ᠪᠥᠬᠥ ᠣᠷᠣᠨ᠎ᠤ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠨᠠᠩ ᠰᠠᠶ᠋ᠢᠲᠤᠷ ᠪᠡᠶᠡᠯᠡᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠲᠥᠷᠥᠯ ᠵᠦᠢ᠍ᠯ᠎ᠤᠨ ᠳᠤᠭᠤᠢ᠌ᠯᠠᠩ ᠬᠥᠬᠡᠬᠣᠲᠠ᠂ ᠬᠥᠯᠥᠨ ᠪᠣᠢ᠌ᠷ ᠬᠣᠲᠠ ᠵᠡᠷᠭᠡ ᠭᠠᠵᠠᠷ ᠣᠷᠣᠨ᠎ᠤ ᠨᠡᠢ᠌ᠲᠡᠯᠢᠭ ᠮᠠᠯᠵᠢᠯ᠎ᠤᠨ ᠲᠠᠯᠠᠪᠠᠶ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠬᠥᠬᠡᠬᠣᠲᠠ ᠵᠢᠨ ᠺᠤᠸᠠᠢ ᠨᠢᠦ ᠮᠠᠯᠵᠢᠯ᠎ᠤᠨ ᠲᠠᠯᠠᠪᠠᠶ᠂ ᠶᠢᠦ ᠷᠠᠨ ᠮᠠᠯᠵᠢᠯ᠎ᠤᠨ ᠲᠠᠯᠠᠪᠠᠶ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠡᠮᠵᠢᠨ᠂ ᠠᠯᠠᠰᠢᠨ ᠦᠬᠡᠷ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢᠨ ᠠᠳᠠᠯᠢ ᠪᠤᠰᠤ ᠨᠠᠰᠤᠨ᠎ᠤ ᠪᠦᠲᠦᠴᠡ᠎ᠲᠠᠢ ᠮᠠᠯ᠎ᠤᠨ ᠡᠭᠦᠯᠳᠡᠷ᠎ᠤᠨ ᠬᠠᠷᠢᠴᠠᠯ᠂ ᠲᠡᠵᠢᠭᠡᠪᠦᠷᠢ ᠵᠢᠨ ᠪᠠᠶ᠋ᠢᠳᠠᠯ᠂ ᠢᠯᠭ᠋ᠠᠳᠠᠰᠤᠨ ᠪᠣᠬᠢᠷᠲᠤᠯ᠎ᠢ ᠰᠢᠢ᠍ᠳᠪᠦᠷᠢᠯᠡᠬᠦ ᠠᠷᠭ᠎ᠠ ᠮᠠᠶᠢᠭ᠎ᠢ ᠤᠯᠠᠮ ᠨᠢᠭᠡ ᠠᠯᠬᠤᠮ ᠣᠢ᠌ᠯᠠᠭ᠋ᠠᠵᠤ᠂ ᠥᠪᠥᠷ ᠮᠣᠩᠭᠣᠯ᠎ᠤᠨ ᠳᠤᠮᠳᠠ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠳᠠᠬᠢ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠪᠣᠯᠵᠣᠯᠲᠤ ᠲᠣᠭ᠎ᠠ ᠵᠢ ᠰᠣᠩᠭᠣᠬᠤ᠎ᠳᠤ ᠦᠨᠳᠦᠰᠦᠯᠡᠯ ᠬᠠᠩᠭ᠋ᠠᠪᠠ᠃ ᠬᠥᠯᠥᠨ ᠪᠣᠢ᠌ᠷ ᠬᠤᠳᠠ ᠵᠢᠨ ᠬᠠᠶ᠋ᠢᠯᠠᠷ ᠬᠤᠳᠠ ᠵᠢᠨ ᠨᠣᠮᠢᠨ ᠮᠠᠯᠵᠢᠯ᠎ᠤᠨ ᠲᠠᠯᠠᠪᠠᠢ᠎ᠳᠤ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠬᠣᠨᠢ ᠵᠡᠷᠭᠡ ᠠᠳᠠᠯᠢ ᠪᠤᠰᠤ ᠲᠡᠵᠢᠭᠡᠪᠦᠷᠢ ᠵᠢᠨ ᠱᠠᠲᠤᠨ᠎ᠤ ᠳᠦᠷᠰᠦ ᠵᠢᠨ ᠰᠦᠷᠦᠭ᠎ᠤᠨ ᠬᠠᠷᠢᠴᠠᠯ᠂ ᠡᠯ᠎ᠡ ᠵᠦᠢ᠍ᠯ᠎ᠤᠨ ᠢᠯᠭ᠋ᠠᠳᠠᠰᠤᠨᠤ ᠬᠠᠮᠢᠶᠠᠷᠤᠯᠲᠠ ᠵᠢᠨ ᠠᠷᠭ᠎ᠠ ᠵᠢᠨ ᠪᠦᠷᠢᠯᠳᠦᠯ᠎ᠤᠨ ᠬᠠᠷᠢᠴᠠᠯ᠂ ᠡᠳᠦᠷ ᠪᠦᠷᠢ ᠵᠢᠨ ᠰᠢᠩᠭᠡᠬᠡᠨ ᠠᠪᠬᠤ ᠬᠠᠭᠤᠷᠠᠢ ᠪᠣᠳᠠᠰ᠎ᠤᠨ ᠶᠠᠰᠤ ᠴᠢᠨᠠᠷ᠎ᠢ ᠪᠠᠢ᠌ᠴᠠᠭ᠋ᠠᠨ ᠰᠤᠳᠤᠯᠵᠤ᠂ ᠵᠡᠭᠦᠨ ᠬᠡᠰᠡᠭ᠎ᠤᠨ ᠪᠡᠯᠴᠢᠭᠡᠷᠯᠡᠭᠦᠯᠬᠦ ᠬᠡᠯᠪᠡᠷᠢ ᠵᠢᠨ ᠮᠠᠯᠵᠢᠯ᠎ᠤᠨ ᠲᠠᠯᠠᠪᠠᠢ ᠵᠢᠨ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠵᠤ ᠭᠠᠳᠠᠭᠰᠢᠯᠠᠭᠤᠯᠬᠤ ᠡᠯᠧᠮᠧᠨ᠋ᠲ᠎ᠢ ᠰᠣᠩᠭᠣᠨ ᠠᠪᠬᠤ᠎ᠳᠤ ᠬᠡᠷᠡᠭ᠎ᠤᠨ ᠵᠢᠱ᠌ᠢᠶ᠎ᠡ ᠵᠢᠨ ᠯᠠᠪᠯᠠᠯᠲᠠ ᠬᠠᠩᠭ᠋ᠠᠪᠠ᠃