ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠡᠷᠢᠶᠡᠨ ᠬᠤᠳᠠ
ᠨᠡᠶ᠋ᠢᠲᠡᠯᠡᠭᠰᠡᠨ ᠴᠠᠭ᠄ 2023-12-25

      ᠡᠷᠢᠶᠡᠨ ᠬᠤᠳᠠ ᠪᠣᠯ ᠳᠤᠮᠳᠠᠳᠤ ᠤᠯᠤᠰ᠎ᠤᠨ ᠠᠰ ᠤᠮᠠᠷᠠᠲᠤ ᠬᠡᠰᠡᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠲᠤ ᠪᠠᠢ᠌ᠷᠢᠯᠠᠵᠤ᠂ ᠮᠣᠩᠭᠣᠯ ᠤᠯᠤᠰ᠎ᠤᠨ ᠵᠠᠮ᠎ᠤᠨ ᠡᠭᠦᠳᠡ ᠬᠤᠳᠠ᠎ᠲᠠᠢ ᠬᠥᠷᠰᠢᠯᠡᠵᠦ᠂ ᠡᠸᠦ᠋ᠷᠦᠫᠡ ᠠᠽᠢᠶ᠎ᠠ ᠵᠢᠨ ᠡᠬᠡ ᠬᠠᠭᠤᠷᠠᠢ ᠵᠢᠨ ᠬᠥᠭᠥᠷᠭᠡ᠎ᠲᠠᠢ ᠬᠠᠮᠤᠭ᠎ᠤᠨ ᠤᠢ᠌ᠷᠠᠯᠴᠠᠭ᠎ᠠ 《ᠪᠡᠬᠢᠯᠡᠯᠲᠡ》 ᠪᠣᠯᠣᠨ᠎ᠠ᠂ ᠮᠥᠨᠴᠦ ᠡᠸᠦ᠋ᠷᠦᠫᠡ ᠠᠽᠢᠶ᠎ᠠ ᠵᠢᠨ ᠡᠬᠡ ᠬᠠᠭᠤᠷᠠᠢ ᠵᠢᠨ ᠬᠥᠭᠥᠷᠭᠡ ᠪᠣᠯᠣᠨ ᠮᠠᠨ᠎ᠤ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠬᠡᠷᠡᠭᠵᠢᠭᠦᠯᠬᠦ ᠴᠢᠬᠤᠯᠠ ᠵᠠᠩᠭᠢᠯᠠᠭ᠎ᠠ ᠵᠢᠨ ᠬᠤᠳᠠ ᠪᠣᠯᠣᠨ᠎ᠠ᠂ ᠮᠠᠨ᠎ᠤ ᠤᠯᠤᠰ᠎ᠤᠨ ᠮᠣᠩᠭᠣᠯ᠎ᠳᠤ ᠨᠡᠭᠡᠭᠡᠭᠰᠡᠨ ᠬᠠᠮᠤᠭ᠎ᠤᠨ ᠶᠡᠬᠡ ᠬᠠᠭᠤᠷᠠᠢ ᠵᠠᠮ᠎ᠤᠨ ᠪᠣᠭᠣᠮᠲᠠ ᠪᠥᠭᠡᠳ ᠨᠡᠢ᠌ᠰᠯᠡᠯ ᠪᠡᠭᠡᠵᠢᠩ᠎ᠠᠴᠠ ᠬᠠᠮᠤᠭ᠎ᠤᠨ ᠣᠢ᠌ᠷ᠎ᠠ ᠬᠢᠯᠢ ᠵᠢᠨ ᠬᠠᠭᠤᠷᠠᠢ ᠵᠠᠮ᠎ᠤᠨ ᠪᠣᠭᠣᠮᠲᠠ ᠪᠣᠯᠬᠤ ᠶᠤᠮ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠡᠷᠢᠶᠡᠨ ᠬᠣᠲᠠ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠪᠥᠬᠥ ᠬᠣᠲᠠ᠎ᠪᠠᠷ ᠵᠶ᠋ᠡᠨ ᠤᠷᠢᠳ ᠬᠣᠵᠢᠳ ᠳᠤᠮᠳᠠᠳᠤ ᠤᠯᠤᠰ᠎ᠤᠨ ᠠᠮᠢ ᠠᠬᠤᠢ ᠵᠢᠨ ᠦᠵᠡᠰᠬᠦᠯᠡᠩᠲᠦ ᠬᠣᠲᠠ᠂ ᠭᠤᠷᠪᠠᠳᠤᠭ᠋ᠠᠷ ᠪᠦᠯᠦᠭ᠎ᠤᠨ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠰᠢᠶᠠᠨ (2020 ᠣᠨ)᠂ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ᠂ ᠤᠯᠤᠰ᠎ᠤᠨ ᠲᠠᠯ᠎ᠠ ᠨᠤᠲᠤᠭ᠎ᠤᠨ ᠪᠠᠶ᠋ᠢᠭ᠋ᠠᠯᠢ ᠵᠢᠨ ᠴᠡᠴᠡᠷᠯᠢᠭ᠎ᠤᠨ ᠲᠤᠷᠰᠢᠯᠲᠠ ᠵᠢᠨ ᠴᠡᠭ᠂ ᠳᠤᠮᠳᠠᠳᠤ ᠤᠯᠤᠰ᠎ᠤᠨ ᠪᠣᠬᠢᠷᠲᠤᠯ ᠦᠭᠡᠢ ᠬᠥᠭᠵᠢᠯᠲᠡ ᠵᠢᠨ ᠠᠷᠪᠠᠨ ᠰᠢᠯᠢᠳᠡᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠬᠣᠲᠠ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠬᠣᠲᠠ᠂ ᠥᠪᠡᠷᠲᠡᠭᠡᠨ ᠵᠠᠰᠠᠬᠤ ᠣᠷᠣᠨ᠎ᠤ ᠴᠡᠴᠡᠷᠯᠢᠭᠵᠢᠭᠰᠡᠨ ᠬᠣᠲᠠ ᠵᠡᠷᠭᠡ ᠢᠷᠠᠭᠤ ᠠᠯᠳᠠᠷ᠎ᠤᠨ ᠴᠣᠯᠠ ᠵᠢ ᠭᠥᠷᠳᠡᠪᠡ᠃

      ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠵᠢᠨ ᠴᠢᠳᠠᠮᠵᠢᠲᠤ ᠣᠷᠣᠨ᠎ᠤ ᠲᠥᠯᠦᠪᠵᠢᠭᠦᠯᠭᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠲᠠᠯᠠᠪᠠᠢ 1060.87 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠪᠡ᠃ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠪᠠ ᠱᠠᠩᠨᠠᠯ ᠣᠯᠭᠣᠬᠤ ᠵᠡᠷᠭᠡ ᠴᠢᠬᠤᠯᠠ ᠶᠡᠬᠡ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ 2013 — 2023 ᠣᠨ᠎ᠳᠤ ᠲᠠᠴᠢᠷᠳᠠᠭᠰᠠᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ ᠵᠡᠷᠭᠡ ᠣᠷᠣᠨ ᠪᠦᠰᠡ ᠵᠢ ᠰᠡᠷᠭᠦᠭᠡᠨ ᠵᠠᠰᠠᠬᠤ᠂ ᠴᠦᠯᠯᠡᠷᠭᠡᠭᠵᠢᠯ᠎ᠢ ᠵᠠᠰᠠᠬᠤ ᠡᠭᠦᠷᠭᠡ ᠵᠢ 81.33 ᠲᠦᠮᠡᠨ ᠮᠦ᠍ ᠪᠡᠶᠡᠯᠡᠭᠦᠯᠵᠦ᠂ ᠨᠤᠲᠤᠭ ᠪᠡᠯᠴᠢᠭᠡᠷ᠎ᠤᠨ ᠶᠡᠷᠦᠩᠬᠡᠢ᠌ᠯᠡᠭᠰᠡᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ 23%᠎ᠳᠤ ᠬᠦᠷᠴᠦ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 3.54 ᠬᠤᠪᠢ ᠳᠡᠭᠡᠭᠰᠢᠯᠡᠵᠡᠢ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠷᠢᠨ ᠠᠦ᠋ᠲ᠋ᠣ᠋ ᠴᠦᠯᠯᠡᠷᠭᠡᠭᠵᠢᠭᠰᠡᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠠᠶ᠋ᠢᠷᠢ ᠲᠣᠭᠲᠠᠭ᠋ᠠᠯᠲᠠ ᠵᠢᠨ ᠠᠵᠢᠭᠯᠠᠯᠲᠠ ᠵᠢᠨ ᠥᠷᠲᠡᠭᠡ ᠵᠢ ᠠᠮᠵᠢᠯᠲᠠ᠎ᠲᠠᠢ ᠪᠠᠢ᠌ᠭᠤᠯᠪᠠ᠃ ᠡᠷᠢᠶᠡᠨ ᠬᠣᠲᠠ ᠵᠢᠨ ᠤᠯᠤᠰ᠎ᠤᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠵᠠᠰᠠᠬᠤ ᠤᠯᠠᠨ ᠨᠠᠢ᠌ᠳᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠭᠤᠷᠪᠠᠨ ᠵᠢᠯ᠎ᠤᠨ ᠪᠦᠲᠦᠭᠡᠨ ᠪᠠᠢ᠌ᠭᠤᠯᠤᠯᠲᠠ᠎ᠪᠠᠷ ᠳᠡᠮᠵᠢᠨ᠂ ᠭᠠᠷᠠᠮ᠎ᠢ ᠨᠡᠪᠲᠡᠷᠡᠭᠦᠯᠬᠦ ᠵᠠᠰᠠᠮᠠᠯ ᠵᠠᠮ᠎ᠤᠨ ᠬᠣᠶᠠᠷ ᠬᠠᠵᠠᠭᠤ ᠵᠢᠨ 500 ᠲᠦᠮᠡᠨ ᠲᠡᠭᠰᠢ ᠳᠥᠷᠪᠡᠯᠵᠢᠨ ᠮᠧᠲᠷ᠎ᠢ ᠭᠣᠪᠢ ᠨᠤᠲᠤᠭ᠎ᠠᠴᠠ ᠨᠣᠭᠣᠭ᠋ᠠᠨ ᠪᠦᠷᠢᠳᠦ ᠪᠣᠯᠭ᠋ᠠᠨ ᠬᠤᠪᠢᠷᠠᠭᠤᠯᠵᠤ᠂ ᠡᠮᠦᠨ᠎ᠡ᠎ᠠᠴᠠ ᠤᠮᠠᠷᠠᠰᠢ ᠨᠣᠭᠣᠭ᠋ᠠᠷᠠᠭᠤᠯᠬᠤ ᠠᠮᠢ ᠠᠬᠤᠢ ᠵᠢᠨ ᠬᠠᠯᠬᠠᠪᠴᠢ ᠵᠢ ᠪᠠᠢ᠌ᠭᠤᠯᠪᠠ᠃ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠳᠤᠮᠳᠠᠳᠤ ᠤᠯᠤᠰ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠨᠡᠢ᠌ᠭᠡᠮᠯᠢᠭ᠎ᠤᠨ ᠡᠷᠢᠶᠡᠨ ᠬᠣᠲᠠ ᠵᠢᠨ ᠨᠢᠰᠬᠡᠯ᠎ᠢ ᠬᠠᠮᠠᠭ᠋ᠠᠯᠠᠬᠤ ᠠᠩᠭᠢ᠂ ᠡᠷᠢᠶᠡᠨ ᠬᠣᠲᠠ ᠵᠢᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠵᠤ ᠬᠣᠷᠢᠶᠠᠨ ᠠᠪᠬᠤ ᠲᠥᠪ᠎ᠢ ᠪᠠᠢ᠌ᠭᠤᠯᠵᠤ᠂ ᠬᠣᠪᠣᠷ ᠨᠠᠨᠳᠢᠨ ᠠᠮᠢᠲᠠᠨ ᠵᠢᠴᠢ ᠲᠡᠭᠦᠨ᠎ᠤ ᠪᠦᠲᠦᠭᠡᠭᠳᠡᠬᠦᠨ᠎ᠢ ᠨᠢᠭᠤᠴᠠ᠎ᠪᠠᠷ ᠠᠷᠠᠯᠵᠢᠶᠠᠯᠠᠬᠤ᠎ᠳᠤ ᠴᠣᠬᠢᠯᠲᠠ ᠥᠭᠬᠦ ᠡᠭᠦᠷᠭᠡ ᠵᠢ ᠢᠳᠡᠪᠬᠢᠲᠡᠢ ᠡᠭᠦᠷᠭᠡᠯᠡᠨ᠂ 《ᠬᠠᠷᠴᠠᠭ᠋ᠠᠢ ᠵᠢᠨ ᠠᠵᠢᠯᠯᠠᠭ᠎ᠠ》 ᠵᠢᠨ ᠪᠥᠬᠥ ᠤᠯᠤᠰ᠎ᠤᠨ ᠲᠡᠷᠢᠭᠦᠨ᠎ᠤ ᠬᠠᠮᠲᠤ ᠵᠢᠨ ᠴᠣᠯᠠ ᠵᠢ ᠭᠥᠷᠳᠡᠪᠡ᠃

      ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠤᠯᠠᠨ ᠳᠦᠷᠦᠯ᠎ᠤᠨ ᠪᠣᠬᠢᠷᠲᠤᠯ ᠪᠣᠳᠠᠰ᠎ᠢ ᠬᠠᠮᠵᠢᠯᠴᠠᠨ ᠡᠵᠡᠮᠳᠡᠬᠦ ᠵᠢ ᠢᠳᠡᠪᠬᠢᠲᠡᠢ ᠴᠢᠩᠭ᠋ᠠᠳᠬᠠᠵᠤ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠪᠣᠬᠢᠷᠲᠤᠯ᠎ᠢ ᠵᠠᠰᠠᠬᠤ ᠵᠢ ᠦᠷᠭᠦᠯᠵᠢᠯᠡᠨ ᠠᠬᠢᠭᠤᠯᠵᠤ᠂ ᠣᠷᠴᠢᠨ ᠲᠣᠭᠣᠷᠢᠨ᠎ᠤ ᠠᠭ᠋ᠠᠷ᠎ᠤᠨ ᠰᠢᠯᠢᠳᠡᠭ ᠰᠠᠢ᠍ᠢ᠍ᠨ ᠡᠳᠦᠷ᠎ᠤᠨ ᠲᠣᠭ᠎ᠠ ᠵᠢ ᠬᠢᠨᠠᠨ ᠬᠡᠮᠵᠢᠭᠰᠡᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭ᠋ᠠᠰᠢ ᠵᠢᠯ ᠪᠦᠷᠢ ᠳᠤᠮᠳᠠᠴᠢ᠎ᠪᠠᠷ 300 ᠡᠳᠦᠷ᠎ᠢ ᠳᠠᠪᠠᠵᠤ᠂ 2022 ᠣᠨ᠎ᠤ ᠰᠢᠯᠢᠳᠡᠭ ᠰᠠᠢ᠍ᠢ᠍ᠨ ᠡᠳᠦᠷ᠎ᠤᠨ ᠲᠣᠭ᠎ᠠ ᠵᠢᠨ ᠬᠠᠷᠢᠴᠠᠯ 97.4%᠎ᠲᠤ ᠬᠦᠷᠴᠦ᠂ ᠣᠨ᠎ᠤ ᠬᠢᠨᠠᠨ ᠰᠢᠯᠭ᠋ᠠᠬᠤ ᠬᠠᠷᠠᠯᠲᠠ᠎ᠠᠴᠠ ᠵᠠᠭᠤᠨ᠎ᠤ ᠬᠠᠷᠢᠴᠠᠯ ᠵᠶ᠋ᠠᠷ 7.4 ᠬᠤᠪᠢ᠎ᠢ ᠳᠠᠪᠠᠪᠠ; ᠬᠥᠬᠡᠮᠳᠦᠭ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠵᠢᠷᠤᠮᠵᠢᠭᠰᠠᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠥᠷᠨᠢᠭᠦᠯᠵᠦ᠂ ᠬᠣᠶᠠᠳᠤᠭ᠋ᠠᠷ ᠤᠰᠤᠨ ᠰᠤᠷᠪᠤᠯᠵᠢ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠪᠠ ᠲᠦᠭᠡᠭᠡᠯ ᠤᠰᠤᠨ᠎ᠤ ᠬᠣᠭᠣᠯᠠᠢ ᠵᠢᠨ ᠲᠣᠣᠷ᠎ᠢ ᠥᠭᠡᠷᠡᠴᠢᠯᠡᠬᠦ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠬᠣᠲᠠ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ ᠵᠢ ᠪᠡᠶᠡᠯᠡᠭᠦᠯᠵᠦ᠂ ᠪᠣᠬᠢᠷ ᠤᠰᠤ ᠵᠢ ᠰᠢᠢ᠍ᠳᠪᠦᠷᠢᠯᠡᠬᠦ ᠨᠣᠷᠮ᠎ᠠ ᠵᠢ 98%᠎ᠠᠴᠠ ᠳᠡᠭᠡᠭᠰᠢ᠎ᠳᠤ ᠬᠦᠷᠦᠭᠦᠯᠵᠦ᠂ ᠳᠤᠮᠳᠠᠬᠢ ᠤᠰᠤ ᠵᠢ ᠡᠭᠡᠭᠦᠯᠦᠨ ᠬᠡᠷᠡᠭᠯᠡᠬᠦ ᠨᠣᠷᠮ᠎ᠠ ᠵᠢ 100%᠎ᠳᠤ ᠬᠦᠷᠦᠭᠦᠯᠪᠡ; ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠨ ᠬᠢᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ᠎ᠤᠨ ᠪᠠᠢ᠌ᠴᠠᠭ᠋ᠠᠯᠲᠠ ᠵᠢ ᠪᠥᠬᠥ ᠲᠠᠯ᠎ᠠ᠎ᠪᠠᠷ ᠥᠷᠨᠢᠭᠦᠯᠵᠦ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠯᠠᠪᠳᠠᠭᠤᠨ ᠪᠠᠲᠤᠲᠠᠢ ᠠᠬᠢᠭᠤᠯᠤᠨ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠎ᠢ ᠵᠢᠷᠤᠮᠵᠢᠭᠤᠯᠤᠨ ᠰᠢᠢ᠍ᠳᠪᠦᠷᠢᠯᠡᠬᠦ ᠵᠢᠴᠢ ᠶᠡᠷᠦᠩᠬᠡᠢ᠌ᠯᠡᠨ ᠠᠰᠢᠭᠯᠠᠬᠤ ᠵᠢ ᠴᠢᠩᠭ᠋ᠠᠳᠬᠠᠵᠤ᠂ ᠪᠣᠬᠢᠷ ᠰᠢᠪᠠᠷ᠎ᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠵᠢ 100%᠎ᠳᠤ ᠬᠦᠷᠦᠭᠦᠯᠵᠦ᠂ ᠪᠥᠬᠥ ᠬᠣᠲᠠ᠎ᠳᠤ ᠪᠣᠬᠢᠷᠲᠤᠭᠳᠠᠭᠰᠠᠨ ᠲᠠᠷᠢᠶᠠᠨ ᠭᠠᠵᠠᠷ ᠪᠠ ᠪᠣᠬᠢᠷᠲᠤᠭᠰᠠᠨ ᠭᠠᠵᠠᠷ ᠦᠭᠡᠢ᠂ ᠬᠥᠷᠥᠰᠥ ᠰᠢᠷᠣᠢ ᠵᠢᠨ ᠪᠣᠬᠢᠷᠲᠤᠯ᠎ᠤᠨ ᠬᠡᠷᠡᠭ ᠭᠠᠷᠤᠭᠰᠠᠨ ᠦᠭᠡᠢ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠶᠡᠷᠦᠩᠬᠡᠢ᠎ᠳᠡᠭᠡᠨ ᠰᠠᠶ᠋ᠢᠨ ᠪᠠᠢ᠌ᠨ᠎ᠠ᠃

      ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠪᠠ᠃ ᠲᠤᠬᠠᠢ ᠵᠢᠨ ᠭᠠᠵᠠᠷ᠎ᠤᠨ ᠠᠭᠤᠷ ᠠᠮᠢᠰᠬᠤᠯ ᠭᠠᠩ ᠬᠠᠭᠤᠷᠠᠢ᠂ ᠬᠤᠷ᠎ᠠ ᠲᠤᠨᠳᠠᠰᠤ ᠴᠥᠭᠡᠨ᠂ ᠠᠭᠤᠷᠰᠢᠯᠲᠠ ᠴᠢᠩᠭ᠎ᠠ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠢ ᠳᠤᠲᠠᠭᠳᠠᠵᠤ ᠪᠠᠢ᠌ᠭ᠎ᠠ ᠪᠣᠳᠠᠲᠤ ᠪᠠᠶ᠋ᠢᠳᠠᠯ᠎ᠳᠤ ᠰᠠᠭᠤᠷᠢᠯᠠᠨ᠂ 《ᠤᠰᠤ᠎ᠪᠠᠷ ᠭᠠᠷᠤᠯᠲᠠ ᠵᠢ ᠲᠣᠭᠲᠠᠭ᠋ᠠᠬᠤ᠂ ᠤᠰᠤ᠎ᠪᠠᠷ ᠬᠣᠲᠠ ᠵᠢ ᠲᠣᠭᠲᠠᠭ᠋ᠠᠬᠤ᠂ ᠤᠰᠤ᠎ᠪᠠᠷ ᠦᠢ᠍ᠯᠡᠰ᠎ᠢ ᠲᠣᠭᠲᠠᠭ᠋ᠠᠬᠤ᠂ ᠤᠰᠤ᠎ᠪᠠᠷ ᠨᠣᠭᠣᠭ᠋ᠠᠷᠠᠭᠤᠯᠤᠯᠲᠠ ᠵᠢ ᠲᠣᠭᠲᠠᠭ᠋ᠠᠬᠤ》 ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠪᠥᠬᠥ ᠲᠠᠯ᠎ᠠ᠎ᠪᠠᠷ ᠠᠬᠢᠭᠤᠯᠪᠠ᠃ ᠣᠢ᠌ᠷ᠎ᠠ ᠵᠢᠨ ᠵᠢᠯ᠎ᠤᠳ᠎ᠲᠤ᠂ ᠤᠷᠢᠳ ᠬᠣᠵᠢᠳ 1 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠬᠣᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠰᠢᠰᠲ᠋ᠧᠮ᠎ᠢ ᠪᠠᠢ᠌ᠭᠤᠯᠵᠤ᠂ ᠡᠳᠦᠷ᠎ᠲᠤ 1.5 ᠲᠦᠮᠡᠨ ᠲᠣᠨ ᠪᠣᠬᠢᠷ ᠤᠰᠤ ᠵᠢ ᠰᠢᠢ᠍ᠳᠪᠦᠷᠢᠯᠡᠬᠦ ᠴᠢᠳᠠᠪᠤᠷᠢ᠎ᠲᠠᠢ ᠪᠣᠯᠵᠤ᠂ ᠰᠢᠢ᠍ᠳᠪᠦᠷᠢᠯᠡᠭᠰᠡᠨ᠎ᠤ ᠳᠠᠷᠠᠭ᠎ᠠ ᠤᠰᠤᠨ᠎ᠤ ᠴᠢᠨᠠᠷ᠎ᠨᠢ ᠤᠯᠤᠰ᠎ᠤᠨ ᠨᠢᠭᠡᠳᠦᠭᠡᠷ ᠳᠡᠰ᠎ᠤᠨ A ᠪᠠᠷᠢᠮᠵᠢᠶ᠎ᠠ᠎ᠳᠤ ᠬᠦᠷᠴᠦ᠂ ᠰᠢᠭᠤᠳ ᠨᠡᠪᠴᠢᠭᠦᠯᠦᠨ ᠤᠰᠤᠯᠠᠬᠤ᠂ ᠳᠤᠰᠤᠯᠭ᠋ᠠᠨ ᠤᠰᠤᠯᠠᠬᠤ᠎ᠳᠤ ᠬᠡᠷᠡᠭᠯᠡᠵᠦ ᠪᠣᠯᠣᠨ᠎ᠠ᠃ 4000 ᠲᠦᠮᠡᠨ ᠲᠥᠭᠥᠷᠢᠭ ᠪᠡᠯᠡ ᠣᠷᠣᠭᠤᠯᠵᠤ ᠪᠠᠶ᠋ᠢᠭ᠋ᠠᠳ ᠨᠣᠭᠣᠭ᠋ᠠᠷᠠᠭᠤᠯᠤᠯᠲᠠ ᠵᠢᠨ ᠴᠢᠨᠠᠷ ᠬᠤᠪᠢᠶᠠᠨ ᠤᠰᠤ ᠬᠠᠩᠭ᠋ᠠᠬᠤ ᠢᠨᠵᠸᠨᠸᠷᠢᠡᠭ᠎ᠢ ᠪᠠᠢ᠌ᠭᠤᠯᠤᠨ᠂ ᠡᠳᠦᠷ ᠪᠦᠷᠢ ᠨᠣᠭᠣᠭ᠋ᠠᠷᠠᠭᠤᠯᠤᠯᠲᠠ ᠵᠢᠨ ᠬᠣᠭᠣᠯᠠᠢ ᠵᠢᠨ ᠲᠣᠣᠷ᠎ᠤᠨ ᠬᠡᠷᠡᠭᠯᠡᠬᠦ ᠤᠰᠤ ᠵᠢ 4000 ᠪᠣᠰᠣᠭ᠎ᠠ ᠳᠥᠷᠪᠡᠯᠵᠢᠨ ᠮᠧᠲᠷ ᠨᠡᠮᠡᠭᠳᠡᠭᠦᠯᠦᠨ᠂ ᠬᠤᠳᠠ ᠵᠢᠨ ᠪᠠᠢ᠌ᠭᠤᠯᠤᠭᠰᠠᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠤᠷᠮ᠎ᠠ 38.7%᠎ᠲᠤ ᠬᠦᠷᠴᠦ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠪᠠ ᠦᠷ᠎ᠡ ᠠᠰᠢᠭ᠎ᠢ ᠦᠨᠡᠨᠬᠦ ᠳᠡᠭᠡᠭᠰᠢᠯᠡᠭᠦᠯᠵᠦ᠂ 2020 ᠣᠨ᠎ᠳᠤ ᠤᠰᠤᠨ ᠠᠰᠢᠭᠯᠠᠯᠲᠠ ᠵᠢᠨ ᠶᠠᠮᠤᠨ᠎ᠠᠴᠠ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠢ᠌ᠭᠡᠮ᠎ᠤᠨ ᠪᠠᠷᠢᠮᠵᠢᠶ᠎ᠠ᠎ᠳᠤ ᠬᠦᠷᠦᠭᠦᠯᠦᠭᠰᠡᠨ ᠪᠦᠲᠦᠭᠡᠨ ᠪᠠᠢ᠌ᠭᠤᠯᠤᠯᠲᠠ ᠵᠢᠨ ᠬᠤᠳᠠ᠎ᠪᠠᠷ ᠦᠨᠡᠯᠡᠭᠳᠡᠪᠡ᠃

      ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠠᠬᠢᠴᠠ ᠲᠠᠰᠤᠷᠠᠯᠲᠠ ᠦᠭᠡᠢ ᠲᠦᠷᠭᠡᠳᠪᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠪᠴᠢᠶᠡᠵᠢᠨ ᠬᠥᠭᠵᠢᠬᠦ ᠵᠢ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠵᠢ ᠭᠠᠳᠠᠭᠰᠢ ᠬᠦᠷᠭᠡᠬᠦ ᠨᠡᠪᠳᠡᠷᠡᠯ ᠵᠠᠮ᠎ᠢ ᠲᠥᠯᠥᠪᠵᠢᠭᠦᠯᠦᠨ ᠪᠠᠢ᠌ᠭᠤᠯᠵᠤ᠂ ᠡᠷᠢᠶᠡᠨ ᠬᠤᠳᠠ᠎ᠪᠠᠷ ᠭᠣᠣᠯ ᠪᠣᠯᠭ᠋ᠠᠭᠰᠠᠨ ᠰᠢᠯᠢ ᠵᠢᠨ ᠭᠣᠣᠯ ᠠᠶ᠋ᠢᠮᠠᠭ᠎ᠤᠨ ᠪᠠᠷᠠᠭᠤᠨ ᠬᠡᠰᠡᠭ᠎ᠤᠨ ᠬᠢᠯᠢ ᠳᠠᠭ᠋ᠠᠤ ᠮᠢᠩᠭ᠋ᠠᠨ ᠲᠦᠮᠡᠨ ᠺᠢᠯᠣᠸᠠᠲ᠎ᠤᠨ ᠴᠡᠪᠡᠷ ᠡᠨᠧᠷᠭᠢ ᠵᠢᠨ ᠭᠠᠷᠭ᠋ᠠᠯᠲᠠ ᠵᠢᠨ ᠰᠠᠭᠤᠷᠢᠨ᠎ᠢ ᠪᠠᠢ᠌ᠭᠤᠯᠵᠤ᠂ ᠪᠦᠬᠦ ᠬᠤᠳᠠ ᠵᠢᠨ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢ 57.9 ᠲᠦᠮᠡᠨ ᠺᠢᠯᠣᠸᠠᠲ᠎ᠲᠤ ᠬᠦᠷᠭᠡᠵᠦ᠂ ᠤᠯᠤᠰ᠎ᠤᠨ ᠠᠩᠬᠠᠳᠠᠭᠴᠢ ᠳᠠᠬᠢᠨ ᠡᠭᠦᠰᠴᠦ ᠪᠣᠯᠬᠤ ᠡᠨᠧᠷᠭᠢ ᠵᠢᠨ ᠪᠢᠴᠢᠯ ᠴᠠᠬᠢᠯᠭ᠋ᠠᠨ ᠲᠣᠣᠷ᠎ᠤᠨ ᠵᠢᠱ᠌ᠢᠶ᠎ᠡ ᠦᠵᠡᠭᠦᠯᠬᠦ ᠳᠦᠷᠦᠯ ᠵᠦᠢ᠍ᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠪᠦᠲᠦᠭᠡᠨ ᠪᠠᠢ᠌ᠭᠤᠯᠪᠠ; ᠰᠢᠨ᠎ᠡ ᠡᠨᠧᠷᠭᠢ ᠵᠢᠨ ᠰᠤᠷᠪᠤᠯᠵᠢ ᠵᠢᠨ ᠢᠯᠴᠢ ᠬᠠᠩᠭ᠋ᠠᠬᠤ ᠢᠨᠵᠧᠨᠧᠷᠢᠩ᠎ᠢ ᠥᠷᠨᠢᠭᠦᠯᠵᠦ᠂ ᠰᠢᠨ᠎ᠡ ᠡᠨᠧᠷᠭᠢ ᠵᠢᠨ ᠰᠤᠷᠪᠤᠯᠵᠢ ᠵᠢ ᠣᠷᠣᠯᠠᠭᠤᠯᠬᠤ ᠪᠠ ᠲᠤᠬᠠᠢ ᠵᠢᠨ ᠭᠠᠵᠠᠷ᠎ᠲᠤᠨᠢ ᠰᠢᠩᠭᠡᠬᠡᠨ ᠠᠪᠬᠤ ᠵᠢ ᠴᠢᠩᠭ᠋ᠠᠳᠬᠠᠵᠤ᠂ ᠪᠦᠬᠦ ᠬᠤᠳᠠ ᠵᠢᠨ ᠴᠡᠪᠡᠷ ᠡᠨᠧᠷᠭᠢ ᠵᠢᠨ ᠰᠤᠷᠪᠤᠯᠵᠢ ᠵᠢᠨ ᠢᠯᠴᠢ ᠬᠠᠩᠭ᠋ᠠᠬᠤ ᠲᠠᠯᠠᠪᠠᠢ 18 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠡᠢ; ᠭᠡᠷᠡᠯ ᠴᠡᠨᠡᠭ᠎ᠤᠨ ᠰᠡᠯᠪᠢᠭ ᠲᠣᠨᠣᠭ᠂ ᠡᠨᠧᠷᠭᠢ ᠬᠠᠳᠠᠭ᠋ᠠᠯᠠᠬᠤ ᠲᠥᠬᠦᠭᠡᠷᠦᠮᠵᠢ ᠵᠡᠷᠭᠡ ᠦᠢ᠍ᠯᠡᠳᠬᠦ ᠲᠥᠷᠥᠯ ᠵᠦᠢ᠍ᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠠ᠃ ᠡᠭᠦᠨ᠎ᠤ ᠬᠠᠮᠲᠤ᠂ ᠳᠡᠭᠡᠳᠦ ᠲᠠᠰ᠎ᠤᠨ ᠦᠢ᠍ᠯᠡᠳᠬᠦ ᠦᠢ᠍ᠯᠡᠰ᠂ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ ᠪᠠ ᠬᠢᠯᠢ ᠠᠯᠤᠰᠯᠠᠭᠰᠠᠨ ᠵᠢᠭᠤᠯᠴᠢᠯᠠᠯ᠎ᠤᠨ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠪᠣᠬᠢᠷᠲᠤᠯ ᠦᠭᠡᠢ ᠠᠵᠤ ᠦᠢ᠍ᠯᠡᠰ᠎ᠤᠨ ᠰᠢᠰᠲ᠋ᠧᠮᠵᠢ ᠵᠢ ᠪᠥᠬᠥ ᠲᠠᠯ᠎ᠠ᠎ᠪᠠᠷ ᠪᠠᠢ᠌ᠭᠤᠯᠤᠨ᠂ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠷᠠᠭᠤᠯᠪᠠ᠃

      ᠠᠮᠢ ᠠᠬᠤᠢ ᠣᠷᠴᠢᠨ ᠲᠣᠭᠣᠷᠢᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠰᠢᠪᠲᠤᠯᠤᠯᠲᠠ᠎ᠲᠠᠢ ᠪᠣᠯᠪᠠ᠃ ᠳᠤᠮᠳᠠᠳᠤ ᠮᠣᠩᠭᠣᠯ᠎ᠤᠨ 《ᠭᠠᠷ ᠬᠣᠯᠪᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠥᠷᠨᠢᠭᠦᠯᠬᠦ》 ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠮᠣᠩᠭᠣᠯ ᠤᠯᠤᠰ᠎ᠯᠤᠭ᠎ᠠ ᠬᠠᠮᠲᠤᠷᠠᠯᠴᠠᠨ ᠰᠣᠯᠢᠯᠴᠠᠬᠤ ᠵᠠᠭᠪᠤᠷ᠎ᠲᠤ ᠢᠳᠡᠪᠬᠢᠲᠡᠢ᠎ᠪᠠᠷ ᠰᠢᠨ᠎ᠡ ᠵᠢ ᠡᠭᠦᠳᠴᠦ᠂ ᠳᠤᠮᠳᠠᠳᠤ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠢ ᠬᠠᠮᠲᠤᠪᠠᠷ ᠪᠠᠢ᠌ᠭᠤᠯᠬᠤ ᠲᠤᠷᠰᠢᠯᠲᠠ ᠵᠢᠨ ᠣᠷᠣᠨ᠎ᠢ ᠴᠣᠭᠴᠠᠯᠠᠨ ᠪᠠᠢ᠌ᠭᠤᠯᠪᠠ᠃ 2023 ᠣᠨ᠎ᠤ 6 ᠰᠠᠷ᠎ᠠ᠎ᠳᠤ᠂ ᠡᠷᠢᠶᠡᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠮᠣᠩᠭᠣᠯ ᠤᠯᠤᠰ᠎ᠤᠨ ᠵᠠᠮ᠎ᠤᠨ ᠡᠭᠦᠳᠡ ᠬᠣᠲᠠ ᠵᠢᠨ ᠵᠠᠰᠠᠭ᠎ᠤᠨ ᠣᠷᠳᠣᠨ᠎ᠲᠠᠢ ᠠᠭᠤᠯᠵᠠᠯᠲᠠ ᠬᠢᠵᠦ᠂ 《ᠳᠤᠮᠳᠠᠳᠤ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠢ ᠬᠠᠮᠲᠤ᠎ᠪᠠᠷ ᠪᠠᠢ᠌ᠭᠤᠯᠬᠤ ᠲᠤᠷᠰᠢᠯᠲᠠ ᠵᠢᠨ ᠣᠷᠣᠨ (ᠡᠷᠢᠶᠡᠨ ᠬᠣᠲᠠ — ᠵᠠᠮ᠎ᠤᠨ ᠡᠭᠦᠳᠡ)᠎ᠤ ᠰᠠᠨᠠᠮᠵᠢ》᠎ᠳᠤ ᠬᠠᠮᠲᠤ᠎ᠪᠠᠷ ᠭᠠᠷ᠎ᠤᠨ ᠦᠰᠦᠭ ᠵᠢᠷᠤᠵᠤ᠂ ᠪᠣᠭᠣᠮᠲᠠ ᠵᠢᠨ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠠᠷᠢᠯᠴᠠᠭ᠎ᠠ ᠵᠢᠨ ᠲᠣᠭᠲᠠᠴᠠ ᠵᠢ ᠪᠠᠢ᠌ᠭᠤᠯᠵᠤ᠂ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠪᠠ᠃

      ᠠᠮᠢ ᠠᠬᠤᠢ ᠵᠢᠨ ᠬᠠᠯᠬᠠᠪᠴᠢ ᠵᠢ ᠪᠠᠲᠤ ᠪᠡᠬᠢ ᠴᠣᠭᠴᠠᠯᠠᠵᠤ᠂ ᠪᠣᠬᠢᠷᠲᠤᠯ ᠦᠭᠡᠢ ᠪᠣᠭᠣᠮᠲᠠ ᠵᠢ ᠪᠦᠲᠦᠭᠡᠨ ᠪᠠᠢ᠌ᠭᠤᠯᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠢᠮᠠᠭᠲᠠ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠡᠷᠡᠮᠡᠬᠡᠢ᠌ᠯᠡᠨ ᠤᠷᠤᠭᠰᠢᠯᠠᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠣᠷᠴᠢᠨ ᠲᠣᠭᠣᠷᠢᠨ ᠨᠡᠩ ᠭᠣᠢ᠌ᠳᠠ ᠰᠠᠢ᠌ᠬᠠᠨ᠂ ᠠᠮᠢᠳᠤᠷᠠᠯ ᠨᠡᠩ ᠪᠠᠶᠠᠨ ᠴᠢᠨᠡᠭᠡᠯᠢᠭ᠂ ᠠᠷᠠᠳ ᠲᠦᠮᠡᠨ ᠨᠡᠩ ᠵᠣᠯ ᠵᠢᠷᠭ᠋ᠠᠯ᠎ᠲᠠᠢ ᠪᠣᠯᠬᠤ ᠬᠠᠷᠠᠯᠲᠠ ᠲᠡᠢ᠌ᠰᠢ ᠤᠷᠤᠭᠰᠢᠯᠠᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠴᠠᠭ᠋ᠠᠨ ᠬᠡᠷᠡᠮ᠎ᠢ ᠪᠠᠢ᠌ᠭᠤᠯᠬᠤ᠎ᠳᠤ ᠡᠷᠢᠶᠡᠨ ᠬᠣᠲᠠ ᠵᠢᠨ ᠬᠦᠴᠦᠨ ᠴᠢᠳᠠᠯ ᠵᠶ᠋ᠠᠨ ᠡᠷᠭᠦᠵᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠬᠡᠷᠡᠭ᠎ᠤᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠲᠦᠮᠡᠳ ᠵᠡᠭᠦᠨ ᠬᠣᠰᠢᠭᠤ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠠᠢ᠌ᠬᠠᠨ ᠲᠣᠭᠣᠷᠢᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号