6 ᠰᠠᠷ᠎ᠠ ᠵᠢᠨ 16 ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠡᠭᠡᠵᠢᠩ᠎ᠳᠤ ᠪᠷᠠᠽᠢᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠣᠨᠴᠠ ᠡᠯᠴᠢ ᠯᠦᠶᠢᠰ·ᠮᠠᠴᠠᠳᠤ᠋ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠬᠤᠸᠠᠩ ᠷᠦᠨ ᠴᠢᠦ ᠳᠤᠮᠳᠠᠳᠤ ᠤᠯᠤᠰ ᠪᠣᠯᠣᠨ ᠪᠷᠠᠽᠢᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠦᠷᠢᠶᠡᠨ᠎ᠳᠤ ᠥᠷᠨᠢᠭᠦᠯᠦᠭᠰᠡᠨ ᠰᠠᠢ᠍ᠢ᠍ᠨ ᠰᠠᠢ᠌ᠬᠠᠨ ᠬᠠᠮᠲᠤᠷᠠᠯᠴᠠᠭ᠎ᠠ ᠵᠢ ᠡᠷᠭᠢᠴᠡᠭᠦᠯᠵᠦ᠂ ᠠᠷᠪᠠᠨ ᠵᠢᠯ᠎ᠤᠨ ᠲᠤᠷᠰᠢᠬᠢ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠣᠢ᠌ᠯᠠᠭ᠋ᠠᠭᠳᠠᠬᠤᠨ᠂ ᠲᠥᠷᠥ ᠵᠢᠨ ᠪᠣᠳᠣᠯᠭ᠎ᠠ ᠪᠠ ᠠᠵᠢᠯᠯᠠᠭ᠎ᠠ ᠵᠢᠴᠢ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠲᠠᠨᠢᠯᠴᠠᠭᠤᠯᠵᠤ᠂ ᠪᠷᠠᠽᠢᠯ᠎ᠤᠨ᠎ᠬᠢᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ᠎ᠬᠢᠨ᠎ᠤ ᠶᠡᠬᠡ ᠬᠤᠷᠠᠯ᠎ᠢ ᠳᠡᠮᠵᠢᠭᠰᠡᠨ᠎ᠳᠤ ᠲᠠᠯᠠᠷᠬᠠᠪᠠ᠃ ᠲᠡᠷᠡ᠂ ᠳᠤᠷᠠᠲᠠᠶ᠎ᠠ ᠪᠷᠠᠽᠢᠯ᠎ᠤᠨ ᠲᠠᠯ᠎ᠠ ᠵᠢᠨ᠎ᠬᠢᠨ᠎ᠲᠠᠢ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠵᠥᠪᠯᠡᠬᠦ ᠵᠦᠢ᠍ᠯ᠎ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠡᠷᠬᠡ ᠲᠡᠭᠰᠢ ᠵᠦᠢ ᠵᠣᠬᠢᠰᠲᠠᠢ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠲᠡᠬᠦ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ ᠵᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠪᠡ᠃
ᠮᠠᠴᠠᠳᠤ᠋ ᠳᠤᠮᠳᠠᠳᠤ ᠤᠯᠤᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠦᠷ᠎ᠡ ᠪᠦᠲᠦᠮᠵᠢ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠬᠤ ᠴᠢᠷᠮᠠᠢ᠌ᠯᠭ᠎ᠠ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠮᠳᠠᠳᠤ ᠤᠯᠤᠰ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠬᠤᠷᠠᠯ᠎ᠤᠨ ᠲᠡᠦᠬᠡᠲᠦ ᠴᠢᠨᠠᠷᠲᠠᠢ ᠦᠷ᠎ᠡ ᠪᠦᠲᠦᠭᠡᠯ ᠣᠯᠬᠤ ᠵᠢ ᠠᠬᠢᠭᠤᠯᠤᠭᠰᠠᠨ᠎ᠳᠤ ᠪᠠᠶᠠᠷ ᠬᠦᠷᠭᠡᠵᠦ᠂ ᠳᠤᠮᠳᠠᠳᠤ ᠤᠯᠤᠰ᠎ᠯᠤᠭ᠎ᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠭ᠋ᠠᠬᠤ ᠵᠢ ᠬᠦᠰᠡᠪᠡ᠃