ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠺᠸᠨᠢᠶᠠ ᠵᠢᠨ ᠣᠷᠴᠢᠨ ᠲᠣᠭᠣᠷᠢᠨ᠂ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠤᠢ ᠰᠢᠭᠤᠢ ᠵᠢᠨ ᠶᠠᠮᠤᠨ᠎ᠤ ᠰᠠᠢ᠌ᠳ᠎ᠲᠠᠢ ᠠᠭᠤᠯᠵᠠᠬᠤ ᠵᠢᠨ ᠬᠠᠮᠲᠤ ᠳᠤᠮᠳᠠᠳᠤ ᠵᠢᠨ ᠲᠠᠯ᠎ᠠ ᠵᠢᠨ ᠳᠠᠭ᠋ᠠᠭ᠋ᠠᠴᠢᠯᠠᠨ ᠪᠠᠢ᠌ᠭᠤᠯᠬᠤ ᠳᠦᠷᠦᠯ ᠵᠦᠢ᠍ᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2023-05-27

      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 15᠎ᠤ ᠡᠳᠦᠷ᠎ᠠᠴᠠ 17᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠨᠠᠶ᠋ᠢᠷᠤᠪᠢ᠎ᠳᠤ ᠺᠸᠨᠢᠶᠠ ᠵᠢᠨ ᠣᠷᠴᠢᠨ ᠲᠣᠭᠣᠷᠢᠨ᠂ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠤᠢ ᠰᠢᠭᠤᠢ ᠵᠢᠨ ᠶᠠᠮᠤᠨ᠎ᠤ ᠰᠠᠢ᠌ᠳ ᠰᠦᠸᠥᠶᠢᠫᠠᠨ · ᠲᠤᠶᠠ᠎ᠲᠠᠢ ᠠᠭᠤᠯᠵᠠᠭᠰᠠᠨ ᠪᠥᠭᠡᠳ ᠨᠠᠶ᠋ᠢᠷᠤᠪᠢ᠂ ᠮᠤᠮᠪᠠᠰᠠ᠎ᠳᠤ ᠳᠤᠮᠳᠠᠳᠤ ᠤᠯᠤᠰ᠎ᠤᠨ ᠳᠠᠭ᠋ᠠᠭ᠋ᠠᠴᠢᠯᠠᠨ ᠪᠠᠢ᠌ᠭᠤᠯᠬᠤ ᠳᠦᠷᠦᠯ ᠵᠦᠢ᠍ᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠵᠠᠢ᠃

      ᠲᠤᠶᠠ᠎ᠲᠠᠢ ᠠᠭᠤᠯᠵᠠᠬᠤ᠎ᠳᠠᠭᠠᠨ᠂ ᠰᠦᠨ ᠵᠢᠨ ᠯᠦᠩ ᠳᠤᠮᠳᠠᠳᠤ ᠤᠯᠤᠰ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠠᠬᠢᠭᠤᠯᠤᠭᠰᠠᠨ ᠠᠬᠢᠴᠠ ᠪᠣᠯᠣᠨ ᠦᠷ᠎ᠡ ᠪᠦᠲᠦᠮᠵᠢ ᠵᠢ ᠲᠠᠨᠢᠯᠴᠠᠭᠤᠯᠵᠤ᠂ ᠳᠤᠷᠠᠲᠠᠶ᠎ᠠ ᠺᠸᠨᠢᠶᠠ ᠵᠢᠨ ᠲᠠᠯ᠎ᠠ᠎ᠲᠠᠢ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠳᠦᠯᠭᠡ ᠪᠣᠯᠣᠨ ᠲᠤᠷᠰᠢᠯᠭ᠎ᠠ ᠵᠢ ᠬᠤᠪᠢᠶᠠᠯᠴᠠᠵᠤ᠂ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠨᠠᠢ᠌ᠳᠠᠪᠤᠷᠢᠵᠢᠭᠤᠯᠬᠤ ᠴᠢᠳᠠᠪᠤᠷᠢ᠎ᠪᠠᠨ ᠬᠠᠮᠲᠤ᠎ᠪᠠᠷ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃

