5 ᠰᠠᠷ᠎ᠠ ᠵᠢᠨ 23᠎ᠤ ᠡᠳᠦᠷ᠂ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 (《ᠨᠠᠢ᠌ᠳᠠ ᠵᠢᠨ ᠭᠡᠷ᠎ᠡ》) ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP15) ᠤᠨ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠶᠦᠨᠨᠠᠨ ᠮᠤᠵᠢ ᠵᠢᠨ ᠺᠦᠨᠮᠢᠩ ᠬᠣᠲᠠ᠎ᠳᠤ ᠭᠡᠷᠡᠲᠦ ᠲᠠᠯ᠎ᠠ ᠵᠢᠨ ᠶᠡᠬᠡ ᠬᠤᠷᠠᠯ (COP) ᠬᠢᠭᠡᠳ ᠰᠢᠨᠵᠢᠯᠡᠬᠦ ᠤᠬᠠᠭ᠋ᠠᠨ᠂ ᠮᠡᠷᠭᠡᠵᠢᠯ ᠪᠠ ᠭᠠᠷ ᠤᠷᠠᠯᠠᠯ᠎ᠤᠨ ᠵᠥᠪᠯᠡᠯᠭᠡ ᠥᠭᠬᠦ ᠬᠠᠷᠢᠶᠠᠲᠤ ᠪᠠᠢ᠌ᠭᠤᠯᠤᠮᠵᠢ (SBSTTA) ᠵᠢᠨ ᠬᠠᠮᠲᠤᠷᠠᠭᠰᠠᠨ ᠲᠡᠷᠢᠭᠦᠯᠡᠭᠴᠢᠳ᠎ᠤᠨ ᠪᠦᠯᠬᠦᠮ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ᠃ ᠬᠤᠷᠠᠯ᠎ᠠᠴᠠ COP15 ᠵᠢᠨ ᠬᠣᠶᠠᠳᠤᠭ᠋ᠠᠷ ᠱᠠᠲᠤᠨ᠎ᠤ ᠬᠤᠷᠠᠯ᠎ᠤᠨ ᠦᠷ᠎ᠡ ᠪᠦᠲᠦᠭᠡᠯ᠎ᠢ ᠡᠷᠭᠢᠴᠡᠭᠦᠯᠵᠦ᠂ 《ᠨᠠᠢ᠌ᠳᠠ ᠵᠢᠨ ᠭᠡᠷ᠎ᠡ》 ᠵᠢᠨ ᠢᠷᠡᠬᠦ ᠬᠣᠶᠠᠷ ᠵᠢᠯ᠎ᠤᠨ ᠠᠵᠢᠯ᠎ᠤᠨ ᠲᠥᠯᠥᠪᠯᠡᠭᠡ ᠵᠢᠴᠢ 《ᠺᠦᠨᠮᠢᠩ — ᠮᠣᠨᠲᠷᠢᠶᠠᠯ᠎ᠤᠨ ᠪᠥᠬᠥ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ》 (《ᠪᠦᠳᠦᠭᠦᠪᠴᠢ ᠲᠥᠰᠥᠪ》) ᠢ ᠬᠡᠷᠡᠭᠵᠢᠭᠦᠯᠬᠦ ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
《ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠣᠷᠣᠯᠠᠨ ᠭᠦᠢ᠍ᠴᠡᠳᠬᠡᠬᠦ ᠨᠠᠷᠢᠨ ᠪᠢᠴᠢᠭᠡᠴᠢ ᠺᠦᠫᠸ᠂ SBSTTA ᠵᠢᠨ ᠲᠡᠷᠢᠭᠦᠯᠡᠭᠴᠢ ᠪᠸᠨᠢᠲᠸᠽ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃ 《ᠨᠠᠢ᠌ᠳᠠ ᠵᠢᠨ ᠭᠡᠷ᠎ᠡ》 ᠵᠢᠨ ᠭᠦᠢ᠍ᠴᠡᠳᠬᠡᠬᠦ ᠬᠠᠷᠢᠶᠠᠲᠤ ᠪᠠᠢ᠌ᠭᠤᠯᠤᠮᠵᠢ (SBI) ᠵᠢᠨ ᠲᠡᠷᠢᠭᠦᠯᠡᠭᠴᠢ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠣᠷᠴᠢᠨ ᠠᠬᠤᠢ ᠵᠢᠨ ᠲᠥᠯᠦᠪᠵᠢᠭᠦᠯᠭᠡ ᠵᠢᠨ ᠵᠠᠬᠢᠷᠭ᠎ᠠ ᠵᠢᠨ ᠲᠥᠯᠥᠭᠡᠯᠡᠭᠴᠢ᠂ COP16 ᠵᠢᠨ ᠲᠤᠰᠢᠶᠠᠯ᠎ᠳᠤ ᠭᠠᠷᠬᠤ᠎ᠪᠠᠷ ᠪᠠᠢ᠌ᠭ᠎ᠠ ᠲᠡᠷᠢᠭᠦᠯᠡᠭᠴᠢ ᠤᠯᠤᠰ ᠪᠣᠯᠬᠤ ᠲᠦᠷᠺ᠎ᠤᠨ ᠲᠥᠯᠥᠭᠡᠯᠡᠭᠴᠢ᠂ COP ᠵᠢᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ᠂ SBSTTA ᠵᠢᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠵᠢᠴᠢ 《ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠬᠣᠯᠪᠣᠭᠳᠠᠯ ᠪᠦᠬᠦᠢ ᠬᠥᠮᠥᠰ ᠬᠤᠷᠠᠯ᠎ᠳᠤ ᠣᠷᠣᠯᠴᠠᠵᠠᠢ᠃
ᠬᠤᠸᠠᠩ ᠷᠦᠨ ᠴᠢᠦ ᠬᠠᠮᠲᠤᠷᠠᠭᠰᠠᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠺᠦᠨᠮᠢᠩ᠎ᠳᠤ ᠴᠤᠭᠯᠠᠷᠠᠭᠰᠠᠨᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠵᠦ᠂ ᠳᠤᠮᠳᠠᠳᠤ ᠵᠢᠨ ᠲᠠᠯ᠎ᠠ ᠵᠢᠨ᠎ᠬᠢᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ 《ᠪᠦᠳᠦᠭᠦᠪᠴᠢ ᠲᠥᠰᠥᠪ》 ᠢ ᠨᠠᠢ᠌ᠳᠠᠪᠤᠷᠢᠵᠢᠭᠤᠯᠬᠤ ᠵᠢ ᠠᠬᠢᠭᠤᠯᠬᠤ᠎ᠳᠤ ᠥᠷᠨᠢᠭᠦᠯᠦᠭᠰᠡᠨ ᠬᠠᠮᠢᠶ᠎ᠠ ᠪᠦᠬᠦᠢ ᠠᠵᠢᠯ ᠪᠣᠯᠣᠨ ᠳᠠᠷᠠᠭ᠋ᠠᠴᠢ ᠵᠢᠨ ᠠᠯᠬᠤᠮ᠎ᠤᠨ ᠲᠥᠰᠥᠪᠯᠡᠯ ᠵᠶ᠋ᠡᠨ ᠲᠠᠨᠢᠯᠴᠠᠭᠤᠯᠪᠠ᠃ ᠲᠡᠷᠡ᠂ COP15 ᠵᠢᠨ ᠦᠷ᠎ᠡ ᠪᠦᠲᠦᠭᠡᠯ᠂ ᠢᠯᠠᠩᠭᠤᠶ᠎ᠠ ᠲᠣᠬᠢᠷᠠᠯᠴᠠᠭᠰᠠᠨ 《ᠪᠦᠳᠦᠭᠦᠪᠴᠢ ᠲᠥᠰᠥᠪ》᠎ᠢ ᠡᠯ᠎ᠡ ᠲᠠᠯ᠎ᠠ ᠵᠢᠨ᠎ᠬᠢᠨ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ ᠪᠠᠢ᠌ᠨ᠎ᠠ᠂ ᠲᠡᠭᠦᠨ᠎ᠤ ᠦᠨᠡᠨ ᠬᠦ᠌ ᠬᠡᠷᠡᠭᠵᠢᠭᠦᠯᠦᠭᠳᠡᠬᠦ ᠵᠢ ᠳᠡᠯᠡᠬᠡᠢ ᠨᠠᠢ᠌ᠳᠠ᠎ᠪᠠᠷ ᠵᠶ᠋ᠡᠨ ᠳᠡᠭᠡᠳᠦ ᠬᠡᠮᠵᠢᠶ᠎ᠡ᠎ᠪᠠᠷ ᠠᠩᠬᠠᠷᠴᠤ᠂ ᠳᠡᠭᠡᠳᠦ ᠬᠡᠮᠵᠢᠶ᠎ᠡ᠎ᠪᠠᠷ ᠬᠦᠰᠡᠨ ᠬᠦᠯᠢᠶᠡᠵᠦ ᠪᠠᠢ᠌ᠨ᠎ᠠ᠃ COP16 ᠬᠤᠷᠠᠯᠳᠤᠬᠤ᠎ᠠᠴᠠ ᠡᠮᠦᠨ᠎ᠡ᠂ ᠳᠤᠮᠳᠠᠳᠤ ᠤᠯᠤᠰ ᠲᠡᠷᠢᠭᠦᠯᠡᠭᠴᠢ ᠤᠯᠤᠰ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠦᠷᠭᠦᠯᠵᠢᠯᠡᠨ ᠰᠠᠶ᠋ᠢᠲᠤᠷ ᠪᠠᠳᠠᠷᠠᠭᠤᠯᠵᠤ᠂ ᠨᠠᠷᠢᠨ ᠪᠢᠴᠢᠭ᠎ᠤᠨ ᠭᠠᠵᠠᠷ ᠪᠣᠯᠣᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ᠎ᠤ ᠳᠡᠮᠵᠢᠯᠭᠡ ᠳᠣᠣᠷ᠎ᠠ᠂ ᠡᠯ᠎ᠡ ᠲᠠᠯ᠎ᠠ ᠵᠢᠨ᠎ᠬᠢᠨ᠎ᠢ ᠵᠣᠬᠢᠴᠠᠭᠤᠯᠵᠤ ᠪᠠᠶ᠋ᠢᠭ᠋ᠠᠳ 《ᠪᠦᠳᠦᠭᠦᠪᠴᠢ ᠲᠥᠰᠥᠪ》᠎ᠢ ᠨᠠᠢ᠌ᠳᠠᠪᠤᠷᠢᠵᠢᠭᠤᠯᠬᠤ ᠵᠢ ᠬᠠᠮᠲᠤ᠎ᠪᠠᠷ ᠠᠬᠢᠭᠤᠯᠤᠨ᠎ᠠ᠃ ᠡᠯ᠎ᠡ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠨᠠᠷ ᠬᠣᠯᠪᠣᠭᠳᠠᠯ ᠪᠦᠬᠦᠢ ᠣᠷᠣᠨ ᠪᠦᠰᠡᠲᠠᠢ ᠵᠣᠬᠢᠴᠠᠭᠤᠯᠤᠨ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ COP16᠎ᠠᠴᠠ ᠡᠮᠦᠨᠡᠬᠢ ᠲᠣᠳᠣᠷᠬᠠᠢ ᠪᠥᠭᠡᠳ ᠪᠣᠳᠠᠲᠠᠢ ᠵᠢ ᠡᠷᠬᠢᠮᠯᠡᠭᠰᠡᠨ ᠠᠵᠢᠯ᠎ᠤᠨ ᠱᠤᠭᠤᠮ᠎ᠤᠨ ᠵᠢᠷᠤᠭ᠎ᠢ ᠲᠣᠭᠲᠠᠭ᠋ᠠᠵᠤ᠂ COP15 ᠵᠢᠨ ᠶᠡᠬᠡ ᠬᠤᠷᠠᠯ᠎ᠤᠨ ᠦᠷ᠎ᠡ ᠪᠦᠲᠦᠭᠡᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠬᠠᠮᠲᠤ᠎ᠪᠠᠷ ᠠᠬᠢᠭᠤᠯᠵᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠠᠬᠢᠴᠠ ᠵᠢ ᠠᠬᠢᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠨᠠᠷ ᠳᠤᠮᠳᠠᠳᠤ ᠵᠢᠨ ᠲᠠᠯ᠎ᠠ ᠵᠢᠨ᠎ᠬᠢᠨ᠎ᠤ ᠬᠤᠷᠠᠯ᠎ᠤᠨ ᠲᠥᠯᠥᠭᠡ ᠬᠢᠭᠰᠡᠨ ᠪᠦᠷᠢᠨ ᠭᠦᠢ᠍ᠴᠡᠳ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ᠎ᠳᠤ ᠲᠠᠯᠠᠷᠬᠠᠵᠤ᠂ ᠳᠤᠮᠳᠠᠳᠤ ᠵᠢᠨ ᠲᠠᠯ᠎ᠠ ᠵᠢᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠢᠯᠡᠷᠡᠭᠦᠯᠦᠭᠰᠡᠨ ᠤᠳᠤᠷᠢᠳᠬᠤ ᠬᠦᠴᠦᠨ᠎ᠢ ᠮᠠᠭᠲᠠᠨ ᠰᠠᠢ᠌ᠰᠢᠶᠠᠵᠤ᠂ ᠳᠤᠷᠠᠲᠠᠶ᠎ᠠ ᠲᠡᠷᠢᠭᠦᠯᠡᠭᠴᠢ ᠤᠯᠤᠰ᠎ᠢ ᠦᠷᠭᠦᠯᠵᠢᠯᠡᠨ ᠳᠡᠮᠵᠢᠵᠦ᠂ 《ᠨᠠᠢ᠌ᠳᠠ ᠵᠢᠨ ᠭᠡᠷ᠎ᠡ》 ᠵᠢᠨ ᠠᠬᠢᠴᠠ ᠪᠣᠯᠣᠨ COP15 ᠵᠢᠨ ᠦᠷ᠎ᠡ ᠪᠦᠲᠦᠭᠡᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠎ᠠ ᠭᠡᠵᠦ ᠢᠯᠡᠳᠬᠡᠪᠡ᠃