ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠶᠠᠷᠢᠶᠠᠨ᠎ᠤ ᠲᠠᠪᠴᠠᠩ᠎ᠤᠨ ᠵᠢᠨᠠᠨ᠎ᠤ ᠣᠨ᠎ᠤ ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠳᠣᠯᠣᠳᠤᠭ᠋ᠠᠷ ᠪᠦᠯᠦᠭ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠳᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠨᠡᠷᠡᠰ᠎ᠢ ᠨᠡᠢ᠌ᠲᠡᠯᠡᠵᠦ᠂ ᠮᠠᠨ᠎ᠤ ᠣᠷᠣᠨ 5 ᠭᠠᠵᠠᠷ ᠰᠣᠩᠭᠣᠭᠳᠠᠵᠠᠢ᠃ ᠡᠭᠦᠨ᠎ᠳᠤ᠂ ᠣᠷᠳᠣᠰ ᠬᠣᠲᠠ᠂ ᠰᠢᠯᠢ ᠵᠢᠨ ᠭᠣᠣᠯ ᠠᠶ᠋ᠢᠮᠠᠭ᠎ᠤᠨ ᠡᠷᠢᠶᠡᠨ ᠬᠣᠲᠠ᠂ ᠵᠡᠭᠦᠨ ᠦᠵᠦᠮᠦᠴᠢᠨ ᠬᠣᠰᠢᠭᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠴᠣᠯᠠ ᠵᠢ ᠭᠥᠷᠳᠡᠵᠦ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠂ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤ 《ᠬᠣᠶᠠᠷ ᠠᠭᠤᠯᠠ》 ᠵᠢᠨ ᠰᠠᠭᠤᠷᠢᠨ ᠭᠠᠵᠠᠷ᠎ᠤᠨ ᠴᠣᠯᠠ ᠵᠢ ᠭᠥᠷᠳᠡᠪᠡ᠃ ᠣᠲᠣ ᠪᠣᠯᠲᠠᠯ᠎ᠠ᠂ ᠥᠪᠥᠷ ᠮᠣᠩᠭᠣᠯ ᠨᠢᠭᠡᠨᠲᠡ ᠤᠷᠢᠳ ᠬᠣᠵᠢᠳ 13 ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 10 《ᠬᠣᠶᠠᠷ ᠠᠭᠤᠯᠠ》 ᠵᠢᠨ ᠰᠠᠭᠤᠷᠢᠨ ᠭᠠᠵᠠᠷ᠎ᠢ ᠠᠮᠵᠢᠯᠲᠠ᠎ᠲᠠᠢ ᠡᠭᠦᠳᠦᠨ ᠪᠠᠢ᠌ᠭᠤᠯᠪᠠ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠥᠪᠥᠷ ᠮᠣᠩᠭᠣᠯ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠬᠡᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠳᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ ᠪᠠ ᠥᠯᠢᠭᠡᠷ ᠵᠢᠱ᠌ᠢᠶ᠎ᠡ ᠵᠢ ᠡᠭᠦᠳᠴᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠬᠥᠮᠥᠨ ᠬᠢᠭᠡᠳ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠪᠡᠬᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠣᠷᠳᠣᠰ ᠤᠯᠤᠰ᠎ᠤᠨ ᠴᠢᠬᠤᠯᠠ ᠴᠡᠪᠡᠷ ᠡᠨᠧᠷᠭᠢ ᠵᠢᠨ ᠭᠠᠷᠭ᠋ᠠᠯᠲᠠ ᠵᠢᠨ ᠰᠠᠭᠤᠷᠢᠨ᠂ ᠨᠡᠭᠦᠷᠡᠰᠦ ᠴᠠᠬᠢᠯᠭ᠋ᠠᠨ᠎ᠤ ᠰᠠᠭᠤᠷᠢᠨ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠪᠣᠯᠤᠭᠰᠠᠨ᠎ᠤ ᠬᠤᠪᠢ᠎ᠳᠤ᠂ ᠨᠣᠭᠣᠭ᠋ᠠᠨ ᠥᠩᠭᠡ ᠵᠢ ᠨᠡᠮᠡᠭᠳᠡᠭᠦᠯᠬᠦ᠂ ᠡᠯᠡᠰᠦ ᠵᠢ ᠵᠠᠰᠠᠬᠤ᠂ ᠬᠡᠯᠪᠡᠷᠢ ᠵᠢ ᠬᠤᠪᠢᠷᠠᠭᠤᠯᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠲᠠᠯ᠎ᠠ᠎ᠪᠠᠷ ᠦᠷᠭᠦᠯᠵᠢᠯᠡᠨ ᠬᠦᠴᠦ ᠣᠷᠣᠭᠤᠯᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠴᠢᠷᠮᠠᠢ᠌ᠨ ᠰᠦᠪᠡᠭᠴᠢᠯᠡᠪᠡ᠃ 2022 ᠣᠨ ᠪᠣᠯᠲᠠᠯ᠎ᠠ᠂ ᠪᠦᠬᠦ ᠬᠤᠳᠠ᠎ᠳᠤ 210 ᠳ᠋ᠦᠩᠰᠢᠭᠤᠷ ᠰᠢᠬᠠᠮ ᠲᠥᠭᠥᠷᠢᠭ᠎ᠤᠨ ᠪᠡᠯᠡ ᠣᠷᠣᠭᠤᠯᠵᠤ᠂ ᠤᠢ ᠰᠢᠭᠤᠢ ᠵᠢᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠨᠠᠢ᠌ᠳᠠ 7980 ᠲᠦᠮᠡᠨ ᠮᠦ᠍᠎ᠳᠤ ᠬᠦᠷᠭᠡᠵᠦ᠂ ᠮᠤᠤᠠᠤᠰᠤ ᠵᠢᠨ ᠡᠯᠡᠰᠦᠷᠬᠡᠭ ᠭᠠᠵᠠᠷ ᠪᠣᠯᠣᠨ ᠬᠥᠪᠴᠢ ᠵᠢᠨ ᠡᠯᠡᠰᠦ ᠵᠢ ᠵᠠᠰᠠᠭᠰᠠᠨ ᠨᠤᠷᠮ᠎ᠠ 70% ᠪᠣᠯᠣᠨ 43%᠎ᠲᠤ ᠬᠦᠷᠴᠦ᠂ ᠴᠦᠯᠯᠡᠷᠭᠡᠭᠵᠢᠯ᠎ᠢ ᠵᠠᠰᠠᠭᠰᠠᠨ ᠪᠦᠬᠦ ᠪᠥᠮᠪᠥᠷᠴᠡᠭ᠎ᠤᠨ ᠥᠯᠢᠭᠡᠷ ᠵᠢᠱ᠌ᠢᠶ᠎ᠡ ᠪᠣᠯᠣᠨ ᠳᠤᠮᠳᠠᠳᠤ ᠤᠯᠤᠰ᠎ᠤᠨ ᠲᠤᠷᠰᠢᠯᠭ᠎ᠠ ᠵᠢ ᠡᠭᠦᠳᠴᠡᠢ᠃ ᠣᠷᠳᠣᠰ ᠶᠠᠭ ᠤᠷᠢᠳᠤ ᠡᠮᠦᠨ᠎ᠡ ᠪᠠᠢ᠌ᠭ᠎ᠠ ᠦᠭᠡᠢ ᠡᠷᠴᠢᠮ ᠵᠶ᠋ᠡᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠎ᠠ ᠠᠳᠬᠤᠵᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ᠎ᠳᠤ 《ᠣᠷᠳᠣᠰ᠎ᠤᠨ ᠬᠠᠷᠢᠭᠤᠴᠠᠯᠭ᠎ᠠ》 ᠵᠢ ᠦᠨᠡᠨᠬᠦ ᠡᠭᠦᠷᠭᠡᠯᠡᠪᠡ᠃
ᠰᠢᠯᠢ ᠵᠢᠨ ᠭᠣᠣᠯ ᠠᠶ᠋ᠢᠮᠠᠭ᠎ᠤᠨ ᠡᠷᠢᠶᠡᠨ ᠬᠣᠲᠠ᠎ᠨᠢ ᠮᠠᠨ᠎ᠤ ᠤᠯᠤᠰ᠎ᠤᠨ ᠮᠣᠩᠭᠣᠯ᠎ᠳᠤ ᠨᠡᠭᠡᠭᠡᠯᠲᠡ ᠬᠢᠬᠦ ᠬᠠᠮᠤᠭ᠎ᠤᠨ ᠲᠣᠮᠣ ᠬᠠᠭᠤᠷᠠᠢ ᠵᠠᠮ᠎ᠤᠨ ᠪᠣᠭᠣᠮᠲᠠ ᠪᠣᠯᠤᠭᠰᠠᠨ᠎ᠤ ᠬᠤᠪᠢ᠎ᠳᠤ᠂ 《ᠨᠢᠭᠡ ᠪᠦᠰᠡ ᠨᠢᠭᠡ ᠵᠠᠮ》᠎ᠤᠨ ᠴᠢᠬᠤᠯᠠ ᠵᠠᠩᠭᠢᠯᠠᠭ᠎ᠠ ᠵᠢᠨ ᠬᠣᠲᠠ ᠪᠣᠯᠣᠨ᠎ᠠ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠡᠷᠢᠶᠡᠨ ᠬᠤᠳᠠ ᠵᠢᠨ᠎ᠬᠢᠨ ᠢᠮᠠᠭᠲᠠ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ 《ᠭᠤᠷᠪᠠᠨ ᠲᠣᠭᠣᠷᠢᠭ᠂ ᠬᠣᠶᠠᠷ ᠵᠢᠱ᠌ᠢᠶ᠎ᠡ᠂ ᠨᠢᠭᠡ ᠴᠣᠩᠬᠣᠪᠴᠢ》 ᠵᠢ ᠪᠠᠢ᠌ᠭᠤᠯᠬᠤ᠎ᠪᠠᠷ ᠬᠠᠷᠠᠯᠲᠠ ᠪᠠᠶ᠋ᠢᠷᠢ ᠲᠣᠭᠲᠠᠭ᠋ᠠᠯᠲᠠ ᠪᠣᠯᠭ᠋ᠠᠵᠤ᠂ ᠳᠤᠮᠳᠠᠳᠤ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠢ ᠬᠠᠮᠲᠤ᠎ᠪᠠᠷ ᠪᠠᠢ᠌ᠭᠤᠯᠬᠤ ᠲᠤᠷᠰᠢᠯᠲᠠ ᠵᠢᠨ ᠣᠷᠣᠨ ᠪᠣᠯᠣᠨ ᠪᠣᠭᠣᠮᠲᠠ ᠵᠢᠨ ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠢᠳᠡᠪᠬᠢᠲᠡᠢ ᠪᠠᠢ᠌ᠭᠤᠯᠵᠤ᠂ 《ᠪᠣᠬᠢᠷᠲᠤᠯ ᠦᠭᠡᠢ》᠎ᠪᠠᠷ ᠬᠥᠭᠵᠢᠯᠲᠡ ᠵᠢᠨ ᠳᠡᠪᠢᠰᠬᠡᠷ ᠥᠩᠭᠡ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠢ ᠵᠢᠨ ᠬᠥᠭᠵᠢᠯᠲᠡ ᠪᠣᠯᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠣᠣᠰ ᠠᠮᠵᠢᠯᠲᠠ ᠵᠢ ᠪᠡᠶᠡᠯᠡᠭᠦᠯᠵᠡᠢ᠃
ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤ᠎ᠨᠢ ᠰᠢᠯᠢ ᠵᠢᠨ ᠭᠣᠣᠯ᠎ᠤᠨ ᠲᠠᠯ᠎ᠠ ᠨᠤᠲᠤᠭ᠎ᠤᠨ ᠭᠣᠣᠯ ᠣᠷᠣᠨ᠎ᠳᠤ ᠪᠠᠢ᠌ᠷᠢᠯᠠᠵᠤ᠂ ᠣᠢ᠌ᠷ᠎ᠠ ᠵᠢᠨ ᠵᠢᠯ᠎ᠤᠳ᠎ᠲᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠲᠠᠰᠤᠷᠠᠯᠲᠠ ᠦᠭᠡᠢ ᠰᠠᠢ᠌ᠵᠢᠷᠠᠵᠤ᠂ ᠣᠷᠴᠢᠨ ᠲᠣᠭᠣᠷᠢᠨ᠎ᠤ ᠠᠭ᠋ᠠᠷ᠎ᠤᠨ ᠴᠢᠨᠠᠷᠵᠢᠯ᠎ᠤᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 100%᠎ᠳᠤ ᠬᠦᠷᠴᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠢᠨᠵᠧᠨᠧᠷᠢᠩ᠎ᠢ 101.03 ᠲᠦᠮᠡᠨ ᠮᠦ᠍ ᠬᠡᠷᠡᠭᠵᠢᠭᠦᠯᠵᠦ᠂ ᠰᠠᠯᠬᠢ ᠡᠯᠡᠰᠦ ᠵᠢ ᠡᠰᠡᠷᠭᠦᠴᠡᠬᠦ ᠪᠣᠬᠢᠷᠲᠤᠯ ᠦᠭᠡᠢ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠵᠤ᠂ ᠠᠵᠤ ᠠᠬᠤᠢ ᠵᠢ ᠦᠷᠭᠦᠯᠵᠢᠯᠡᠨ ᠨᠡᠮᠡᠭᠳᠡᠭᠦᠯᠬᠦ᠂ ᠪᠣᠬᠢᠷᠲᠤᠯ᠎ᠢ ᠦᠷᠭᠦᠯᠵᠢᠯᠡᠨ ᠪᠠᠭᠤᠷᠠᠭᠤᠯᠬᠤ᠂ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠬᠤ ᠵᠢ ᠦᠨᠡᠨᠬᠦ ᠪᠡᠶᠡᠯᠡᠭᠦᠯᠵᠦ᠂ ᠬᠥᠮᠥᠨ ᠬᠢᠭᠡᠳ ᠪᠠᠶ᠋ᠢᠭ᠋ᠠᠯᠢ ᠡᠶ᠎ᠡ ᠵᠣᠬᠢᠴᠠᠩᠭᠤᠢ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠢ ᠴᠢᠷᠮᠠᠢ᠌ᠨ ᠪᠤᠢ ᠪᠣᠯᠭ᠋ᠠᠪᠠ᠃
ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠨᠢ ᠬᠣᠲᠠ ᠵᠢᠨ ᠠᠷᠤ ᠵᠢᠨ ᠴᠡᠴᠡᠷᠯᠢᠭ ᠪᠣᠯᠤᠭᠰᠠᠨ᠎ᠤ ᠬᠤᠪᠢ᠎ᠳᠤ᠂ ᠤᠯᠠᠨ ᠵᠢᠯ᠎ᠤᠨ ᠲᠤᠷᠰᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠣᠪᠣᠢ᠌ᠮ᠎ᠠ ᠪᠠᠶ᠋ᠢᠷᠢᠨ᠎ᠳᠤ ᠲᠠᠯᠪᠢᠭᠰᠠᠭ᠋ᠠᠷ ᠢᠷᠠᠵᠠᠢ᠃ 《ᠠᠭᠤᠯᠠ ᠵᠢ ᠡᠵᠡᠯᠡᠨ ᠬᠣᠲᠠ᠎ᠳᠤ ᠣᠷᠣᠭᠤᠯᠬᠤ》 《ᠠᠭᠤᠯᠠᠨ ᠬᠣᠲᠠ ᠬᠠᠷᠢᠯᠴᠠᠨ ᠲᠦᠰᠢᠯᠴᠡᠬᠦ》 《ᠲᠠᠯ᠎ᠠ ᠨᠤᠲᠤᠭ᠎ᠤᠨ ᠬᠣᠲᠠ》 ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ᠂ 《ᠤᠯᠠᠨ ᠲᠦᠮᠡᠨ ᠠᠮᠢ ᠠᠬᠤᠢ᠎ᠪᠠᠷ ᠵᠶ᠋ᠠᠨ ᠪᠠᠶᠠᠵᠢᠵᠤ᠂ ᠣᠷᠣᠨ ᠪᠦᠰᠡ᠎ᠨᠢ ᠠᠮᠢ ᠠᠬᠤᠢ᠎ᠪᠠᠷ ᠵᠶ᠋ᠠᠨ ᠬᠦᠴᠦᠷᠬᠡᠭᠵᠢᠵᠦ᠂ ᠰᠢᠶᠠᠩ ᠪᠠᠯᠭ᠋ᠠᠰᠤ᠎ᠨᠢ ᠠᠮᠢ ᠠᠬᠤᠢ᠎ᠪᠠᠷ ᠵᠶ᠋ᠠᠨ ᠭᠤᠶᠤᠵᠢᠬᠤ》 ᠠᠵᠢᠯ᠎ᠤᠨ ᠰᠡᠳᠬᠢᠴᠡ ᠶᠣᠰᠣᠭ᠋ᠠᠷ᠂ ᠣᠢ᠌ᠷ᠎ᠠ ᠵᠢᠨ ᠵᠢᠯ᠎ᠳᠤ ᠲᠠᠯᠠᠨ ᠬᠠᠷ᠎ᠠ ᠠᠭᠤᠯᠠ ᠵᠢᠨ ᠡᠮᠦᠨ᠎ᠡ ᠪᠡᠯ᠎ᠤᠨ ᠲᠦᠮᠡᠨ ᠮᠦ᠍ ᠵᠢᠨ ᠵᠢᠭᠤᠯᠴᠢᠯᠠᠯ᠎ᠤᠨ ᠤᠢ᠂ ᠴᠡᠯᠡᠭᠡᠷ ᠲᠠᠯ᠎ᠠ ᠤᠯᠤᠰ᠎ᠤᠨ ᠲᠠᠯ᠎ᠠ ᠨᠤᠲᠤᠭ᠎ᠤᠨ ᠪᠠᠶ᠋ᠢᠭ᠋ᠠᠯᠢ ᠵᠢᠨ ᠴᠡᠴᠡᠷᠯᠢᠭ᠂ ᠱᠧᠩ ᠱᠦᠢ ᠯᠢᠶᠠᠩ᠎ᠤᠨ ᠠᠮᠢ ᠠᠬᠤᠢ ᠵᠢᠨ ᠦᠵᠡᠮᠵᠢ ᠵᠢᠨ ᠣᠷᠣᠨ ᠵᠡᠷᠭᠡ ᠳᠦᠷᠦᠯ ᠵᠦᠢ᠍ᠯ᠎ᠢ ᠭᠣᠣᠯᠳᠠᠯᠭ᠎ᠠ᠎ᠲᠠᠢ ᠪᠠᠢ᠌ᠭᠤᠯᠵᠤ᠂ ᠠᠮᠢ ᠠᠬᠤᠢ ᠵᠢ ᠰᠡᠷᠭᠦᠭᠡᠬᠦ᠂ ᠠᠮᠢ ᠠᠬᠤᠢ ᠵᠢᠨ ᠲᠠᠷᠢᠶᠠᠯᠠᠩ᠂ ᠠᠮᠢ ᠠᠬᠤᠢ ᠵᠢᠨ ᠵᠢᠭᠤᠯᠴᠢᠯᠠᠯ ᠵᠡᠷᠭᠡ 《ᠠᠮᠢ ᠠᠬᠤᠢ + ᠠᠵᠤ ᠦᠢ᠍ᠯᠡᠰ》᠎ᠤᠨ ᠬᠥᠭᠵᠢᠯᠲᠡ ᠵᠢᠨ ᠵᠠᠭᠪᠤᠷ᠎ᠢ ᠪᠦᠷᠢᠯᠳᠦᠭᠦᠯᠵᠦ᠂ 《ᠬᠣᠶᠠᠷ ᠠᠭᠤᠯᠠ》 ᠵᠢ ᠬᠤᠪᠢᠷᠠᠭᠤᠯᠬᠤ ᠵᠠᠮ᠎ᠢ ᠪᠦᠬᠦ ᠲᠠᠯ᠎ᠠ᠎ᠪᠠᠷ ᠴᠣᠭᠴᠠᠯᠠᠵᠠᠢ᠃
ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤ᠎ᠨᠢ ᠶᠡᠷᠦᠩᠬᠡᠢ ᠱᠦᠵᠢ ᠵᠢᠨ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠠᠵᠢᠯ᠎ᠢ ᠶᠡᠬᠡᠪᠡᠷ ᠥᠷᠨᠢᠭᠦᠯᠵᠦ᠂ ᠠᠮᠢ ᠠᠬᠤᠢ ᠵᠢᠨ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠵᠢᠭᠤᠯᠴᠢᠯᠠᠯ᠂ ᠵᠢᠩᠬᠢᠨᠢ ᠡᠮ᠎ᠤᠨ ᠮᠠᠲ᠋ᠧᠷᠢᠶᠠᠯ᠂ ᠣᠢ ᠳᠣᠲᠣᠷᠠᠬᠢ ᠠᠵᠤ ᠠᠬᠤᠢ᠂ ᠣᠨᠴᠠᠯᠢᠭᠲᠤ ᠲᠠᠷᠢᠵᠤ ᠲᠡᠵᠢᠭᠡᠬᠦ ᠵᠡᠷᠭᠡ ᠬᠦᠷᠢᠶᠡᠨ᠎ᠳᠤ 《ᠬᠣᠶᠠᠷ ᠠᠭᠤᠯᠠ》 ᠵᠢ ᠬᠤᠪᠢᠷᠠᠭᠤᠯᠬᠤ ᠠᠷᠭ᠎ᠠ ᠵᠠᠮ ᠪᠣᠯᠣᠨ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ 《ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠠᠷᠠᠳ᠎ᠢ ᠪᠠᠶᠠᠵᠢᠭᠤᠯᠬᠤ ᠢᠨᠵᠧᠨᠧᠷᠢᠩ᠎ᠢ ᠡᠭᠦᠳᠬᠦ》 ᠠᠮᠢ ᠠᠬᠤᠢ ᠵᠢᠨ ᠵᠢᠭᠤᠯᠴᠢᠯᠠᠯ᠎ᠤᠨ ᠵᠠᠭᠪᠤᠷ᠂ 《ᠭᠠᠵᠠᠷ ᠵᠦᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠣᠭᠣᠮᠲᠠ ᠵᠢᠨ ᠭᠠᠳᠠᠨᠠᠬᠢ ᠡᠮ᠎ᠤᠨ ᠰᠢᠶᠠᠩ᠎ᠢ ᠪᠠᠢ᠌ᠭᠤᠯᠬᠤ》 ᠬᠢᠲᠠᠳ ᠮᠣᠩᠭᠣᠯ ᠡᠮ ᠡᠮᠨᠡᠯᠭᠡ ᠵᠢᠨ ᠵᠠᠭᠪᠤᠷ᠂ 《ᠰᠢᠨᠵᠢᠯᠡᠬᠦ ᠤᠬᠠᠭ᠋ᠠᠨᠴᠢ᠎ᠪᠠᠷ ᠲᠠᠷᠢᠬᠤ ᠵᠢ ᠠᠬᠢᠭᠤᠯᠵᠤ᠂ ᠤᠷᠠᠨ ᠠᠷᠭ᠎ᠠ᠎ᠪᠠᠷ ᠨᠣᠭᠣᠭ᠋ᠠᠷᠠᠭᠤᠯᠬᠤ》 ᠣᠢ ᠳᠣᠲᠣᠷᠠᠬᠢ ᠠᠵᠤ ᠠᠬᠤᠢ ᠵᠢᠨ ᠵᠠᠭᠪᠤᠷ᠂ 《ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ ᠵᠢ ᠪᠠᠷᠢᠮᠲᠠᠯᠠᠨ᠂ ᠢᠳᠡᠭᠡᠨ᠎ᠤ ᠠᠮᠤᠷ ᠲᠦᠪᠰᠢᠨ ᠬᠠᠷᠠᠴᠢᠨ ᠬᠣᠰᠢᠭᠤ ᠵᠢ ᠪᠠᠢ᠌ᠭᠤᠯᠬᠤ》 ᠣᠨᠴᠠᠯᠢᠭᠲᠤ ᠲᠠᠷᠢᠵᠤ ᠲᠡᠵᠢᠭᠡᠬᠦ ᠵᠠᠭᠪᠤᠷ ᠵᠡᠷᠭᠡ ᠲᠠᠪᠤᠨ ᠶᠡᠬᠡ ᠬᠠᠷᠠᠴᠢᠨ᠎ᠤ ᠣᠨᠴᠠᠯᠢᠭᠲᠤ 《ᠬᠣᠶᠠᠷ ᠠᠭᠤᠯᠠ》 ᠵᠢ ᠬᠤᠪᠢᠷᠠᠭᠤᠯᠬᠤ ᠵᠠᠭᠪᠤᠷ᠎ᠢ ᠪᠤᠢ ᠪᠣᠯᠭ᠋ᠠᠪᠠ᠃