ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠣᠬᠢᠷᠲᠤᠯ ᠦᠭᠡᠢ ᠬᠥᠭᠵᠢᠯᠲᠡ ᠵᠢᠨ ᠬᠡᠷᠡᠭ᠎ᠤᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠲᠦᠮᠡᠳ ᠵᠡᠭᠦᠨ ᠬᠣᠰᠢᠭᠤ
ᠨᠡᠶ᠋ᠢᠲᠡᠯᠡᠭᠰᠡᠨ ᠴᠠᠭ᠄ 2024-01-08

      ᠣᠢ᠌ᠷ᠎ᠠ ᠵᠢᠨ ᠵᠢᠯ᠎ᠠᠴᠠ᠂ ᠲᠦᠮᠡᠳ ᠵᠡᠭᠦᠨ ᠬᠣᠰᠢᠭᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ 《ᠠᠮᠢ ᠠᠬᠤᠢ ᠵᠢᠨ ᠪᠣᠯᠪᠠᠰᠤᠨ ᠵᠶ᠋ᠠᠷ ᠬᠣᠰᠢᠭᠤ᠎ᠪᠠᠨ ᠵᠠᠰᠠᠬᠤ》 ᠵᠢ ᠢᠮᠠᠭᠲᠠ ᠴᠢᠬᠤᠯᠠ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠪᠣᠯᠭ᠋ᠠᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠢ᠌ᠭᠤᠯᠬᠤ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ ᠲᠣᠭᠲᠠᠴᠠ ᠵᠢ ᠪᠠᠢ᠌ᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠢᠯᠡᠳᠲᠡ ᠦᠷ᠎ᠡ ᠪᠦᠲᠦᠮᠵᠢ ᠣᠯᠪᠠ᠃

      ᠪᠣᠬᠢᠷᠲᠤᠯ ᠦᠭᠡᠢ ᠠᠮᠢ ᠠᠬᠤᠢ ᠵᠢᠨ ᠬᠠᠯᠬᠠᠪᠴᠢ ᠵᠢ ᠪᠠᠲᠤ ᠪᠡᠬᠢ ᠪᠠᠢ᠌ᠭᠤᠯᠪᠠ᠃ ᠲᠦᠮᠡᠳ ᠵᠡᠭᠦᠨ ᠬᠣᠰᠢᠭᠤᠨ᠎ᠤ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ᠎ᠤᠨ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠢ ᠲᠥᠯᠥᠪᠯᠡᠵᠦ᠂ ᠣᠢ ᠰᠢᠭᠤᠢ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ 41.6%᠎ᠳᠤ ᠬᠥᠷᠪᠡ; ᠬᠠᠷᠠᠤ᠋ᠰᠤ ᠨᠠᠭᠤᠷ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠭᠠᠵᠠᠷ᠎ᠤᠨ ᠴᠢᠳᠠᠮᠵᠢ ᠲᠣᠪᠣᠢ᠌ᠮ᠎ᠠ ᠪᠠᠢ᠌ᠵᠤ᠂ ᠬᠡᠭᠡᠷ᠎ᠡ ᠵᠢᠨ ᠠᠮᠢᠳᠠᠨ ᠤᠷᠭᠤᠮᠠᠯ᠎ᠤᠨ ᠣᠷᠣᠰᠢᠨ ᠠᠮᠢᠳᠤᠷᠠᠬᠤ ᠪᠠ ᠰᠢᠪᠠᠭᠤᠨ᠎ᠤ ᠳᠦᠷᠦᠯ᠎ᠤᠨ ᠨᠡᠭᠦᠳᠡᠯᠯᠡᠬᠦ 《ᠳ᠋ᠧᠪᠡᠵᠡᠨ》 ᠪᠣᠯᠤᠭᠰᠠᠨ ᠪᠠᠢ᠌ᠨ᠎ᠠ᠃ ᠪᠥᠬᠥ ᠬᠣᠰᠢᠭᠤᠨ᠎ᠤ ᠠᠮᠢ ᠠᠬᠤᠢ ᠵᠢᠨ ᠶᠠᠰᠤ ᠴᠢᠨᠠᠷ᠎ᠤᠨ ᠵᠢᠭ᠋ᠠᠯᠲᠠ ᠲᠣᠭ᠎ᠠ 56.67 ᠬᠦᠷᠴᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠵᠢᠯ ᠳᠠᠷᠠᠭ᠋ᠠᠯᠠᠨ ᠳᠡᠭᠡᠭᠰᠢᠯᠡᠪᠡ᠃ 《ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ᠎ᠲᠠᠢ》 280 ᠭᠠᠷᠤᠢ ᠠᠵᠤ ᠠᠬᠤᠢ᠌ᠯᠠᠯ᠎ᠢ ᠢᠯᠭ᠋ᠠᠷᠠᠭᠤᠯᠤᠨ ᠴᠡᠭᠴᠡᠯᠡᠵᠦ᠂ ᠬᠤᠳᠠ ᠳᠤᠭᠤᠷᠢᠭ᠍᠎ᠤᠨ 10 ᠲᠣᠨ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ 112 ᠰᠠᠭᠤᠷᠢ ᠵᠤᠤᠬ᠎ᠠ ᠵᠢ ᠨᠤᠷᠠᠭ᠋ᠠᠨ ᠥᠭᠡᠷᠡᠴᠢᠯᠡᠵᠦ᠂ ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠥᠭᠡᠷᠡᠴᠢᠯᠡᠯᠲᠡ ᠵᠢ ᠬᠡᠷᠡᠭᠵᠢᠭᠦᠯᠦᠨ᠂ ᠲᠣᠭᠣᠰᠣ ᠳᠡᠭᠳᠡᠬᠦ ᠵᠢ ᠰᠡᠷᠭᠡᠢ᠌ᠯᠡᠨ ᠵᠠᠰᠠᠬᠤ᠂ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠠᠭ᠋ᠠᠷ᠎ᠤᠨ ᠴᠢᠨᠠᠷ ᠴᠢᠨᠰᠠᠭ᠎ᠠ ᠵᠢᠨ ᠰᠢᠯᠢᠳᠡᠭ ᠰᠠᠢ᠍ᠢ᠍ᠨ ᠡᠳᠦᠷ᠎ᠤᠨ ᠲᠣᠭ᠎ᠠ ᠵᠢ ᠵᠢᠯ ᠳᠠᠷᠠᠭ᠋ᠠᠯᠠᠨ ᠳᠡᠭᠡᠭᠰᠢᠯᠡᠭᠦᠯᠪᠡ᠃ 《ᠭᠣᠣᠯ᠎ᠤᠨ ᠳᠠᠷᠤᠭ᠎ᠠ ᠵᠢᠨ ᠳᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠪᠠᠢ᠌ᠴᠠᠭ᠋ᠠᠨ ᠴᠡᠭᠴᠡᠯᠡᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠭᠤᠷ᠎ᠤᠨ ᠤᠷᠤᠰᠬᠠᠯ᠎ᠤᠨ ᠤᠰᠤᠨ ᠴᠥᠭᠥᠷᠥᠮ ᠪᠠ ᠪᠠᠭ᠎ᠠ ᠲᠦᠷᠭᠡᠨ ᠭᠣᠣᠯ᠎ᠤᠨ ᠠᠮᠢ ᠠᠬᠤᠢ ᠵᠢ ᠴᠡᠪᠡᠷᠰᠢᠭᠦᠯᠬᠦ ᠢᠨᠵᠧᠨᠧᠷᠢᠩ᠎ᠢ ᠤᠷᠤᠭᠰᠢᠲᠠᠢ ᠬᠡᠷᠡᠭᠵᠢᠭᠦᠯᠵᠦ᠂ ᠶᠡᠬᠡ ᠲᠦᠷᠭᠡᠨ ᠭᠣᠣᠯ᠂ ᠪᠠᠭ᠎ᠠ ᠲᠦᠷᠭᠡᠨ ᠭᠣᠣᠯ᠎ᠤᠨ ᠪᠦᠬᠦᠯᠢ ᠴᠣᠭᠴᠠ ᠵᠢᠨ ᠤᠰᠤᠨ᠎ᠤ ᠴᠢᠨᠠᠷ᠎ᠢ ᠪᠦᠲᠦᠮᠵᠢᠲᠡᠢ ᠰᠠᠢ᠌ᠵᠢᠷᠠᠭᠤᠯᠵᠤ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠵᠢ 100%᠎ᠳᠤ ᠬᠦᠷᠦᠭᠦᠯᠪᠡ᠃ ᠲᠠᠷᠢᠶᠠᠯᠠᠩ᠎ᠤᠨ 《ᠳᠥᠷᠪᠡ ᠵᠢ ᠬᠢᠵᠠᠭ᠋ᠠᠷᠯᠠᠬᠤ》 ᠠᠵᠢᠯᠯᠠᠭ᠎ᠠ ᠵᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ ᠪᠠ ᠪᠤᠵᠠᠷ ᠰᠢᠪᠠᠷ᠎ᠢ ᠠᠶᠤᠯᠭᠦᠢ ᠰᠢᠢ᠍ᠳᠪᠦᠷᠢᠯᠡᠵᠦ ᠠᠰᠢᠭᠯᠠᠬᠤ ᠵᠡᠷᠭᠡ ᠠᠵᠢᠯ᠎ᠢ ᠵᠢᠷᠤᠮᠵᠢᠭᠤᠯᠤᠨ᠂ ᠬᠥᠷᠥᠰᠥ ᠰᠢᠷᠣᠢ ᠵᠢᠨ ᠣᠷᠴᠢᠨ ᠠᠬᠤᠢ ᠵᠢᠨ ᠶᠠᠰᠤ ᠴᠢᠨᠠᠷ᠎ᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠪᠠ᠃

      ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠳᠤ ᠲᠦᠮᠡᠳ ᠵᠡᠭᠦᠨ ᠬᠣᠰᠢᠭᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠥᠪᠡᠷᠮᠢᠴᠡ ᠨᠥᠬᠥᠴᠡᠯ᠎ᠳᠤ ᠲᠦᠰᠢᠭᠯᠡᠨ᠂ 《ᠳᠤᠮᠳᠠᠳᠤ ᠤᠯᠤᠰ᠎ᠤᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠨᠢᠭᠡᠳᠦᠭᠡᠷ ᠲᠣᠮᠣ ᠬᠣᠰᠢᠭᠤ ᠰᠢᠶᠠᠨ》 ᠪᠣᠯᠣᠨ ᠳᠤᠮᠳᠠᠳᠤ ᠤᠯᠤᠰ᠎ᠤᠨ ᠬᠠᠮᠤᠭ᠎ᠤᠨ ᠲᠣᠮᠣ ᠰᠦ ᠵᠢᠨ ᠦᠢ᠍ᠯᠡᠰ᠎ᠤᠨ ᠨᠡᠷᠡᠲᠦ ᠲᠡᠮᠳᠡᠭᠲᠦ 《ᠢᠯᠢ》 ᠮᠠᠯᠵᠢᠯ᠎ᠤᠨ ᠲᠠᠯᠠᠪᠠᠶ ᠭᠡᠬᠦ ᠡᠨᠡ ᠬᠦ᠌ ᠭᠣᠣᠯᠯᠠᠬᠤ ᠠᠵᠤ ᠦᠢ᠍ᠯᠡᠰ᠎ᠤᠨ ᠪᠠᠢ᠌ᠯᠳᠤᠬᠤ ᠪᠣᠳᠣᠯᠭ᠎ᠠ ᠵᠢᠨ ᠳᠠᠪᠠᠭᠤᠯᠢᠭ᠎ᠢ ᠪᠠᠳᠠᠷᠠᠭᠤᠯᠵᠤ᠂ 《ᠠᠮᠢ ᠠᠬᠤᠢ ᠵᠢ ᠤᠷᠢᠳᠠᠪᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ》 ᠣᠢ᠌ᠯᠠᠭ᠋ᠠᠭᠳᠠᠬᠤᠨ᠎ᠢ ᠢᠮᠠᠭᠲᠠ ᠲᠤᠭᠤᠰᠢᠯᠠᠭᠤᠯᠤᠨ᠂ 《ᠠᠮᠢ ᠠᠬᠤᠢ + ᠲᠠᠷᠢᠶᠠᠯᠠᠩ ᠮᠠᠯ ᠠᠵᠤ ᠠᠬᠤᠢ + ᠠᠵᠤ ᠦᠢ᠍ᠯᠡᠳᠪᠦᠷᠢ + ᠵᠢᠭᠤᠯᠴᠢᠯᠠᠯ》᠎ᠤᠨ ᠠᠮᠢ ᠠᠬᠤᠢ ᠵᠢᠨ ᠠᠵᠤ ᠦᠢ᠍ᠯᠡᠰ᠎ᠤᠨ ᠰᠢᠰᠲ᠋ᠧᠮ᠎ᠢ ᠪᠤᠢ ᠪᠣᠯᠭ᠋ᠠᠵᠤ᠂ ᠰᠢᠨ᠎ᠡ ᠠᠵᠤ ᠠᠬᠤᠢ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠤᠢ ᠪᠣᠯᠭ᠋ᠠᠵᠤ᠂ ᠠᠵᠤ ᠦᠢ᠍ᠯᠡᠰ᠎ᠤᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠪᠡ᠃ 《ᠲᠠᠪᠤᠨ ᠥᠩᠭᠡᠲᠦ ᠲᠦᠮᠡᠳ》᠎ᠤᠨ ᠣᠷᠣᠨ ᠪᠦᠰᠡ ᠵᠢᠨ ᠨᠠᠢ᠌ᠳᠠ ᠵᠢᠨ ᠬᠡᠷᠡᠭᠯᠡᠭᠡᠨ᠎ᠤ ᠨᠡᠷᠡᠲᠦ ᠲᠥᠷᠥᠯ ᠲᠡᠮᠳᠡᠭᠲᠦ ᠵᠢ ᠪᠤᠢ ᠪᠣᠯᠭ᠋ᠠᠵᠤ᠂ ᠣᠨᠴᠠᠯᠢᠭᠲᠤ ᠲᠠᠷᠢᠶᠠᠯᠠᠩ᠎ᠢ ᠨᠠᠷᠢᠯᠢᠭ ᠡᠷᠬᠢᠯᠡᠪᠡ; ᠢᠯᠢ ᠵᠢᠨ ᠣᠲᠣ ᠦᠶ᠎ᠡ ᠵᠢᠨ ᠣᠶᠤᠨᠲᠤ ᠡᠷᠡᠭᠦᠯ ᠮᠠᠨᠳᠤ ᠵᠢᠨ ᠬᠥᠨᠳᠡᠢ᠎ᠳᠤ ᠲᠦᠰᠢᠭᠯᠡᠵᠦ ᠪᠣᠬᠢᠷᠲᠤᠯ ᠦᠭᠡᠢ᠂ ᠣᠶᠤᠨᠲᠤ᠂ ᠳᠡᠯᠡᠬᠡᠢ᠌ᠵᠢᠭᠰᠡᠨ ᠦᠢ᠍ᠯᠡᠳᠪᠦᠷᠢᠯᠡᠯ ᠬᠤᠳᠠ ᠵᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠵᠤ᠂ ᠰᠦ ᠵᠢᠨ ᠦᠢ᠍ᠯᠡᠰ᠂ ᠴᠠᠬᠢᠯᠭ᠋ᠠᠨ ᠬᠦᠴᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠎ᠪᠠᠷ ᠭᠣᠣᠯᠯᠠᠭᠴᠢ ᠠᠵᠤ ᠦᠢ᠍ᠯᠡᠰ ᠪᠣᠯᠭ᠋ᠠᠭᠰᠠᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠪᠠᠢ᠌ᠷᠢᠰᠢᠯ᠎ᠢ ᠪᠦᠷᠢᠯᠳᠦᠭᠦᠯᠪᠡ; 《ᠮᠤᠨᠢ ᠠᠭᠤᠯᠠ᠂ ᠲᠠᠯ᠎ᠠ ᠨᠤᠲᠤᠭ᠂ ᠴᠢᠭᠢᠭᠯᠢᠭ ᠭᠠᠵᠠᠷ᠂ ᠨᠠᠭᠤᠷ ᠴᠥᠭᠥᠷᠥᠮ᠂ ᠬᠠᠯᠠᠭᠤᠨ ᠷᠠᠰᠢᠶᠠᠨ᠂ ᠠᠭᠤᠷ ᠠᠮᠢᠰᠬᠤᠯ》 ᠵᠡᠷᠭᠡ ᠤᠯᠠᠨ ᠵᠦᠢ᠍ᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠴᠡᠯᠡᠭᠡᠷ ᠲᠠᠯ᠎ᠠ ᠵᠢᠨ ᠠᠮᠢ ᠠᠬᠤᠢ ᠵᠢᠨ ᠨᠣᠭᠣᠭ᠋ᠠᠨ ᠬᠣᠩᠭᠢᠯ᠂ ᠨᠣᠮᠢᠨ ᠳᠣᠯᠭᠢᠶᠠᠨ ᠨᠠᠮᠢᠷᠠᠭᠰᠠᠨ ᠬᠠᠷᠠᠤ᠋ᠰᠤ ᠨᠠᠭᠤᠷ ᠵᠶ᠋ᠠᠷ ᠬᠦᠷᠢᠶᠡᠯᠡᠭᠰᠡᠨ ᠨᠠᠭᠤᠷ᠎ᠤᠨ ᠥᠩᠭᠡ ᠦᠵᠡᠮᠵᠢ᠂ ᠰᠣᠯᠪᠢᠴᠠᠯᠳᠤᠭᠰᠠᠨ ᠲᠦᠮᠡᠳ᠎ᠤᠨ ᠲᠠᠯ᠎ᠠ ᠭᠠᠵᠠᠷ᠎ᠤᠨ ᠥᠩᠭᠡ ᠦᠵᠡᠮᠵᠢ ᠵᠡᠷᠭᠡ ᠥᠪᠡᠷᠮᠢᠴᠡ ᠣᠨᠴᠠᠯᠢᠭ᠎ᠲᠠᠢ ᠠᠮᠢ ᠠᠬᠤᠢ ᠵᠢᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠤᠢ ᠪᠣᠯᠭ᠋ᠠᠪᠠ᠃

      ᠬᠣᠲᠠ ᠬᠥᠳᠡᠭᠡ ᠵᠢᠨ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ 《ᠰᠠᠢ᠍ᠢ᠍ᠨ ᠰᠠᠢ᠌ᠬᠠᠨ ᠠᠮᠢᠳᠤᠷᠠᠯ》᠎ᠤᠨ ᠤᠳᠤᠷᠢᠳᠤᠮᠵᠢ ᠵᠢ ᠪᠠᠷᠢᠮᠲᠠᠯᠠᠨ᠂ ᠬᠤᠳᠠ ᠪᠠᠯᠭ᠋ᠠᠰᠤᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠰᠣᠶᠣᠯ᠎ᠤᠨ ᠲᠥᠪ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠲᠠᠯᠠᠪᠠᠢ᠂ ᠪᠡᠶ᠎ᠡ ᠵᠢᠨ ᠲᠠᠮᠢᠷ᠎ᠤᠨ ᠣᠷᠳᠣᠨ ᠵᠡᠷᠭᠡ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭᠵᠢᠭᠦᠯᠵᠦ᠂ 《ᠵᠢᠷᠭᠤᠭ᠋ᠠᠨ ᠬᠥᠨᠳᠡᠯᠡᠨ ᠠᠷᠪᠠᠨ ᠬᠣᠶᠠᠷ ᠭᠤᠯᠳᠤ》 ᠵᠠᠮ᠎ᠤᠨ ᠲᠣᠣᠷ᠎ᠤᠨ ᠪᠦᠲᠦᠴᠡ ᠵᠢ ᠦᠨᠳᠦᠰᠦᠨ᠎ᠳᠡᠭᠡᠨ ᠪᠦᠷᠢᠯᠳᠦᠭᠦᠯᠪᠡ᠃ ᠤᠯᠠᠨ ᠴᠡᠴᠡᠷᠯᠢᠭ᠂ ᠲᠣᠮᠣ ᠬᠡᠯᠪᠡᠷᠢ ᠵᠢᠨ ᠵᠦᠯᠭᠡ ᠭᠠᠵᠠᠷ᠂ ᠵᠡᠭᠡᠯᠢ ᠭᠤᠳᠤᠮᠵᠢ ᠵᠢᠨ ᠵᠦᠯᠭᠡ ᠭᠠᠵᠠᠷ᠎ᠢ ᠪᠠᠢ᠌ᠭᠤᠯᠵᠤ᠂ ᠬᠤᠳᠠ ᠲᠣᠭᠣᠷᠢᠭ᠎ᠤᠨ ᠵᠦᠯᠭᠡ ᠭᠠᠵᠠᠷ᠎ᠢ ᠪᠠᠢ᠌ᠭᠤᠯᠵᠤ᠂ ᠨᠣᠭᠣᠭ᠋ᠠᠷᠠᠭᠤᠯᠤᠯᠲᠠ ᠵᠢᠨ ᠲᠠᠯᠠᠪᠠᠶ ᠵᠢ ᠲᠠᠰᠤᠷᠠᠯᠲᠠ ᠦᠭᠡᠢ ᠥᠷᠭᠡᠳᠬᠡᠨ᠂ ᠰᠠᠭᠤᠭ᠋ᠠᠯᠢ ᠠᠷᠠᠳ᠎ᠤᠨ 《ᠡᠭᠦᠳᠡ᠎ᠪᠠᠨ ᠨᠡᠬᠡᠭᠰᠡᠭᠡᠷ ᠨᠣᠭᠣᠭ᠋ᠠᠨ᠂ ᠭᠡᠷ᠎ᠠᠴᠠ ᠭᠠᠷᠤᠭᠰᠠᠭ᠋ᠠᠷ ᠴᠡᠴᠡᠷᠯᠢᠭ》 ᠪᠠᠢ᠌ᠬᠤ ᠵᠢ ᠪᠡᠶᠡᠯᠡᠭᠦᠯᠪᠡ᠃ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠯᠠᠨ ᠨᠠᠢ᠌ᠳᠠ ᠵᠢ ᠳᠠᠶ᠋ᠢᠴᠢᠯᠠᠨ ᠣᠷᠣᠯᠴᠠᠭᠤᠯᠵᠤ᠂ ᠤᠯᠠᠨ ᠵᠦᠢ᠍ᠯ᠎ᠤᠨ ᠬᠡᠯᠪᠡᠷᠢ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠬᠠᠭᠤᠯᠭ᠎ᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠪᠡ᠃ ᠲᠦᠮᠡᠳ ᠵᠡᠭᠦᠨ ᠬᠣᠰᠢᠭᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠵᠠᠭᠤᠨ ᠬᠦᠴᠦᠷᠬᠡᠭ ᠰᠢᠶᠠᠨ᠎ᠤ ᠬᠣᠲᠠ᠂ ᠤᠯᠤᠰ᠎ᠤᠨ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ᠂ ᠤᠯᠤᠰ᠎ᠤᠨ ᠲᠠᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠤᠨ᠎ᠳᠤ ᠣᠷᠣᠭᠤᠯᠬᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠣᠰᠢᠭᠤ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠬᠣᠲᠠ ᠵᠡᠷᠭᠡ ᠢᠷᠠᠭᠤ ᠠᠯᠳᠠᠷ᠎ᠢ ᠭᠥᠷᠳᠡᠵᠦ᠂ ᠠᠵᠤ ᠠᠬᠤᠢ ᠵᠢᠨ ᠬᠥᠭᠵᠢᠯ ᠪᠠᠳᠠᠷᠠᠯ᠂ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ᠂ ᠣᠷᠴᠢᠨ ᠠᠬᠤᠢ ᠵᠢᠨ ᠬᠠᠮᠠᠭ᠋ᠠᠯᠠᠯᠲᠠ ᠭᠤᠷᠪᠠ ᠵᠢᠨ ᠬᠠᠮᠲᠤ ᠵᠢᠨ ᠬᠥᠭᠵᠢᠯᠲᠡ ᠵᠢ ᠪᠡᠶᠡᠯᠡᠭᠦᠯᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠠᠢ᠌ᠬᠠᠨ ᠲᠣᠭᠣᠷᠢᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号