ᠬᠠᠷᠠᠴᠢᠨ ᠬᠣᠰᠢᠭᠤᠨ᠎ᠤ᠎ᠬᠢᠨ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠴᠢᠷᠮᠠᠢ᠌ᠨ ᠦᠢ᠍ᠯᠡᠳᠦᠯᠭᠡᠵᠢᠭᠦᠯᠵᠦ᠂ ᠪᠥᠬᠥ ᠬᠣᠰᠢᠭᠤᠨ᠎ᠤ 308 ᠲᠦᠮᠡᠨ ᠮᠦ᠍ ᠣᠢ ᠰᠢᠭᠤᠢ᠎ᠳᠤ ᠬᠡᠷᠡᠭᠯᠡᠬᠦ ᠭᠠᠵᠠᠷ ᠪᠣᠯᠣᠨ 275 ᠲᠦᠮᠡᠨ ᠮᠦ᠍ ᠣᠢ ᠰᠢᠭᠤᠢ ᠵᠢᠨ ᠲᠠᠯᠠᠪᠠᠶ᠎ᠳᠤ ᠲᠦᠰᠢᠭᠯᠡᠨ᠂ ᠠᠮᠢ ᠠᠬᠤᠢ ᠵᠢᠨ ᠳᠠᠪᠠᠭᠤᠯᠢᠭ ᠵᠶ᠋ᠠᠨ ᠦᠷᠭᠦᠯᠵᠢᠯᠡᠨ ᠪᠠᠲᠤᠳᠬᠠᠵᠤ᠂ ᠣᠢ ᠰᠢᠭᠤᠢ ᠵᠢᠨ ᠬᠠᠮᠠᠭ᠋ᠠᠯᠠᠯᠲᠠ ᠵᠢ ᠣᠢ ᠰᠢᠭᠤᠢ ᠵᠢᠨ ᠦᠢ᠍ᠯᠡᠰ᠎ᠤᠨ ᠦᠷᠭᠦᠯᠵᠢᠯᠡᠬᠦ ᠴᠢᠨᠠᠷᠲᠠᠢ ᠨᠡᠭᠡᠭᠡᠨ ᠬᠥᠭᠵᠢᠭᠦᠯᠦᠯᠲᠡ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠪᠥᠬᠥ ᠬᠣᠰᠢᠭᠤᠨ᠎ᠤ ᠣᠢ ᠰᠢᠭᠤᠢ ᠵᠢᠨ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠲᠦᠷᠭᠡᠳᠴᠦ᠂ ᠶᠡᠷᠦᠩᠬᠡᠢ᠌ᠯᠡᠭᠰᠡᠨ ᠦᠢ᠍ᠯᠡᠳᠬᠦᠨ᠎ᠤ ᠥᠷᠲᠡᠭ 20 ᠳ᠋ᠦᠩᠰᠢᠭᠤᠷ ᠲᠥᠭᠥᠷᠢᠭ᠎ᠲᠤ ᠬᠦᠷᠴᠡᠢ᠃
《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠵᠢ ᠬᠤᠪᠢᠷᠠᠭᠤᠯᠬᠤ ᠵᠠᠮ᠎ᠢ ᠬᠠᠢ᠌ᠨ ᠰᠦᠪᠡᠭᠴᠢᠯᠡᠬᠦ ᠲᠠᠯ᠎ᠠ᠎ᠪᠠᠷ᠂ ᠬᠠᠷᠠᠴᠢᠨ ᠬᠣᠰᠢᠭᠤᠨ᠎ᠤ᠎ᠬᠢᠨ ᠤᠷᠢᠳᠠᠪᠠᠷ ᠲᠤᠷᠰᠢᠯᠲᠠ ᠬᠢᠬᠦ ᠵᠢ ᠪᠠᠷᠢᠮᠲᠠᠯᠠᠵᠤ᠂ ᠸᠠᠩ ᠶᠧ ᠳ᠋ᠢᠶᠠᠨ᠂ ᠡᠮᠡᠭᠡᠯ ᠠᠭᠤᠯᠠ᠂ ᠸᠠᠩ᠎ᠤᠨ ᠬᠣᠷᠣᠭ᠎ᠠ᠂ ᠶᠡᠬᠡ ᠨᠡᠬᠦᠴᠡ ᠵᠡᠷᠭᠡ 4 ᠤᠯᠤᠰ᠎ᠤᠨ ᠥᠮᠴᠢᠯᠡᠯ᠎ᠤᠨ ᠣᠢ ᠰᠢᠭᠤᠢ ᠵᠢᠨ ᠲᠠᠯᠠᠪᠠᠶ ᠵᠢ ᠲᠤᠷᠰᠢᠯᠲᠠ ᠵᠢᠨ ᠨᠢᠭᠡᠴᠢ ᠪᠣᠯᠭ᠋ᠠᠨ ᠰᠣᠩᠭᠣᠵᠤ᠂ ᠲᠣᠰ ᠭᠠᠵᠠᠷ᠎ᠤᠨ ᠬᠥᠭᠵᠢᠯᠲᠡ᠎ᠳᠤ ᠲᠣᠬᠢᠷᠠᠬᠤ ᠣᠢ ᠰᠢᠭᠤᠢ ᠵᠢᠨ ᠮᠥᠬᠥ᠂ ᠣᠢ ᠰᠢᠭᠤᠢ ᠵᠢᠨ ᠡᠮ ᠵᠡᠷᠭᠡ ᠰᠢᠯᠢᠳᠡᠭ ᠡᠭᠦᠯᠳᠡᠷ᠎ᠢ ᠰᠣᠩᠭᠣᠨ ᠪᠣᠢ᠌ᠵᠢᠭᠤᠯᠵᠤ᠂ ᠤᠯᠠᠨ ᠲᠦᠮᠡᠨ᠎ᠢ ᠳᠠᠭ᠋ᠠᠭᠤᠯᠤᠨ ᠣᠢ ᠵᠢᠨ ᠳᠣᠲᠣᠷᠠᠬᠢ ᠠᠵᠤ ᠠᠬᠤᠢ ᠵᠢ ᠬᠥᠭᠵᠢᠭᠦᠯᠬᠦ 《ᠲᠤᠷᠰᠢᠯᠲᠠ》 ᠬᠢᠪᠡ᠃ ᠣᠳᠣᠬᠠᠨ᠎ᠳᠤ᠂ ᠪᠥᠬᠥ ᠬᠣᠰᠢᠭᠤᠨ᠎ᠤ ᠣᠢ ᠰᠢᠭᠤᠢ ᠵᠢᠨ ᠮᠥᠬᠥ ᠲᠠᠷᠢᠬᠤ ᠲᠠᠯᠠᠪᠠᠶ 1 ᠲᠦᠮᠡᠨ ᠮᠦ᠍᠎ᠳᠤ ᠬᠦᠷᠴᠦ᠂ ᠪᠥᠬᠥ ᠤᠯᠤᠰ᠎ᠤᠨ ᠬᠠᠮᠤᠭ᠎ᠤᠨ ᠲᠣᠮᠣ ᠤᠯᠠᠭ᠋ᠠᠨ ᠮᠥᠬᠥ ᠲᠠᠷᠢᠬᠤ ᠰᠠᠭᠤᠷᠢᠨ ᠭᠠᠵᠠᠷ ᠪᠣᠯᠵᠤ᠂ ᠮᠦ᠍ ᠪᠦᠷᠢ ᠵᠢᠨ ᠳᠤᠮᠳᠠᠴᠢ ᠦᠷ᠎ᠡ ᠠᠰᠢᠭ᠎ᠨᠢ 5 ᠲᠦᠮᠡᠨ ᠲᠥᠭᠥᠷᠢᠭ᠎ᠲᠤ ᠬᠦᠷᠴᠦ᠂ 《ᠬᠠᠷᠠᠴᠢᠨ ᠤᠯᠠᠭ᠋ᠠᠨ ᠮᠥᠬᠥ》᠎ᠨᠢ ᠣᠢ ᠰᠢᠭᠤᠢ ᠵᠢᠨ ᠪᠦᠲᠦᠭᠡᠭᠳᠡᠬᠦᠨ᠎ᠤ ᠣᠢ ᠰᠢᠭᠤᠢ ᠵᠢᠨ ᠭᠡᠷᠡᠴᠢᠯᠡᠯᠲᠡ᠎ᠪᠠᠷ ᠳᠡᠮᠵᠢᠨ ᠳᠡᠯᠡᠬᠡᠢ ᠵᠢᠨ ᠵᠠᠬ᠎ᠠ ᠳᠡᠯᠭᠡᠭᠦᠷ᠎ᠲᠤ ᠨᠡᠢ᠌ᠳᠡᠮ ᠬᠡᠷᠡᠭᠯᠡᠭᠳᠡᠪᠡ; 《ᠣᠢ ᠰᠢᠭᠤᠢ ᠵᠢᠨ ᠠᠵᠤ ᠠᠬᠤᠢ ᠵᠢᠨ ᠠᠵᠤ ᠦᠢ᠍ᠯᠡᠰ᠎ᠤᠨ ᠱᠠᠩᠨᠠᠵᠤ ᠨᠥᠬᠥᠪᠦᠷᠢᠯᠡᠬᠦ ᠠᠷᠭ᠎ᠠ》 ᠵᠢ ᠨᠡᠢ᠌ᠲᠡᠯᠡᠵᠦ᠂ ᠠᠵᠤ ᠠᠬᠤᠢ ᠵᠢᠨ ᠣᠢ ᠵᠢᠨ ᠠᠵᠤ ᠦᠢ᠍ᠯᠡᠰ᠂ ᠣᠢ ᠵᠢᠨ ᠳᠣᠲᠣᠷᠠᠬᠢ ᠠᠵᠤ ᠠᠬᠤᠢ ᠵᠢᠨ ᠠᠵᠤ ᠦᠢ᠍ᠯᠡᠰ᠎ᠲᠤ ᠴᠢᠭᠯᠡᠭᠦᠯᠦᠨ ᠲᠥᠷᠥᠯ ᠬᠤᠪᠢᠶᠠᠨ ᠲᠡᠳᠬᠦᠨ ᠱᠠᠩᠨᠠᠵᠤ᠂ ᠣᠢ ᠰᠢᠭᠤᠢ ᠵᠢᠨ ᠠᠵᠤ ᠠᠬᠤᠢ ᠵᠢᠨ ᠨᠥᠬᠥᠪᠦᠷᠢ ᠵᠢᠨ ᠪᠡᠯᠡ ᠮᠥᠩᠭᠥ ᠵᠢ ᠨᠠᠢ᠌ᠳᠠ 2000 ᠲᠦᠮᠡᠨ ᠲᠥᠭᠥᠷᠢᠭ ᠲᠠᠷᠬᠠᠭ᠋ᠠᠪᠠ᠃ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢᠨ ᠳᠡᠮᠵᠢᠯᠭᠡ ᠵᠢ ᠪᠥᠬᠥ ᠬᠦᠴᠦᠨ ᠵᠶ᠋ᠡᠷ ᠵᠶ᠋ᠡᠨ ᠣᠯᠵᠤ᠂ ᠬᠣᠶᠠᠷ ᠵᠢᠯ᠎ᠤᠨ ᠳᠣᠲᠣᠷ᠎ᠠ ᠳᠡᠭᠡᠳᠦ ᠱᠠᠲᠤᠨ᠎ᠤ ᠡᠯ᠎ᠡ ᠲᠥᠷᠥᠯ᠎ᠤᠨ ᠪᠡᠯᠡ ᠮᠥᠩᠭᠥ ᠵᠢ ᠨᠠᠢ᠌ᠳᠠ 3200 ᠲᠦᠮᠡᠨ ᠲᠥᠭᠥᠷᠢᠭ ᠣᠯᠵᠤ ᠣᠢ ᠰᠢᠭᠤᠢ ᠵᠢᠨ ᠠᠵᠤ ᠠᠬᠤᠢ ᠵᠢ ᠬᠥᠭᠵᠢᠭᠦᠯᠬᠦ᠎ᠳᠤ ᠬᠡᠷᠡᠭᠯᠡᠪᠡ᠃ ᠤᠢ ᠰᠢᠭᠤᠢ ᠵᠢᠨ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ᠎ᠳᠤ ᠴᠢᠭᠯᠡᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢ ᠶᠡᠬᠡᠪᠡᠷ ᠥᠷᠨᠢᠭᠦᠯᠵᠦ᠂ 21.5 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠰᠠᠨ ᠱᠠᠩᠬᠠᠢ ᠵᠢᠨ ᠬᠤᠢ ᠵᠢᠢ ᠡᠮ᠎ᠤᠨ ᠦᠢ᠍ᠯᠡᠰ᠎ᠤᠨ ᠣᠲᠣ ᠦᠶ᠎ᠡ ᠵᠢᠨ ᠤᠢ ᠵᠢᠨ ᠳᠣᠲᠣᠷᠠᠬᠢ ᠬᠢᠲᠠᠳ ᠡᠮ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠨᠢᠭᠡ ᠪᠦᠯᠦᠭ ᠴᠢᠨᠠᠷ ᠰᠠᠢ᠌ᠲᠠᠢ ᠳᠦᠷᠦᠯ ᠵᠦᠢ᠍ᠯ᠎ᠢ ᠣᠷᠣᠭᠤᠯᠤᠨ ᠠᠪᠴᠢᠷᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠬᠤᠪᠢᠷᠠᠭᠤᠯᠤᠯᠲᠠ ᠵᠢᠨ ᠵᠠᠭᠪᠤᠷ᠎ᠢ ᠰᠦᠪᠡᠭᠴᠢᠯᠡᠨ ᠭᠠᠷᠭ᠋ᠠᠵᠤ᠂ ᠠᠮᠢ ᠠᠬᠤᠢ ᠵᠢᠨ ᠦᠷ᠎ᠡ ᠠᠰᠢᠭ ᠪᠣᠯᠣᠨ ᠠᠵᠤ ᠠᠬᠤᠢ ᠵᠢᠨ ᠦᠷ᠎ᠡ ᠠᠰᠢᠭ᠎ᠤᠨ ᠬᠣᠣᠰ ᠠᠮᠵᠢᠯᠲᠠ ᠵᠢ ᠣᠯᠬᠤ ᠠᠵᠤ ᠦᠢ᠍ᠯᠡᠰ᠎ᠤᠨ ᠬᠥᠭᠵᠢᠯᠲᠡ ᠵᠢᠨ ᠵᠠᠮ᠎ᠢ ᠨᠡᠭᠡᠭᠡᠪᠡ᠃