᠪᠠᠢ ᠵᠢ ᠤᠷᠲᠤᠳᠬᠠᠵᠤ᠂ ᠪᠦᠬᠦ ᠣᠷᠣᠨ᠎ᠤ ᠠᠮᠢ ᠠᠬᠤᠢ ᠵᠢᠨ ᠪᠠᠶ᠋ᠢᠭ᠋ᠠᠯᠢ ᠵᠢᠨ ᠬᠥᠷᠥᠩᠭᠡ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠠᠬᠢᠭᠤᠯᠪᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠪᠠ ᠠᠮᠢᠳᠤ ᠪᠣᠳᠠᠰ᠎ᠤᠨ ᠭᠧᠨ᠎ᠤ ᠬᠥᠮᠥᠷᠭᠡ᠂ ᠵᠢᠵᠢᠭ ᠠᠮᠢᠲᠠᠨ᠎ᠤ ᠣᠷᠣᠰᠢᠨ ᠠᠮᠢᠳᠤᠷᠠᠬᠤ ᠭᠠᠵᠠᠷ᠎ᠢ ᠪᠦᠲᠦᠭᠡᠨ ᠪᠠᠢ᠌ᠭᠤᠯᠵᠤ᠂ ᠬᠠᠶ᠋ᠢᠮᠢᠶᠠᠨ ᠬᠣᠲᠠ᠂ ᠳᠤᠮᠳᠠ ᠵᠢᠵᠢᠭ ᠪᠢᠴᠢᠯ ᠴᠢᠭᠢᠭᠯᠢᠭ ᠭᠠᠵᠠᠷ ᠪᠠ ᠪᠣᠷᠣᠭ᠋ᠠᠨ᠎ᠤ ᠤᠰᠤᠨ᠎ᠤ ᠴᠡᠴᠡᠷᠯᠢᠭ ᠵᠡᠷᠭᠡ ᠠᠮᠢ ᠠᠬᠤᠢ ᠵᠢᠨ ᠴᠢᠳᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠡᠢ᠌ᠷᠡᠭ ᠣᠢ᠌ᠲᠤ ᠨᠤᠲᠤᠭ ᠪᠡᠯᠴᠢᠭᠡᠷ᠎ᠤᠨ ᠥᠩᠭᠡ ᠦᠵᠡᠮᠵᠢ ᠵᠢ ᠪᠤᠢ ᠪᠣᠯᠭ᠋ᠠᠵᠤ᠂ 《ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ》 ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢᠨ ᠦᠵᠡᠭᠦᠯᠭᠡ ᠵᠢᠨ ᠣᠷᠣᠨ᠎ᠢ ᠪᠤᠢ ᠪᠣᠯᠭ᠋ᠠᠪᠠ᠃

      ᠴᠡᠯᠡᠭᠡᠷ ᠲᠠᠯ᠎ᠠ ᠨᠤᠲᠤᠭ᠎ᠤᠨ ᠨᠡᠷᠡᠲᠦ ᠲᠡᠮᠳᠡᠭ ᠵᠶ᠋ᠡᠷ ᠪᠣᠬᠢᠷᠲᠤᠯ ᠦᠭᠡᠢ ᠠᠮᠢᠳᠤᠷᠠᠯ᠎ᠤᠨ ᠰᠢᠨ᠎ᠡ ᠴᠠᠭ᠎ᠤᠨ ᠥᠩᠭᠡ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠴᠡᠯᠡᠭᠡᠷ ᠲᠠᠯ᠎ᠠ ᠨᠤᠲᠤᠭ᠎ᠤᠨ ᠨᠡᠷᠡᠲᠦ ᠲᠡᠮᠳᠡᠭᠲᠦ ᠵᠢ ᠪᠤᠢ ᠪᠣᠯᠭ᠋ᠠᠪᠠ

      ᠲᠠᠯᠠᠨ ᠬᠠᠷ᠎ᠠ ᠠᠭᠤᠯᠠ ᠵᠢᠨ ᠴᠡᠯᠡᠭᠡᠷ ᠲᠠᠯ᠎ᠠ ᠵᠢᠨ ᠲᠣᠭᠣᠷᠢᠨ᠎ᠳᠤ᠂ ᠡᠮᠦᠨ᠎ᠡ ᠬᠥᠲᠥᠯ᠎ᠤᠨ ᠠᠮᠢ ᠠᠬᠤᠢ ᠵᠢᠨ ᠨᠣᠭᠣᠭ᠋ᠠᠨ ᠪᠦᠰᠡ᠎ᠪᠠᠷ ᠲᠡᠩᠭᠡᠯᠢᠭ ᠱᠤᠭᠤᠮ ᠪᠣᠯᠭ᠋ᠠᠵᠤ᠂ ᠠᠮᠢ ᠠᠬᠤᠢ ᠵᠢᠨ ᠵᠠᠭᠪᠤᠷ ᠬᠠᠳᠠᠭ᠋ᠠᠯᠠᠬᠤ ᠣᠷᠣᠨ ᠵᠠᠢ᠂ ᠴᠡᠯᠡᠭᠡᠷ ᠲᠠᠯ᠎ᠠ ᠵᠢᠨ ᠤᠯᠠᠨ ᠤᠯᠤᠰ᠎ᠤᠨ ᠴᠤᠭᠯᠠᠭ᠋ᠠᠨ ᠦᠵᠡᠰᠬᠦᠯᠡᠩ᠎ᠤᠨ ᠲᠥᠪ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠢᠭᠤᠯᠴᠢᠯᠠᠯ᠎ᠤᠨ ᠣᠷᠣᠨ ᠰᠠᠭᠤᠴᠠ ᠵᠡᠷᠭᠡ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠣᠷᠣᠨ ᠪᠦᠰᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠂ ᠠᠷᠠᠯᠵᠢᠶ᠎ᠠ ᠬᠤᠳᠠᠯᠳᠤᠭ᠋ᠠᠨ᠎ᠤ ᠴᠤᠭᠯᠠᠭ᠋ᠠᠨ ᠦᠵᠡᠰᠬᠦᠯᠡᠩ᠂ ᠬᠡᠭᠡᠷ᠎ᠡ ᠪᠠᠭᠤᠳᠠᠯᠯᠠᠬᠤ ᠵᠡᠷᠭᠡ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠦᠷᠭᠦᠯᠵᠢᠯᠡᠨ ᠪᠠᠶᠠᠯᠢᠭᠵᠢᠭᠤᠯᠵᠤ᠂ 《ᠠᠮᠢ ᠠᠬᠤᠢ + ᠬᠥᠳᠡᠭᠡ ᠠᠵᠤ ᠠᠬᠤᠢ + ᠵᠢᠭᠤᠯᠴᠢᠯᠠᠯ》᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠴᠡᠯᠡᠭᠡᠷ ᠲᠠᠯ᠎ᠠ ᠵᠢᠨ ᠲᠠᠯ᠎ᠠ ᠨᠤᠲᠤᠭ᠎ᠤᠨ ᠦᠵᠡᠮᠵᠢ ᠵᠢᠨ ᠰᠣᠶᠣᠯ᠎ᠤᠨ ᠵᠢᠭᠤᠯᠴᠢᠯᠠᠯ᠎ᠤᠨ ᠪᠦᠰᠡ ᠵᠢ ᠥᠨᠳᠥᠷ ᠪᠠᠷᠢᠮᠵᠢᠶ᠎ᠠ᠎ᠪᠠᠷ ᠴᠣᠭᠴᠠᠯᠠᠪᠠ᠃ ᠮᠣᠷᠢᠨ ᠬᠤᠭᠤᠷ᠎ᠤᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠪᠥᠬᠥ ᠲᠠᠯ᠎ᠠ ᠵᠢᠨ ᠡᠵᠡᠩᠨᠡᠯᠲᠡ ᠵᠢ ᠠᠬᠢᠭᠤᠯᠵᠤ᠂ ᠮᠣᠷᠢᠨ ᠬᠤᠭᠤᠷ᠎ᠤᠨ ᠰᠣᠶᠣᠯ ᠤᠷᠠᠯᠢᠭ᠎ᠤᠨ ᠠᠵᠤ ᠦᠢ᠍ᠯᠡᠰ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠬᠡᠪ ᠵᠠᠭᠪᠤᠷ᠎ᠢ ᠪᠤᠢ ᠪᠣᠯᠭ᠋ᠠᠪᠠ᠃ ᠤᠮᠠᠷᠠᠲᠤ ᠬᠡᠰᠡᠭ᠎ᠤᠨ ᠣᠷᠣᠨ ᠪᠦᠰᠡ ᠵᠢᠨ ᠰᠣᠶᠣᠯ ᠵᠤᠭ᠋ᠠᠴᠠᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠠᠷ ᠨᠡᠢ᠌ᠳᠬᠡᠵᠦ᠂ ᠱᠧᠩ ᠱᠦᠢ ᠯᠢᠶᠠᠩ ᠵᠢᠦ ᠯᠦᠩ ᠸᠠᠨ᠎ᠤ ᠨᠢᠭᠡ ᠴᠣᠭᠴᠠᠵᠢᠭᠤᠯᠤᠭᠰᠠᠨ ᠡᠵᠡᠩᠨᠡᠯᠲᠡ ᠵᠢ ᠠᠬᠢᠭᠤᠯᠵᠤ᠂ ᠣᠣ ᠯᠠᠢ ᠵᠢᠨ ᠠᠮᠢᠵᠢᠷᠠᠯ᠎ᠤᠨ ᠬᠦᠴᠦᠨ᠎ᠲᠠᠢ ᠵᠢᠵᠢᠭ ᠪᠠᠯᠭ᠋ᠠᠰᠤᠨ᠎ᠤ ᠳᠦᠷᠦᠯ ᠵᠦᠢ᠍ᠯ᠎ᠢ ᠲᠦᠷᠭᠡᠨ ᠬᠡᠷᠡᠭᠵᠢᠭᠦᠯᠵᠦ᠂ ᠣᠪᠣᠭ᠎ᠠ ᠲᠣᠰᠬᠤᠨ ᠰᠦᠯᠵᠢᠶᠡᠨ᠎ᠳᠤ ᠨᠡᠷ᠎ᠡ᠎ᠲᠠᠢ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠷᠣᠨ ᠪᠦᠰᠡ ᠵᠢᠨ ᠬᠥᠭᠵᠢᠯᠲᠡ᠎ᠳᠤ ᠬᠦᠴᠦᠨ ᠨᠡᠮᠡᠷᠢᠯᠡᠪᠡ᠃ ᠠᠩᠬᠠᠳᠤᠭ᠋ᠠᠷ ᠬᠤᠭᠤᠴᠠᠭ᠋ᠠᠨ᠎ᠤ 《ᠬᠥᠬᠡᠮᠳᠦᠭ ᠠᠭᠤᠯᠠ ᠷᠠᠰᠢᠶᠠᠨ ᠤᠰᠤ ᠦᠵᠡᠰᠬᠦᠯᠡᠩᠲᠦ ᠰᠠᠢ᠌ᠬᠠᠨ ᠰᠢᠨ᠎ᠡ ᠬᠤᠳᠠ》 ᠴᠡᠯᠡᠭᠡᠷ ᠲᠠᠯ᠎ᠠ ᠰᠣᠶᠣᠯ ᠵᠢᠭᠤᠯᠴᠢᠯᠠᠯ᠎ᠤᠨ ᠨᠠᠢ᠌ᠷ᠎ᠢ ᠡᠷᠬᠢᠯᠡᠵᠦ᠂ ᠮᠠᠰᠢᠨ ᠲᠡᠷᠭᠡᠨ᠎ᠤ ᠬᠠᠢ᠌ᠷᠴᠠᠭ᠎ᠤᠨ ᠴᠤᠭᠯᠠᠭ᠎ᠠ ᠮᠠᠢ᠌ᠮᠠᠢ᠂ ᠳᠠᠭᠤᠤ ᠬᠥᠭᠵᠢᠮ᠎ᠤᠨ ᠨᠠᠢ᠌ᠷ ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠬᠥᠮᠥᠰ᠎ᠲᠤ ᠠᠳᠠᠯᠢ ᠪᠤᠰᠤ ᠰᠢᠨ᠎ᠡ ᠬᠤᠳᠠ ᠵᠢ ᠣᠢ᠌ᠯᠠᠭ᠋ᠠᠭᠤᠯᠪᠠ᠃ ᠴᠡᠯᠡᠭᠡᠷ ᠲᠠᠯ᠎ᠠ ᠨᠡᠷᠡᠲᠦ ᠲᠡᠮᠳᠡᠭᠲᠦ᠎ᠢ ᠳᠡᠯᠭᠡᠷᠡᠭᠦᠯᠬᠦ ᠵᠢ ᠴᠢᠩᠭ᠋ᠠᠳᠬᠠᠵᠤ᠂ ᠴᠡᠯᠡᠭᠡᠷ ᠲᠠᠯ᠎ᠠ ᠵᠢᠨ ᠦᠨᠦᠷ ᠠᠮᠲᠠ ᠵᠢ ᠬᠥᠮᠥᠨ ᠪᠦᠬᠦᠨ᠎ᠳᠤ ᠮᠡᠳᠡᠭᠦᠯᠪᠡ᠃ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠡᠷᠡᠰ ᠭᠤᠶ᠋ᠢᠪᠢᠰᠢ ᠦᠭᠡᠢ ᠡᠭᠦᠳᠦᠨ ᠪᠠᠢ᠌ᠭᠤᠯᠵᠤ᠂ ᠴᠡᠯᠡᠭᠡᠷ ᠲᠠᠯ᠎ᠠ ᠨᠤᠲᠤᠭ᠎ᠢ 《ᠳᠤᠮᠳᠠᠳᠤ ᠤᠯᠤᠰ᠎ᠤᠨ ᠪᠠᠶ᠋ᠢᠭ᠋ᠠᠯᠢ ᠵᠢᠨ ᠬᠦᠴᠢᠯᠲᠥ᠋ᠷᠥᠭᠴᠢ ᠵᠢᠨ ᠪᠠᠭ᠋ᠠᠷ》 ᠵᠶ᠋ᠠᠷ ᠭᠤᠶᠤᠴᠢᠯᠠᠨ ᠮᠡᠳᠡᠭᠦᠯᠬᠦ ᠠᠵᠢᠯ᠎ᠢ ᠡᠬᠢᠯᠡᠭᠦᠯᠵᠦ᠂ ᠴᠡᠯᠡᠭᠡᠷ ᠲᠠᠯ᠎ᠠ ᠨᠤᠲᠤᠭ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠵᠢ ᠠᠬᠢᠭᠤᠯᠪᠠ᠃

      《ᠨᠣᠭᠣᠭ᠋ᠠᠨ ᠥᠩᠭᠡ᠎ᠪᠠᠷ ᠮᠥᠩᠭᠥ ᠣᠯᠬᠤ》 ᠵᠢ ᠪᠠᠷᠢᠮᠲᠠᠯᠠᠵᠤ᠂ ᠴᠢᠨᠠᠷ ᠰᠠᠢ᠌ᠲᠠᠢ ᠣᠨᠴᠠᠯᠢᠭᠲᠤ ᠰᠢᠶᠠᠩ ᠪᠠᠯᠭ᠋ᠠᠰᠤ᠎ᠪᠠᠷ ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠵᠣᠬᠢᠴᠠᠩᠭᠤᠢ᠎ᠪᠠᠷ ᠬᠥᠭᠵᠢᠭᠦᠯᠬᠦ ᠵᠢ ᠲᠠᠢ᠌ᠴᠢᠯᠠᠪᠠ

      ᠠᠮᠢ ᠠᠬᠤᠢ ᠵᠢᠨ ᠵᠢᠭᠤᠯᠴᠢᠯᠠᠯ᠎ᠢ ᠬᠥᠭᠵᠢᠭᠦᠯᠬᠦ ᠪᠣᠯ 《ᠬᠣᠶᠠᠷ ᠠᠭᠤᠯᠠ》 ᠵᠢ ᠬᠤᠪᠢᠷᠠᠭᠤᠯᠬᠤ ᠬᠠᠮᠤᠭ᠎ᠤᠨ ᠰᠢᠭᠤᠳ ᠠᠷᠭ᠎ᠠ ᠵᠠᠮ᠎ᠤᠨ ᠨᠢᠭᠡ ᠪᠣᠯᠣᠨ᠎ᠠ᠃ ᠡᠢ᠌ᠮᠦ᠎ᠠᠴᠠ᠂ ᠰᠢᠨ᠎ᠡ ᠬᠣᠲᠠ ᠲᠣᠭᠣᠷᠢᠭ᠎ᠨᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠠᠷ ᠵᠢᠯᠣᠭᠣᠳᠤᠯᠭ᠎ᠠ ᠪᠣᠯᠭ᠋ᠠᠵᠤ᠂ ᠵᠢᠭᠤᠯᠴᠢᠯᠠᠯ᠎ᠤᠨ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠬᠣᠲᠠ ᠵᠢᠨ ᠵᠢᠭᠤᠯᠴᠢᠯᠠᠯ᠎ᠤᠨ ᠪᠦᠬᠦᠶ᠋ᠢᠯᠡ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠ ᠪᠣᠬᠢᠷᠲᠤᠯ ᠦᠭᠡᠢ ᠬᠥᠭᠵᠢᠯᠲᠡ ᠵᠢ ᠪᠡᠶᠡᠯᠡᠭᠦᠯᠪᠡ᠃ ᠬᠥᠳᠡᠭᠡ ᠲᠣᠰᠬᠤᠨ᠎ᠤ ᠰᠣᠳᠣᠨ ᠵᠢᠭᠤᠯᠴᠢᠯᠠᠯ᠎ᠤᠨ ᠳᠦᠷᠦᠯ ᠵᠦᠢ᠍ᠯ᠂ ᠬᠥᠳᠡᠭᠡ ᠲᠣᠰᠬᠤᠨ᠎ᠤ ᠰᠣᠳᠣᠨ ᠵᠣᠴᠢᠳ᠎ᠤᠨ ᠪᠠᠭᠤᠳᠠᠯ᠂ ᠰᠣᠳᠣᠨ ᠵᠠᠩ ᠦᠢ᠍ᠯᠡ ᠵᠢᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠵᠢᠯᠤᠭᠣᠳᠬᠤ ᠶᠠᠪᠤᠴᠠ᠎ᠳᠤ᠂ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠵᠤ᠂ ᠪᠦᠲᠦᠴᠡ ᠵᠢ᠎ᠨᠢ ᠰᠢᠯᠢᠳᠡᠭᠵᠢᠭᠦᠯᠵᠦ᠂ 《ᠲᠠᠷᠠᠬᠠᠢ ᠪᠠᠭ᠎ᠠ ᠮᠠᠭᠤ ᠮᠠᠭᠤᠬᠠᠢ》 ᠬᠥᠭᠵᠢᠯᠲᠡ ᠵᠢᠨ ᠠᠷᠭ᠎ᠠ ᠬᠡᠯᠪᠡᠷᠢ ᠵᠢ ᠲᠤᠶ᠋ᠢᠯᠪᠤᠷᠢᠲᠠᠢ ᠲᠠᠶᠠᠭᠳᠠᠵᠤ᠂ ᠰᠢᠨ᠎ᠡ ᠬᠤᠳᠠ ᠲᠣᠭᠣᠷᠢᠭ᠎ᠤᠨ ᠵᠢᠭᠤᠯᠴᠢᠯᠠᠯ᠎ᠤᠨ ᠪᠣᠬᠢᠷᠲᠤᠯ ᠦᠭᠡᠢ᠂ ᠠᠮᠢ ᠠᠬᠤᠢ᠍ᠢ᠍ᠵᠢᠯᠳᠠ ᠵᠢᠨ ᠪᠦᠲᠦᠭᠡᠨ ᠪᠠᠢ᠌ᠭᠤᠯᠤᠯᠲᠠ ᠪᠣᠯᠣᠨ ᠬᠥᠭᠵᠢᠯᠲᠡ ᠵᠢ ᠪᠡᠶᠡᠯᠡᠭᠦᠯᠬᠦ ᠵᠢ ᠪᠠᠲᠤᠯᠠᠬᠤ ᠵᠢᠨ ᠬᠠᠮᠲᠤ ᠬᠥᠳᠡᠭᠡ ᠲᠣᠰᠬᠤᠨ᠎ᠤ ᠵᠢᠭᠤᠯᠴᠢᠯᠠᠯ᠎ᠢ ᠶᠡᠬᠡᠪᠡᠷ ᠬᠥᠭᠵᠢᠭᠦᠯᠵᠦ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠳᠤ ᠬᠦᠴᠦ ᠨᠡᠮᠡᠷᠢᠯᠡᠵᠦ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠪᠡ᠃

      ᠪᠥᠬᠥ ᠣᠷᠣᠨ᠎ᠳᠤ 《ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠡᠷᠳᠡᠨᠢ ᠰᠢᠰᠢ》 《ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠦᠵᠡᠯᠵᠡᠭᠡᠨ᠎ᠡ》 ᠵᠢᠨ ᠨᠡᠷᠡᠲᠦ ᠲᠥᠷᠥᠯ ᠲᠡᠮᠳᠡᠭᠲᠦ ᠵᠢ ᠬᠦᠴᠦᠯᠡᠨ ᠪᠤᠢ ᠪᠣᠯᠭ᠋ᠠᠬᠤ ᠵᠢᠨ ᠬᠠᠮᠲᠤ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠯ᠂ 《ᠠᠮᠲᠠᠲᠤ ᠰᠠᠢ᠌ᠬᠠᠨ ᠰᠢᠨ᠎ᠡ ᠬᠣᠲᠠ》 ᠵᠢᠨ ᠣᠷᠣᠨ ᠪᠦᠰᠡ ᠵᠢᠨ ᠨᠠᠢ᠌ᠳᠠ ᠵᠢᠨ ᠬᠡᠷᠡᠭᠯᠡᠭᠡᠨ᠎ᠤ ᠨᠡᠷᠡᠲᠦ ᠲᠥᠷᠥᠯ ᠲᠡᠮᠳᠡᠭᠲᠦ ᠵᠢ ᠳᠠᠩᠰᠠᠯᠠᠭᠤᠯᠬᠤ᠎ᠪᠠᠷ ᠳᠡᠮᠵᠢᠨ᠂ 5 ᠠᠵᠤ ᠠᠬᠤᠢ᠌ᠯᠠᠯ ᠬᠡᠷᠡᠭᠯᠡᠪᠡ᠃ ᠦᠵᠦᠮ᠂ ᠢᠩᠲᠣᠣᠷ ᠵᠡᠷᠭᠡ 5 ᠣᠨᠴᠠᠯᠢᠭᠲᠤ ᠵᠢᠮᠢᠰ ᠲᠡᠭᠦᠬᠦ ᠬᠦᠷᠢᠶᠡᠯᠡᠩ᠎ᠢ ᠪᠠᠢ᠌ᠭᠤᠯᠤᠨ ᠡᠵᠡᠩᠨᠡᠯᠲᠡ᠎ᠳᠤ ᠣᠷᠣᠭᠤᠯᠵᠤ᠂ ᠰᠢᠩ ᠱᠧᠩ ᠶᠤᠸᠠᠨ ᠬᠦᠷᠢᠶᠡᠯᠡᠩ ᠲᠣᠭᠣᠷᠢᠭ᠎ᠨᠢ ᠳᠤᠮᠳᠠᠳᠤ ᠤᠯᠤᠰ᠎ᠤᠨ 《ᠨᠢᠭᠡ ᠰᠢᠶᠠᠩ ᠨᠢᠭᠡ ᠪᠦᠲᠦᠭᠡᠭᠳᠡᠬᠦᠨ》᠎ᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠰᠠᠭᠤᠷᠢᠨ ᠵᠶ᠋ᠠᠷ ᠦᠨᠡᠯᠡᠭᠳᠡᠪᠡ᠃ ᠲᠣᠭᠣᠰᠬ᠎ᠠ ᠵᠢᠨ ᠲᠥᠬᠥᠭᠡᠷᠦᠮᠵᠢᠲᠦ ᠲᠠᠷᠢᠶᠠᠯᠠᠩ᠂ ᠣᠨᠴᠠᠯᠢᠭᠲᠤ ᠶᠤᠤᠮᠠᠢ ᠵᠢᠨ ᠦᠵᠡᠮᠵᠢ᠂ ᠳ᠋ᠠ ᠶᠣᠣ ᠵᠢᠨ ᠮᠠᠨᠳᠠᠷᠠᠸ᠎ᠠ ᠴᠡᠴᠡᠭ᠎ᠤᠨ ᠦᠵᠡᠮᠵᠢ ᠵᠢᠨ ᠬᠥᠭᠵᠢᠯᠲᠡ ᠲᠦᠷᠭᠡᠨ ᠪᠠᠢ᠌ᠵᠤ᠂ ᠬᠣᠢ᠌ᠲᠤ ᠬᠡᠰᠡᠭ᠎ᠤᠨ 《ᠨᠢᠭᠡ ᠲᠣᠰᠬᠤᠨ ᠨᠢᠭᠡ ᠪᠦᠲᠦᠭᠡᠭᠳᠡᠬᠦᠨ》᠎ᠤ ᠬᠤᠳᠠ ᠵᠢᠨ ᠰᠡᠯᠡᠭᠦᠴᠡᠯ ᠵᠢᠭᠤᠯᠴᠢᠯᠠᠯ᠎ᠤᠨ ᠲᠠᠷᠢᠶᠠᠯᠠᠩ᠎ᠤᠨ ᠪᠠᠢ᠌ᠷᠢᠰᠢᠯ ᠠᠩᠬ᠎ᠠ ᠠᠯᠬᠤᠮ᠎ᠤᠨ ᠬᠡᠪᠴᠢᠶ᠎ᠡ᠎ᠲᠠᠢ ᠪᠣᠯᠪᠠ᠃

      ᠲᠦᠮᠡᠨ ᠮᠦ᠍ ᠠᠮᠢ ᠠᠬᠤᠢ ᠵᠢᠨ ᠦᠵᠡᠮᠵᠢ ᠵᠢᠨ ᠣᠢ᠂ ᠮᠢᠩᠭ᠋ᠠᠨ ᠮᠦ᠍ ᠲᠣᠣᠷᠠᠢ ᠵᠢᠨ ᠣᠢ ᠵᠢ ᠲᠠᠰᠤᠷᠠᠯᠲᠠ ᠦᠭᠡᠢ ᠪᠦᠲᠦᠭᠡᠨ ᠪᠠᠢ᠌ᠭᠤᠯᠬᠤ᠎ᠠᠴᠠ ᠮᠢᠩᠭ᠋ᠠᠨ ᠮᠦ᠍ ᠵᠢᠮᠢᠰ᠎ᠤᠨ ᠬᠦᠷᠢᠶᠡᠯᠡᠩ ᠬᠦᠷᠲᠡᠯ᠎ᠡ᠂ ᠣᠨᠴᠠᠯᠢᠭᠲᠤ ᠲᠡᠭᠦᠬᠦ ᠰᠠᠭᠤᠷᠢᠨ ᠭᠠᠵᠠᠷ᠎ᠤᠨ ᠠᠵᠤ ᠦᠢ᠍ᠯᠡᠰ᠎ᠢ ᠲᠣᠭᠲᠠᠭᠤᠨ ᠵᠶ᠋ᠠᠷ ᠥᠷᠭᠡᠳᠬᠡᠨ ᠬᠥᠭᠵᠢᠭᠦᠯᠪᠡ; ᠲᠠᠯᠠᠨ ᠬᠠᠷ᠎ᠠ ᠠᠭᠤᠯᠠ ᠵᠢᠨ ᠡᠮᠦᠨ᠎ᠡ ᠬᠥᠲᠥᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠢᠨᠵᠧᠨᠧᠷᠢᠩ᠎ᠢ ᠨᠢᠭᠡ ᠯᠡ ᠡᠳᠦᠷ ᠮᠡᠲᠦ ᠠᠷᠪᠠᠨ ᠵᠢᠯ᠎ᠤᠨ ᠵᠠᠰᠠᠯᠲᠠ᠎ᠪᠠᠷ ᠣᠪᠣᠭ᠎ᠠ ᠲᠣᠰᠬᠤᠨ ᠵᠶ᠋ᠠᠷ ᠲᠥᠯᠥᠭᠡᠯᠡᠭᠦᠯᠦᠭᠰᠡᠨ ᠬᠥᠳᠡᠭᠡ ᠲᠣᠰᠬᠤᠨ᠎ᠤ ᠵᠢᠭᠤᠯᠴᠢᠯᠠᠯ᠎ᠤᠨ ᠦᠢ᠍ᠯᠡᠰ ᠬᠥᠭᠵᠢᠨ ᠪᠠᠳᠠᠷᠠᠨ᠎ᠠ; ᠪᠦᠬᠦ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠳᠤ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠠᠴᠠ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠢᠴᠢ ᠥᠨᠳᠥᠷ ᠦᠢ᠍ᠯᠡᠳᠬᠦᠨ᠎ᠲᠠᠢ ᠠᠵᠤ ᠠᠬᠤᠢ᠌ᠯᠠᠯ᠎ᠢ ᠨᠠᠢ᠌ᠳᠠᠪᠤᠷᠢᠵᠢᠭᠤᠯᠬᠤ ᠬᠦᠷᠲᠡᠯ᠎ᠡ ᠁ ᠡᠲᠡᠭᠡᠷ ᠵᠢᠯ᠎ᠤᠳ᠎ᠲᠤ᠂ ᠬᠥᠬᠡᠬᠣᠲᠠ ᠵᠢᠨ ᠰᠢᠨ᠎ᠡ ᠬᠤᠳᠠ ᠲᠣᠭᠣᠷᠢᠭ᠎ᠤᠨ᠎ᠬᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠠᠵᠢᠯᠯᠠᠭ᠎ᠠ ᠵᠢᠨ ᠤᠬᠠᠮᠰᠠᠷ ᠵᠶ᠋ᠠᠷ ᠵᠶ᠋ᠠᠨ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠬᠠᠷᠢᠭᠤᠴᠠᠯᠭ᠎ᠠ ᠪᠠ ᠡᠭᠦᠷᠭᠡᠯᠡᠯ᠎ᠢ ᠯᠠᠪᠳᠠᠭᠤᠨ ᠪᠠᠲᠤᠲᠠᠢ ᠡᠭᠦᠷᠭᠡᠯᠡᠵᠡᠢ᠃

      ᠣᠢ᠌ᠷ᠎ᠠ ᠵᠢᠨ ᠵᠢᠯ᠎ᠠᠴᠠ᠂ ᠬᠥᠬᠡᠬᠣᠲᠠ ᠵᠢᠨ ᠰᠢᠨ᠎ᠡ ᠬᠤᠳᠠ ᠲᠣᠭᠣᠷᠢᠭ᠎ᠨᠢ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢ ᠡᠭᠦᠳᠦᠨ ᠪᠠᠢ᠌ᠭᠤᠯᠬᠤ᠎ᠪᠠᠷ ᠭᠠᠷᠳᠠᠴᠠ ᠪᠣᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠪᠥᠬᠥ ᠣᠷᠣᠨ᠎ᠤ ᠠᠭ᠋ᠠᠷ᠎ᠤᠨ ᠰᠢᠯᠢᠳᠡᠭ ᠡᠳᠦᠷ᠎ᠤᠨ ᠲᠣᠭ᠎ᠠ ᠵᠢᠨ ᠬᠠᠷᠢᠴᠠᠯ᠎ᠢ 90%᠎ᠠᠴᠠ ᠳᠡᠭᠡᠭᠰᠢ ᠪᠠᠢ᠌ᠯᠭ᠋ᠠᠵᠤ᠂ ᠭᠣᠣᠯ ᠮᠥᠷᠡᠨ᠎ᠤ ᠤᠰᠤᠨ᠎ᠤ ᠴᠢᠨᠠᠷ᠎ᠤᠨ ᠰᠢᠯᠢᠳᠡᠭ ᠨᠣᠷᠮ᠎ᠠ ᠵᠢ 100%᠎ᠳᠤ ᠬᠦᠷᠦᠭᠦᠯᠵᠦ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠎ᠳᠡᠭᠡᠨ ᠰᠠᠶ᠋ᠢᠨ ᠪᠠᠢ᠌ᠯᠭ᠋ᠠᠵᠤ᠂ ᠣᠢ ᠰᠢᠭᠤᠢ ᠵᠢᠨ ᠪᠦᠷᠬᠦᠴᠡ ᠵᠢ 39.19%᠎ᠳᠤ ᠬᠦᠷᠦᠭᠦᠯᠵᠦ᠂ ᠣᠢ ᠰᠢᠭᠤᠢ ᠡᠪᠡᠰᠦ ᠪᠡᠯᠴᠢᠭᠡᠷ᠎ᠤᠨ ᠪᠦᠷᠬᠦᠴᠡ ᠵᠢ 63% ᠎ᠠᠴᠠ ᠳᠡᠭᠡᠭᠰᠢ ᠪᠠᠢ᠌ᠯᠭ᠋ᠠᠵᠤ᠂ ᠪᠥᠬᠥ ᠤᠯᠤᠰ᠂ ᠪᠥᠬᠥ ᠬᠣᠲᠠ ᠵᠢᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠭ᠋ᠠᠪᠠ᠃ ᠠᠭᠤᠯᠠ ᠳᠠᠭ᠋ᠠᠤ ᠵᠢᠨ ᠬᠤᠳᠠ ᠵᠢᠨ ᠲᠡᠭᠦᠷᠭᠡ ᠵᠢᠨ ᠲᠣᠰᠬᠤᠨ᠎ᠤ ᠤᠤᠯ᠎ᠤᠨ ᠪᠠᠢ᠌ᠭᠰᠠᠨ ᠬᠥᠳᠡᠭᠡ ᠲᠣᠰᠬᠤᠨ᠎ᠤ ᠦᠢ᠍ᠯᠡᠳᠪᠦᠷᠢᠯᠡᠯ᠎ᠤᠨ ᠠᠷᠭ᠎ᠠ ᠵᠢ ᠣᠲᠣ ᠵᠢᠨ ᠬᠤᠳᠠ ᠵᠢᠨ ᠲᠠᠷᠢᠶᠠᠯᠠᠩ᠂ ᠰᠣᠶᠣᠯ ᠵᠢᠭᠤᠯᠴᠢᠯᠠᠯ᠎ᠤᠨ ᠭᠠᠵᠠᠷ ᠪᠣᠯᠭ᠋ᠠᠨ ᠬᠤᠪᠢᠷᠠᠭᠤᠯᠵᠤ᠂ ᠦᠢ᠍ᠯᠡᠳᠪᠦᠷᠢᠯᠡᠯ᠎ᠤᠨ ᠦᠢ᠍ᠯᠡᠳᠬᠦᠨ᠎ᠤ ᠥᠷᠲᠡᠭ᠎ᠢ 3.795 ᠳ᠋ᠦᠩᠰᠢᠭᠤᠷ ᠲᠥᠭᠥᠷᠢᠭ ᠪᠡᠶᠡᠯᠡᠭᠦᠯᠪᠡ᠃ ᠰᠢᠨ᠎ᠡ ᠬᠣᠲᠠ ᠲᠣᠭᠣᠷᠢᠭ᠎ᠲᠤ ᠵᠤᠭ᠋ᠠᠴᠠᠭᠰᠠᠳ᠎ᠢ 1062.7 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠭᠤᠯᠠ ᠳᠠᠭ᠋ᠠᠤ ᠵᠢᠨ ᠠᠮᠢ ᠠᠬᠤᠢ ᠵᠢᠨ ᠵᠢᠭᠤᠯᠴᠢᠯᠠᠯ᠎ᠤᠨ ᠣᠷᠣᠯᠭ᠎ᠠ 7.39 ᠳ᠋ᠦᠩᠰᠢᠭᠤᠷ ᠲᠥᠭᠥᠷᠢᠭ᠎ᠲᠤ ᠬᠥᠷᠪᠡ᠃ ᠦᠵᠡᠰᠬᠦᠯᠡᠩᠲᠦ ᠰᠠᠢ᠌ᠬᠠᠨ ᠰᠢᠨ᠎ᠡ ᠬᠤᠳᠠ 《ᠬᠤᠳᠠ ᠵᠢᠨ ᠲᠣᠭᠣᠷᠢᠭ ᠭᠤᠶᠤᠵᠢᠵᠤ᠂ ᠣᠷᠴᠢᠨ ᠲᠣᠭᠣᠷᠢᠨ ᠰᠢᠯᠢᠳᠡᠭᠵᠢᠵᠦ᠂ ᠰᠣᠶᠣᠯ ᠢᠷᠭᠡᠨᠰᠢᠯ ᠭᠤᠸ᠎ᠠ ᠰᠠᠢ᠌ᠬᠠᠨ ᠪᠠᠢ᠌ᠵᠤ᠂ ᠠᠷᠠᠳ ᠢᠷᠭᠡᠳ ᠪᠠᠶᠠᠵᠢᠭᠰᠠᠨ》 ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠠᠯᠬᠤᠮ ᠠᠯᠬᠤᠮ ᠵᠶ᠋ᠠᠷ ᠵᠠᠮᠨᠠᠵᠤ᠂ 《ᠥᠩᠭᠡ ᠵᠢᠰᠦ》 + 《ᠰᠦᠷ ᠵᠢᠪᠬᠤᠭ᠎ᠠ》᠎ᠲᠠᠢ ᠪᠣᠯᠤᠭᠰᠠᠨ᠎ᠠᠴᠠ 《ᠬᠥᠬᠡᠮᠳᠦᠭ ᠨᠣᠭᠣᠭ᠋ᠠᠨ ᠠᠭᠤᠯᠠ ᠤᠰᠤ》 ᠠᠭ᠋ᠠᠵᠢᠮ ᠵᠶ᠋ᠠᠷ 《ᠠᠯᠳᠠ ᠮᠥᠩᠭᠥᠨ ᠠᠭᠤᠯᠠ》 ᠪᠣᠯᠵᠤ ᠬᠤᠪᠢᠷᠠᠪᠠ᠃

