ᠰᠠᠢ᠌ᠬᠠᠨ ᠲᠣᠭᠣᠷᠢᠭ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠣᠢ᠌ᠯᠠᠭ᠋ᠠᠭᠳᠠᠬᠤᠨ᠎ᠢ ᠢᠮᠠᠭᠲᠠ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮᠲᠦ ᠵᠠᠰᠠᠯᠲᠠ ᠬᠢᠬᠦ ᠵᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠭᠣᠣᠯ ᠠᠭᠤᠯᠭ᠎ᠠ ᠪᠣᠯᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠢ᠍ᠢ᠍ᠨ ᠰᠠᠢ᠌ᠬᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠵᠠᠮᠨᠠᠪᠠ᠃
ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠥᠨᠢ ᠤᠳᠠᠭ᠋ᠠᠨ ᠪᠠᠷᠢᠮᠲᠠᠯᠠᠪᠠ᠃ ᠰᠠᠢ᠌ᠬᠠᠨ ᠲᠣᠭᠣᠷᠢᠭ᠎ᠤᠨ᠎ᠬᠢᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠢ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠨ ᠴᠣᠭᠴᠠᠯᠠᠪᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠰᠬᠠᠢ ᠠᠨᠭ᠌ᠬᠢ ᠵᠢ ᠪᠠᠢ᠌ᠭᠤᠯᠵᠤ᠂ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠪᠡ᠃ ᠬᠥᠬᠡ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥ 《ᠭᠤᠷᠪᠠᠨ ᠶᠡᠬᠡ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ》᠎ᠢ ᠭᠦᠨᠵᠡᠭᠡᠢ ᠬᠡᠷᠡᠭᠵᠢᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠢᠨᠵᠧᠨᠧᠷᠢᠩ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠬᠦ ᠢᠨᠵᠧᠨᠧᠷᠢᠩ᠂ ᠪᠠᠶ᠋ᠢᠭ᠋ᠠᠯᠢ ᠵᠢᠨ ᠤᠢ ᠰᠢᠭᠤᠢ ᠵᠢ ᠬᠠᠮᠠᠭ᠋ᠠᠯᠠᠬᠤ ᠢᠨᠵᠧᠨᠧᠷᠢᠩ᠂ ᠵᠡᠭᠦᠨ ᠬᠡᠰᠡᠭ᠎ᠤᠨ ᠠᠮᠢ ᠠᠬᠤᠢ ᠵᠢᠨ ᠬᠠᠯᠬᠠᠪᠴᠢ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠪᠡ᠃ 2022 ᠣᠨ᠎ᠳᠤ᠂ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 90.3%᠎ᠳᠤ ᠬᠦᠷᠴᠦ᠂ ᠮᠢᠨ ᠱᠧᠩ ᠴᠢᠦᠢ᠂ ᠲᠣᠪᠴᠢ ᠪᠣᠯᠣᠨ ᠲᠣᠬᠣᠢ ᠵᠢᠨ ᠪᠠᠢ᠌ᠰᠢᠩ ᠭᠤᠷᠪᠠᠨ ᠬᠢᠨᠠᠨ ᠬᠡᠮᠵᠢᠬᠦ ᠣᠭᠲᠣᠯᠣᠭ᠋ᠠᠰᠤ ᠵᠢᠨ ᠤᠰᠤᠨ᠎ᠤ ᠴᠢᠨᠠᠷ᠎ᠨᠢ ᠴᠥᠮ ᠭᠠᠵᠠᠷ ᠳᠡᠭᠡᠷᠡᠬᠢ ᠤᠰᠤᠨ᠎ᠤ Ⅲ ᠲᠥᠷᠥᠯ ᠵᠢᠴᠢ ᠲᠡᠭᠦᠨ᠎ᠠᠴᠠ ᠳᠡᠭᠡᠭᠰᠢᠬᠢ ᠪᠠᠷᠢᠮᠵᠢᠶ᠎ᠠ᠎ᠳᠤ ᠬᠦᠷᠴᠦ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠨᠢ 100%᠎ᠳᠤ ᠬᠦᠷᠴᠦ᠂ ᠣᠢ ᠰᠢᠭᠤᠢ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ᠎ᠨᠢ 37.2%᠎ᠲᠤ ᠬᠥᠷᠪᠡ᠃
ᠪᠣᠬᠢᠷᠲᠤᠯ ᠦᠭᠡᠢ ᠠᠵᠤ ᠠᠬᠤᠢ ᠠᠬᠢᠴᠠ᠎ᠲᠠᠢ ᠪᠣᠯᠪᠠ᠃ 2022 ᠣᠨ᠎ᠳᠤ ᠰᠠᠢ᠌ᠬᠠᠨ ᠲᠣᠭᠣᠷᠢᠭ᠎ᠤᠨ GDP 920.45 ᠳ᠋ᠦᠩᠰᠢᠭᠤᠷ ᠲᠥᠭᠥᠷᠢᠭ᠎ᠢ ᠳᠠᠪᠠᠵᠤ᠂ ᠥᠪᠡᠷᠲᠡᠭᠡᠨ ᠵᠠᠰᠠᠬᠤ ᠣᠷᠣᠨ᠎ᠤ 103 ᠬᠣᠰᠢᠭᠤ ᠰᠢᠶᠠᠨ ᠲᠣᠭᠣᠷᠢᠭ᠎ᠤᠨ ᠲᠠᠪᠤᠳᠤᠭ᠋ᠠᠷ᠎ᠲᠤ ᠣᠷᠣᠪᠠ᠃ ᠭᠡᠷᠡᠯ ᠴᠡᠨᠡᠭ᠎ᠤᠨ ᠰᠢᠨ᠎ᠡ ᠮᠠᠲ᠋ᠧᠷᠢᠶᠠᠯ᠂ ᠴᠢᠯᠠᠭᠤᠨ ᠲᠣᠰᠣᠨ᠎ᠤ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠤ ᠦᠢ᠍ᠯᠡᠳᠪᠦᠷᠢ ᠵᠢᠨ ᠲᠤᠯᠭ᠋ᠠᠭᠤᠷᠢ ᠠᠵᠤ ᠦᠢ᠍ᠯᠡᠰ᠎ᠢ ᠦᠷᠭᠦᠯᠵᠢᠯᠡᠨ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠡᠷᠦᠩᠬᠡᠢ ᠥᠷᠲᠡᠭ᠎ᠢ 1050 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠣᠭᠣᠮᠲᠠ ᠵᠢ ᠳᠠᠪᠠᠪᠠ᠃ ᠵᠢᠨᠴᠢᠶᠣᠣ ᠵᠢᠨ 《ᠦᠢ᠍ᠯᠡᠰ ᠪᠣᠰᠬᠠᠵᠤ ᠰᠢᠨ᠎ᠡ ᠵᠢ ᠡᠭᠦᠳᠬᠦ》 ᠵᠢᠱ᠌ᠢᠶ᠎ᠡ ᠦᠵᠡᠭᠦᠯᠬᠦ ᠣᠷᠣᠨ᠎ᠨᠢ ᠨᠢᠭᠡᠨᠲᠡ 《ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 《ᠪᠥᠬᠥ ᠤᠯᠤᠰ᠎ᠤᠨ ᠦᠢ᠍ᠯᠡᠰ ᠴᠣᠭᠴᠠᠯᠠᠵᠤ ᠨᠡᠪᠴᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 《ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠬᠦ ᠪᠠᠭ᠋ᠠᠵᠢ》 《ᠤᠯᠤᠰ᠎ᠤᠨ ᠲᠠᠰ᠎ᠤᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠢ》᠎ᠪᠠᠷ ᠦᠨᠡᠯᠡᠭᠳᠡᠵᠦ᠂ ᠣᠷᠣᠨ᠎ᠤ ᠲᠥᠪ᠎ᠤᠨ ᠤᠯᠠᠨ ᠨᠠᠢ᠌ᠳᠠ᠎ᠪᠠᠷ ᠵᠶ᠋ᠡᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠨᠢᠭᠡᠳᠦᠭᠡᠷ ᠲᠠᠪᠴᠠᠩ ᠪᠣᠯᠵᠤ᠂ ᠣᠲᠣ ᠶᠠᠭ ᠪᠥᠬᠥ ᠤᠯᠤᠰ᠎ᠤᠨ ᠲᠡᠷᠢᠭᠦᠨ᠎ᠤ 《ᠦᠢ᠍ᠯᠡᠰ ᠪᠣᠰᠬᠠᠵᠤ ᠰᠢᠨ᠎ᠡ ᠵᠢ ᠡᠭᠦᠳᠬᠦ》 ᠵᠢᠱ᠌ᠢᠶ᠎ᠡ ᠦᠵᠡᠭᠦᠯᠬᠦ ᠣᠷᠣᠨ᠎ᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠵᠤ ᠪᠠᠢ᠌ᠨ᠎ᠠ᠃ ᠬᠤᠳᠠ ᠵᠢᠨ ᠣᠲᠣ ᠦᠶ᠎ᠡ ᠵᠢᠨ ᠬᠥᠳᠡᠭᠡ ᠠᠵᠤ ᠠᠬᠤᠢ ᠵᠢᠨ ᠬᠥᠭᠵᠢᠯᠲᠡ ᠵᠢᠨ ᠲᠦᠪᠰᠢᠨ ᠳᠠᠰᠤᠷᠠᠯᠳᠠ ᠦᠭᠡᠢ ᠳᠡᠭᠡᠭᠰᠢᠯᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠪᠠᠷ ᠰᠢᠨ᠎ᠡ ᠴᠠᠭ ᠦᠶ᠎ᠡ ᠵᠢᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠬᠥᠳᠡᠭᠡ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠬᠥᠳᠡᠭᠡ ᠲᠣᠰᠬᠤᠨ᠎ᠤ ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ ᠵᠢ ᠠᠬᠢᠭᠤᠯᠬᠤ ᠵᠢᠨ ᠬᠠᠮᠲᠤ ᠨᠣᠭᠣᠭ᠎ᠠ ᠵᠢᠮᠢᠰ ᠲᠠᠷᠢᠬᠤ᠂ ᠰᠡᠯᠡᠭᠦᠴᠡᠨ ᠵᠤᠭ᠋ᠠᠴᠠᠬᠤ ᠵᠢ ᠠᠭᠤᠰᠤᠯᠴᠠᠭᠤᠯᠤᠨ ᠬᠥᠭᠵᠢᠭᠦᠯᠪᠡ᠃ ᠣᠳᠣᠬᠠᠨ᠎ᠳᠤ᠂ ᠡᠯ᠎ᠡ ᠲᠥᠷᠥᠯ᠎ᠤᠨ ᠳᠤᠯᠠᠭ᠋ᠠᠨ ᠬᠦᠯᠡᠮᠵᠢ 1.4 ᠲᠦᠮᠡ ᠭᠠᠷᠤᠢ ᠪᠠᠢ᠌ᠵᠤ᠂ ᠬᠡᠪᠴᠢᠶᠡᠵᠢᠭᠰᠡᠨ ᠣᠨᠴᠠᠯᠢᠭᠲᠤ ᠵᠢᠮᠢᠰ ᠨᠣᠭᠣᠭ᠎ᠠ ᠲᠠᠷᠢᠬᠤ ᠰᠠᠭᠤᠷᠢᠨ ᠭᠠᠵᠠᠷ᠎ᠢ 45 ᠪᠠᠢ᠌ᠭᠤᠯᠵᠤ᠂ 35 ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠪᠠ᠃
ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠪᠠ᠃ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠬᠠᠩᠭ᠋ᠠᠬᠤ᠎ᠪᠠᠷ ᠬᠠᠷᠠᠯᠲᠠ ᠪᠣᠯᠭ᠋ᠠᠵᠤ᠂ ᠠᠮᠢ ᠠᠬᠤᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠥᠮᠥᠰ᠎ᠤᠨ ᠣᠷᠣᠰᠢᠨ ᠰᠠᠭᠤᠬᠤ ᠴᠢᠨᠠᠷ ᠰᠠᠢ᠌ᠲᠠᠢ ᠣᠷᠴᠢᠨ ᠲᠣᠭᠣᠷᠢᠨ᠎ᠢ ᠪᠤᠢ ᠪᠣᠯᠭ᠋ᠠᠪᠠ᠃ ᠬᠥᠮᠥᠨ ᠪᠦᠷᠢ᠎ᠳᠤ ᠳᠤᠮᠳᠠᠴᠢ᠎ᠪᠠᠷ ᠨᠣᠭᠳᠠᠬᠤ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠶ 19.1 ᠲᠡᠭᠰᠢ ᠳᠥᠷᠪᠡᠯᠵᠢᠨ ᠮᠧᠲᠷ᠎ᠲᠤ ᠬᠦᠷᠴᠦ᠂ ᠴᠣᠩᠬᠣ᠎ᠪᠠᠨ ᠨᠡᠬᠡᠭᠰᠡᠭᠡᠷ ᠨᠣᠭᠣᠭ᠋ᠠᠨ᠂ ᠭᠠᠳᠠᠭᠰᠢ ᠭᠠᠷᠤᠭᠰᠭ᠋ᠠᠷ ᠦᠵᠡᠮᠵᠢ ᠰᠣᠨᠢᠷᠬᠠᠬᠤ ᠰᠠᠶ᠋ᠢᠨ ᠰᠠᠢ᠌ᠬᠠᠨ ᠣᠷᠴᠢᠨ ᠲᠣᠭᠣᠷᠢᠨ᠎ᠢ ᠪᠤᠢ ᠪᠣᠯᠭ᠋ᠠᠪᠠ᠃ ᠶᠡᠬᠡ ᠪᠠᠭ᠎ᠠ ᠲᠦᠷᠭᠡᠨ ᠭᠣᠣᠯ᠎ᠤᠨ ᠬᠤᠳᠠ ᠵᠢ ᠲᠣᠭᠣᠷᠢᠭᠰᠠᠨ ᠤᠰᠤᠨ ᠪᠦᠰᠡ᠂ ᠶᠡᠬᠡ ᠲᠦᠷᠭᠡᠨ ᠭᠣᠣᠯ᠎ᠤᠨ ᠴᠡᠷᠢᠭ᠎ᠤᠨ ᠶᠠᠪᠤᠳᠠᠯ᠎ᠤᠨ ᠭᠣᠣᠯ ᠰᠡᠳᠦᠪᠲᠦ ᠴᠡᠴᠡᠷᠯᠢᠭ᠂ ᠶᠡᠬᠡ ᠲᠦᠷᠭᠡᠨ ᠭᠣᠣᠯ᠎ᠤᠨ ᠲᠡᠭᠦᠷᠭᠡ ᠵᠢᠨ 22 ᠺᠢᠯᠣᠮᠧᠲᠷ᠂ ᠴᠡᠴᠡᠭ᠎ᠤᠨ ᠲᠡᠯᠡᠢ ᠵᠢ 2000 ᠮᠦ᠍ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠪᠠ᠃ ᠪᠠᠶ᠋ᠢᠭ᠋ᠠᠯᠢ ᠵᠢᠨ ᠭᠣᠣᠯ᠎ᠤᠨ ᠵᠠᠮ᠎ᠤᠨ ᠠᠮᠢ ᠠᠬᠤᠢ ᠵᠢ ᠰᠡᠷᠭᠦᠭᠡᠬᠦ᠂ ᠬᠣᠶᠠᠷ ᠬᠥᠪᠡᠭᠡᠨ᠎ᠤ ᠣᠷᠣᠨ ᠵᠠᠢ ᠵᠢᠨ ᠳᠦᠷᠰᠦ ᠪᠠᠶ᠋ᠢᠳᠠᠯ᠎ᠢ ᠲᠠᠬᠢᠨ ᠱᠤᠭᠤᠬᠤ ᠵᠢᠴᠢ ᠭᠣᠣᠯ ᠳᠠᠭ᠋ᠠᠤ ᠵᠢᠨ ᠵᠤᠭ᠋ᠠᠴᠠᠯ ᠰᠡᠯᠡᠭᠦᠴᠡᠯ᠎ᠤᠨ ᠴᠢᠳᠠᠪᠬᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠪᠠᠷ ᠳᠠᠮᠵᠢᠭᠤᠯᠵᠤ᠂ ᠪᠠᠶ᠋ᠢᠭ᠋ᠠᠯᠢ ᠵᠢᠨ ᠠᠮᠢ ᠠᠬᠤᠢ᠂ ᠵᠤᠭ᠋ᠠᠴᠠᠯ ᠰᠡᠯᠡᠭᠦᠴᠡᠯ᠂ ᠰᠣᠶᠣᠯ ᠵᠤᠭ᠋ᠠᠴᠠᠯ ᠵᠡᠷᠭᠡ ᠡᠯᠧᠮᠧᠨ᠋ᠲ᠎ᠢ ᠠᠭᠤᠰᠤᠯᠴᠠᠭᠤᠯᠤᠭᠰᠠᠨ ᠶᠡᠷᠦᠩᠬᠡᠢ᠌ᠯᠡᠭᠰᠡᠨ ᠠᠮᠢ ᠠᠬᠤᠢ ᠵᠢᠨ ᠰᠢᠰᠲ᠋ᠧᠮ᠎ᠢ ᠪᠠᠢ᠌ᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠣᠩᠭᠢᠯ ᠵᠠᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