ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ᠎ᠶᠢᠨ ᠵᠢᠱ᠌ᠢᠶᠠᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2024-05-27

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠶᠠᠰᠤ ᠴᠢᠨᠠᠷ᠎ᠢ ᠳᠡᠬᠡᠭᠰᠢᠯᠡᠬᠦᠯᠬᠦ ᠵᠢᠨ ᠲᠥᠯᠥᠭᠡ᠂ 2024 ᠣᠨ᠎ᠤ 4 ᠰᠠᠷ᠎ᠠ ᠵᠢᠨ 18᠎ᠤ ᠡᠳᠦᠷ᠎ᠠᠴᠠ 19᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠷᠳᠣᠰ ᠬᠣᠲᠠ᠎ᠳᠤ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠧ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠰᠣᠶᠣᠯᠲᠤ ᠬᠤᠷᠠᠯ᠎ᠳᠤ ᠣᠷᠣᠯᠴᠠᠨ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠤᠤ ᠹᠦ᠋ ᠴᠢᠤᠸᠠᠨ ᠬᠤᠷᠠᠯ᠎ᠢ ᠡᠷᠬᠢᠯᠡᠪᠡ᠃
      ᠪᠣᠯᠪᠠᠰᠤᠷᠠᠯ᠎ᠢ ᠲᠥᠪᠯᠡᠷᠡᠭᠦᠯᠦᠨ ᠬᠢᠴᠢᠶᠡᠯᠯᠡᠬᠦ᠂ ᠰᠣᠯᠢᠯᠴᠠᠨ ᠰᠤᠳᠤᠯᠤᠨ ᠶᠠᠷᠢᠯᠴᠠᠬᠤ ᠪᠠ ᠲᠤᠬᠠᠢ ᠵᠢᠨ ᠭᠠᠵᠠᠷ᠎ᠲᠤᠨᠢ ᠵᠢᠭ᠋ᠠᠨ ᠰᠤᠷᠭ᠋ᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠢ ᠮᠡᠷᠭᠡᠵᠢᠯᠲᠡᠳ᠎ᠢ ᠤᠷᠢᠵᠤ ᠲᠤᠰ ᠲᠤᠰ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ ᠵᠢᠨ ᠲᠣᠭᠣᠷᠢᠨ᠎ᠳᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠬᠢᠭᠡᠳ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠰᠠᠭᠤᠷᠢᠨ ᠭᠠᠵᠠᠷ᠎ᠤᠨ ᠳᠠᠬᠢᠨ ᠬᠢᠨᠠᠵᠤ ᠦᠨᠡᠯᠡᠬᠦ ᠮᠡᠷᠭᠡᠵᠢᠯ᠎ᠤᠨ ᠭᠣᠣᠯᠳᠠᠯᠭ᠎ᠠ ᠵᠢᠴᠢ ᠲᠠᠪᠴᠠᠩ᠎ᠤᠨ ᠲᠠᠭᠯᠠᠨ ᠮᠡᠳᠡᠭᠦᠯᠬᠦ ᠭᠣᠣᠯᠳᠠᠯᠭ᠎ᠠ ᠵᠡᠷᠭᠡ ᠠᠭᠤᠯᠭ᠎ᠠ᠎ᠨᠢ ᠰᠤᠷᠤᠭᠴᠢᠳ᠎ᠲᠤ ᠭᠣᠢ᠌ᠳᠠ ᠰᠠᠢ᠌ᠬᠠᠨ ᠬᠢᠴᠢᠶᠡᠯ ᠣᠷᠣᠭᠰᠠᠨ ᠪᠠᠢ᠌ᠪᠠ᠃ 2019 ᠣᠨ᠎ᠳᠤ᠂ ᠬᠢᠶ᠎ᠠ ᠪᠠᠭᠰᠢ ᠲᠣᠭᠣᠷᠢᠭ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠭᠤᠷᠪᠠᠳᠤᠭ᠋ᠠᠷ ᠪᠦᠯᠦᠭ᠎ᠤᠨ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ》 ᠵᠶ᠋ᠠᠷ ᠨᠡᠷᠡᠢ᠌ᠳᠦᠭᠳᠡᠵᠦ᠂ ᠪᠣᠯᠪᠠᠰᠤᠷᠠᠯ᠎ᠤᠨ ᠬᠤᠭᠤᠴᠠᠭ᠋ᠠᠨ᠎ᠳᠤ ᠪᠠᠰᠠ ᠰᠤᠷᠤᠭᠴᠢᠳ᠎ᠢ ᠵᠣᠬᠢᠶᠠᠨ ᠪᠠᠢ᠌ᠭᠤᠯᠤᠨ ᠬᠢᠶ᠎ᠠ ᠪᠠᠭᠰᠢ ᠲᠣᠭᠣᠷᠢᠭ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠡᠬᠢᠵᠢᠭᠦᠯᠬᠦ ᠵᠢᠱ᠌ᠢᠶ᠎ᠡ ᠦᠵᠡᠭᠦᠯᠬᠦ ᠲᠣᠭᠣᠷᠢᠭ᠎ᠢ ᠡᠭᠦᠳᠦᠨ ᠪᠠᠢ᠌ᠭᠤᠯᠤᠭᠰᠠᠨ ᠲᠡᠷᠢᠭᠦᠨ᠎ᠤ ᠠᠷᠭ᠎ᠠ ᠬᠢᠳᠡᠯ ᠲᠤᠷᠰᠢᠯᠭ᠎ᠠ ᠵᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠭᠦᠯᠵᠦ ᠰᠤᠷᠤᠯᠴᠠᠭᠤᠯᠵᠠᠢ᠃