      ᠰᠢᠯᠦᠭ ᠵᠢᠷᠤᠭ ᠮᠡᠲᠦ ᠭᠤᠶᠤ ᠥᠩᠭᠡ ᠦᠵᠡᠮᠵᠢ ᠵᠢᠨ ᠠᠷᠤ᠎ᠳᠤ ᠰᠢᠨ᠎ᠡ ᠬᠣᠲᠠ ᠲᠣᠭᠣᠷᠢᠭ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠂ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ ᠤᠬᠠᠮᠰᠠᠷᠲᠤ ᠠᠵᠢᠯᠯᠠᠭ᠎ᠠ ᠪᠠᠢ᠌ᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠨ ᠪᠠᠢ᠌ᠭᠤᠯᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠠᠰᠠ ᠴᠤ᠌ ᠤᠮᠠᠷᠠᠲᠤ ᠵᠢᠨ ᠬᠣᠲᠠ ᠲᠣᠭᠣᠷᠢᠭ᠎ᠤᠨ ᠬᠣᠲᠠ ᠵᠢᠨ ᠬᠥᠭᠵᠢᠯᠲᠡ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠣᠷᠭ᠋ᠠᠨᠢᠭ ᠵᠶ᠋ᠠᠷ ᠠᠭᠤᠰᠤᠯᠴᠠᠭᠤᠯᠤᠭᠰᠠᠨ ᠥᠯᠢᠭᠡᠷ ᠵᠢᠱ᠌ᠢᠶ᠎ᠡ ᠪᠣᠯᠣᠨ᠎ᠠ᠃ ᠰᠢᠨ᠎ᠡ ᠭᠠᠷᠤᠭ᠎ᠠ᠎ᠠᠴᠠ ᠰᠢᠨ᠎ᠡ ᠬᠤᠳᠠ ᠲᠣᠭᠣᠷᠢᠭ᠎ᠤᠨ ᠠᠷᠠᠳ ᠲᠦᠮᠡᠨ ᠬᠥᠬᠡᠮᠳᠦᠭ ᠨᠣᠭᠣᠭ᠋ᠠᠨ ᠠᠭᠤᠯᠠ ᠤᠰᠤ᠎ᠪᠠᠷ ᠳᠡᠪᠢᠰᠬᠡᠷ ᠥᠩᠭᠡ᠎ᠪᠠᠨ ᠪᠣᠯᠭ᠋ᠠᠵᠤ᠂ ᠨᠡᠩ ᠦᠵᠡᠰᠬᠦᠯᠡᠩᠲᠦ ᠰᠠᠢ᠌ᠬᠠᠨ ᠪᠣᠬᠢᠷᠲᠤᠯ ᠦᠭᠡᠢ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠵᠢᠷᠤᠭᠯᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ — ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤ
ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠤᠯᠲᠠ ᠳᠠᠬᠢᠨᠲᠠ ᠰᠢᠨ᠎ᠡ ᠦᠷ᠎ᠡ ᠪᠦᠲᠦᠮᠵᠢ ᠣᠯᠵᠤ ᠳᠠᠬᠢᠨᠲᠠ ᠰᠢᠨ᠎ᠡ ᠳᠡᠭᠲᠡᠷ᠎ᠲᠤ ᠭᠠᠷᠪᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠡᠷᠢᠶᠡᠨ ᠬᠤᠳᠠ
ᠪᠣᠬᠢᠷᠲᠤᠯ ᠦᠭᠡᠢ ᠬᠥᠭᠵᠢᠯᠲᠡ ᠵᠢᠨ ᠬᠡᠷᠡᠭ᠎ᠤᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠲᠦᠮᠡᠳ ᠵᠡᠭᠦᠨ ᠬᠣᠰᠢᠭᠤ
 
             蒙ICP备05000248号