ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠪᠠᠶᠠᠷ᠎ᠤᠨ ᠮᠡᠳᠡᠭᠡ — ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠤᠯᠤᠰ᠎ᠤᠨ ᠬᠥᠬᠢᠭᠦᠯᠦᠯ᠎ᠢ  ᠬᠦᠷᠲᠡᠵᠡᠢ
ᠨᠡᠶ᠋ᠢᠲᠡᠯᠡᠭᠰᠡᠨ ᠴᠠᠭ᠄ 2024-12-12

      2024 ᠣᠨ᠎ᠤ 11 ᠰᠠᠷ᠎ᠠ ᠵᠢᠨ 14᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 《〈2024 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠠᠵᠢᠯ᠎ᠤᠨ ᠳ᠋ᠦᠩᠨᠡᠯᠲᠡ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠶᠡᠷᠦᠩᠬᠡᠢ ᠥᠷᠲᠡᠭᠡ ᠶᠡᠷᠦᠩᠬᠡᠢ᠌ᠯᠡᠭᠰᠡᠨ ᠦᠰᠦᠭ [2024] 76 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠰᠢᠰᠲ᠋ᠧᠮ᠎ᠤᠨ 8 ᠮᠡᠳᠡᠭᠦᠯᠦᠯᠲᠡ᠎ᠨᠢ ᠪᠥᠬᠥ ᠤᠯᠤᠰ᠎ᠤᠨ 487 ᠰᠢᠯᠭ᠋ᠠᠷᠠᠭᠤᠯᠤᠯᠲᠠ ᠎ᠳᠤ ᠤᠷᠤᠯᠴᠠᠭᠰᠠᠨ ᠮᠡᠳᠡᠭᠦᠯᠦᠯᠲᠡ ᠵᠢᠨ ᠳᠤᠮᠳᠠ᠎ᠠᠴᠠ ᠰᠢᠯᠭ᠋ᠠᠷᠠᠵᠤ᠂ ᠪᠦᠬᠦᠯᠢ ᠴᠣᠭᠴᠠ ᠵᠢᠨ ᠬᠢᠷᠢ ᠪᠦᠲᠦᠮᠵᠢ᠎ᠨᠢ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠲᠣᠰ ᠱᠠᠲᠤ)᠎ᠨᠢ ᠮᠤᠵᠢ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠵᠦ᠂ ᠬᠥᠬᠡᠬᠣᠲᠠ ᠪᠣᠯᠣᠨ ᠦᠬᠠᠢ ᠵᠢᠨ ᠬᠤᠪᠢᠶᠠᠷᠢ ᠥᠷᠲᠡᠭᠡ᠎ᠨᠢ ᠬᠣᠲᠠ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠵᠦ᠂ ᠲᠦᠩᠯᠢᠶᠣᠣ᠂ ᠣᠷᠳᠣᠰ᠂ ᠤᠯᠠᠭ᠋ᠠᠨᠴᠠᠪ᠂ ᠬᠢᠩᠭ᠋ᠠᠨ ᠪᠣᠯᠣᠨ ᠠᠯᠠᠱ᠌ᠠ ᠵᠢᠨ ᠬᠤᠪᠢᠶᠠᠷᠢ ᠥᠷᠲᠡᠭᠡ᠎ᠨᠢ ᠬᠣᠲᠠ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠪᠡ᠃ ᠮᠠᠨ᠎ᠤ ᠣᠷᠣᠨ᠎ᠤ ᠰᠢᠯᠭ᠋ᠠᠷᠠᠭᠤᠯᠤᠯᠲᠠ᠎ᠳᠤ ᠣᠷᠣᠯᠴᠠᠭᠰᠠᠨ 13 ᠬᠤᠪᠢ ᠮᠡᠳᠡᠭᠦᠯᠦᠯᠲᠡ᠎ᠨᠢ ᠴᠥᠮ 80᠎ᠠᠴᠠ ᠬᠤᠪᠢ ᠣᠯᠪᠠ᠃
      ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ  ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠲᠤᠰᠬᠠᠬᠤ ᠴᠢᠬᠤᠯᠠ ᠠᠴᠢᠶᠠᠯᠠᠪᠤᠷᠢ ᠮᠥᠨ ᠪᠣᠯᠬᠣᠷ ᠲᠤᠢ᠌ᠯ᠎ᠤᠨ ᠴᠢᠩᠭ᠎ᠠ ᠡᠷᠬᠡ ᠰᠦᠷᠲᠦ ᠴᠢᠨᠠᠷ᠂ ᠶᠡᠷᠦᠩᠬᠡᠢ᠌ᠯᠡᠭᠰᠡᠨ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ᠎ᠲᠠᠢ ᠪᠠᠢ᠌ᠳᠠᠭ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠨᠢ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2022 ᠣᠨ᠎ᠠᠴᠠ ᠨᠠᠭ᠋ᠠᠰᠢ ᠮᠡᠳᠡᠭᠦᠯᠦᠯᠲᠡ ᠵᠢᠨ ᠪᠢᠴᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠂ ᠬᠠᠷᠢᠯᠴᠠᠨ ᠬᠢᠨᠠᠵᠤ ᠬᠠᠷᠢᠯᠴᠠᠨ ᠦᠨᠡᠯᠡᠬᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠳᠤᠲᠠᠭᠤᠳᠠᠯ᠎ᠢ ᠪᠣᠯᠪᠠᠰᠤᠷᠠᠭᠤᠯᠬᠤ᠂ ᠲᠤᠰᠬᠠᠢ ᠮᠡᠷᠭᠡᠵᠢᠯᠲᠡᠨ᠎ᠤ ᠦᠨᠡᠯᠡᠨ ᠬᠢᠨᠠᠬᠤ ᠪᠠ ᠦᠷ᠎ᠡ ᠳ᠋ᠦᠩ᠎ᠢ ᠮᠡᠳᠡᠭᠡᠯᠡᠬᠦ ᠵᠡᠷᠭᠡ ᠠᠵᠢᠯᠯᠠᠭ᠎ᠠ᠎ᠪᠠᠷ ᠳᠡᠮᠵᠢᠨ᠂ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠌ᠯᠡᠨ ᠵᠠᠳᠠᠯᠬᠤ ᠴᠢᠳᠠᠪᠤᠷᠢ ᠪᠠ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃
      ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠳᠠᠯᠤᠯᠲᠠ ᠵᠢᠨ ᠴᠢᠳᠠᠪᠤᠷᠢ ᠪᠠ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠪᠦᠲᠦᠭᠡᠭᠳᠡᠬᠦᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — 《 〈ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ〉 ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ》 — ᠦᠶᠤᠸᠠᠨ ᠰᠢᠶᠠᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠢᠯᠢ ᠵᠢᠨ ᠭᠣᠣᠯ ᠠᠶ᠋ᠢᠮᠠᠭ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠬᠥᠬᠡᠬᠣᠲᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — 《〈ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ〉 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ》 — ᠤᠯᠠᠭ᠋ᠠᠢ ᠬᠠᠮᠢᠶᠠᠷᠤᠯᠲᠠ ᠵᠢᠨ ᠣᠷᠣᠨ
ᠠᠮᠢ ᠠᠬᠤᠢ ᠵᠢᠨ ᠪᠣᠯᠪᠠᠰᠤᠨ᠎ᠤ ᠰᠢᠨ᠎ᠡ ᠬᠠᠭᠤᠳᠠᠰᠤ ᠵᠢ ᠡᠷᠡᠯᠬᠡᠭᠯᠡᠨ ᠪᠢᠴᠢᠭᠯᠡᠵᠦ ᠬᠥᠬᠡᠮᠳᠦᠭ ᠨᠣᠭᠣᠭ᠋ᠠᠨ ᠠᠭᠤᠯᠠ ᠤᠰᠤ ᠵᠢᠨ ᠰᠢᠨ᠎ᠡ ᠳᠦᠷᠰᠦ ᠪᠠᠶ᠋ᠢᠳᠠᠯ᠎ᠢ ᠴᠢᠷᠮᠠᠢ᠌ᠨ ᠴᠣᠭᠴᠠᠯᠠᠨ᠎ᠠ
 
             蒙ICP备05000248号