      ᠲᠣᠰ ᠤᠳᠠᠭ᠋ᠠᠨ᠎ᠤ ᠪᠣᠯᠪᠠᠰᠤᠷᠠᠯ᠎ᠨᠢ ᠪᠣᠯᠪᠠᠰᠤᠷᠠᠯ᠎ᠳᠤ ᠣᠷᠣᠯᠴᠠᠭᠰᠠᠨ ᠰᠤᠷᠤᠭᠴᠢᠳ᠎ᠲᠤ ᠰᠠᠶ᠋ᠢᠨ ᠰᠠᠢ᠌ᠬᠠᠨ ᠰᠤᠷᠤᠯᠴᠠᠬᠤ ᠲᠣᠬᠢᠶᠠᠯ ᠣᠯᠭᠣᠵᠠᠢ᠃ ᠤᠯᠠᠨ ᠵᠶ᠋ᠠᠷ ᠵᠶ᠋ᠠᠨ᠂ ᠬᠢᠴᠢᠶᠡᠯ᠎ᠤᠨ ᠲᠣᠬᠢᠷᠠᠭᠤᠯᠤᠯᠲᠠ᠎ᠨᠢ ᠰᠢᠨᠵᠢᠯᠡᠬᠦ ᠤᠬᠠᠭ᠋ᠠᠨᠴᠢ᠂ ᠠᠭᠤᠯᠭ᠎ᠠ᠎ᠨᠢ ᠪᠠᠶᠠᠯᠢᠭ ᠪᠥᠭᠡᠳ ᠪᠥᠬᠥ ᠲᠠᠯ᠎ᠠ ᠵᠢᠨ ᠪᠠᠢ᠌ᠵᠤ᠂ ᠬᠢᠴᠢᠶᠡᠯᠯᠡᠵᠦ ᠪᠠᠢ᠌ᠭ᠎ᠠ ᠪᠠᠭᠰᠢ ᠵᠢᠨ ᠲᠠᠢ᠌ᠯᠤᠮᠵᠢ᠎ᠨᠢ ᠨᠠᠷᠢᠨ ᠪᠣᠳᠠᠲᠠᠢ ᠪᠥᠭᠡᠳ ᠠᠮᠢᠳᠤᠯᠢᠭ ᠪᠠᠢ᠌ᠵᠤ᠂ ᠠᠵᠢᠯ᠎ᠤᠨ ᠲᠠᠨᠢᠯᠲᠠ ᠪᠠ ᠮᠡᠷᠭᠡᠵᠢᠯ᠎ᠤᠨ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠡᠳᠦᠷ ᠲᠤᠲᠤᠮ᠎ᠤᠨ ᠠᠵᠢᠯ᠎ᠢ ᠥᠷᠨᠢᠭᠦᠯᠬᠦ᠎ᠳᠤ ᠮᠠᠰᠢ ᠰᠠᠶ᠋ᠢᠨ ᠵᠢᠯᠤᠭᠣᠳᠬᠤ ᠦᠢ᠍ᠯᠡᠳᠦᠯ᠎ᠲᠠᠢ ᠶᠤᠮ ᠭᠡᠵᠦ ᠢᠯᠡᠳᠬᠡᠪᠡ᠃
      ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ ᠵᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠬᠢᠯᠡᠪᠡ᠃ ᠬᠠᠲᠤᠨ ᠭᠣᠣᠯ ᠳᠠᠭ᠋ᠠᠤ ᠵᠢᠨ 7 ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠨᠥᠬᠥᠳ ᠪᠣᠯᠣᠨ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠬᠡᠰᠡᠭ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠡᠷᠭᠡ ᠨᠠᠢ᠌ᠳᠠ 100 ᠰᠢᠬᠠᠮ ᠬᠥᠮᠥᠨ ᠪᠣᠯᠪᠠᠰᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠠᠢ᠌ᠬᠠᠨ ᠲᠣᠭᠣᠷᠢᠭ
ᠪᠣᠬᠢᠷᠲᠤᠯ ᠦᠭᠡᠢ ᠬᠥᠭᠵᠢᠯᠲᠡ ᠵᠢᠨ ᠬᠡᠷᠡᠭ᠎ᠤᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠲᠦᠮᠡᠳ ᠵᠡᠭᠦᠨ ᠬᠣᠰᠢᠭᠤ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠡᠷᠢᠶᠡᠨ ᠬᠤᠳᠠ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ — ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤ
ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠤᠯᠲᠠ ᠳᠠᠬᠢᠨᠲᠠ ᠰᠢᠨ᠎ᠡ ᠦᠷ᠎ᠡ ᠪᠦᠲᠦᠮᠵᠢ ᠣᠯᠵᠤ ᠳᠠᠬᠢᠨᠲᠠ ᠰᠢᠨ᠎ᠡ ᠳᠡᠭᠲᠡᠷ᠎ᠲᠤ ᠭᠠᠷᠪᠠ
 
             蒙ICP备05000248号