      ᠰᠦᠨ ᠵᠢᠨ ᠯᠦᠩ᠂ ᠢᠷᠡᠬᠦ ᠬᠣᠶᠠᠷ ᠵᠢᠯ᠎ᠳᠤ ᠳᠤᠮᠳᠠᠳᠤ ᠤᠯᠤᠰ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ ᠤᠯᠤᠰ᠎ᠤᠨ ᠡᠭᠦᠷᠭᠡ ᠬᠠᠷᠢᠭᠤᠴᠠᠯᠭ᠎ᠠ ᠵᠢ ᠦᠷᠭᠦᠯᠵᠢᠯᠡᠨ ᠰᠠᠶ᠋ᠢᠲᠤᠷ ᠭᠦᠢ᠍ᠴᠡᠳᠬᠡᠵᠦ᠂ ᠡᠯ᠎ᠡ ᠲᠠᠯ᠎ᠠ ᠵᠢᠨ᠎ᠬᠢᠨ᠎ᠤ 《ᠺᠦᠨᠮᠢᠩ — ᠮᠣᠨᠲᠷᠢᠶᠠᠯ᠎ᠤᠨ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ》᠎ᠢ ᠨᠠᠢ᠌ᠳᠠᠪᠤᠷᠢᠵᠢᠭᠤᠯᠬᠤ ᠵᠢ ᠴᠢᠷᠮᠠᠢ᠌ᠨ ᠠᠬᠢᠭᠤᠯᠵᠤ᠂ ᠳᠤᠮᠳᠠᠳᠤ ᠺᠸᠨᠢᠶᠠ ᠲᠤᠰ ᠲᠤᠰ᠎ᠤᠨ ᠳᠠᠪᠠᠭᠤᠯᠢᠭ ᠪᠣᠯᠣᠨ ᠨᠥᠯᠥᠭᠡᠯᠡᠬᠦ ᠬᠦᠴᠦᠨ ᠵᠶ᠋ᠡᠨ ᠪᠠᠳᠠᠷᠠᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠦᠷᠢᠶᠡᠨ᠎ᠳᠠᠬᠢ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃

      ᠰᠦᠨ ᠵᠢᠨ ᠯᠦᠩ᠂ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠺᠸᠨᠢᠶᠠ ᠵᠢᠨ ᠲᠠᠯ᠎ᠠ ᠵᠢᠨ᠎ᠬᠢᠨ᠎ᠲᠠᠢ ᠬᠠᠮᠲᠤᠷᠠᠯᠴᠠᠵᠤ᠂ ᠰᠢ ᠵᠢᠨ ᠫᠢᠩ ᠲᠡᠷᠢᠭᠦᠯᠡᠭᠴᠢ ᠵᠢᠨ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠨᠠᠢ᠍ᠮᠠᠳᠤᠭ᠋ᠠᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠳᠤᠷᠠᠳᠤᠭᠰᠠᠨ 《ᠪᠣᠬᠢᠷᠲᠤᠯ ᠦᠭᠡᠢ ᠬᠥᠭᠵᠢᠯᠲᠡ ᠵᠢᠨ ᠢᠨᠵᠧᠨᠧᠷᠢᠩ》᠎ᠢ ᠬᠡᠷᠡᠭᠵᠢᠭᠦᠯᠬᠦ ᠵᠢ ᠠᠬᠢᠭᠤᠯᠵᠤ᠂ ᠺᠸᠨᠢᠶᠠ ᠵᠢᠨ ᠲᠠᠯ᠎ᠠ ᠵᠢᠨ᠎ᠬᠢᠨ 《ᠨᠢᠭᠡ ᠪᠦᠰᠡ ᠨᠢᠭᠡ ᠵᠠᠮ》᠎ᠤᠨ ᠪᠣᠬᠢᠷᠲᠤᠯ ᠦᠭᠡᠢ ᠬᠥᠭᠵᠢᠯᠲᠡ ᠵᠢᠨ ᠤᠯᠠᠨ ᠤᠯᠤᠰ᠎ᠤᠨ ᠬᠣᠯᠪᠣᠭ᠎ᠠ ᠵᠢᠨ ᠠᠵᠢᠯᠯᠠᠭ᠎ᠠ ᠪᠣᠯᠣᠨ ᠴᠢᠳᠠᠪᠤᠷᠢ ᠵᠢᠨ ᠪᠠᠢ᠌ᠭᠤᠯᠤᠯᠲᠠ ᠵᠢᠨ ᠪᠣᠯᠪᠠᠰᠤᠷᠠᠯ᠎ᠤᠨ ᠠᠩᠭᠢ᠎ᠳᠤ ᠣᠷᠣᠯᠴᠠᠬᠤ ᠵᠢ ᠪᠠᠶᠠᠷᠯᠠᠨ ᠤᠭᠲᠤᠵᠤ᠂ ᠪᠣᠬᠢᠷᠲᠤᠯ ᠦᠭᠡᠢ ᠲᠣᠷᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠵᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠪᠡ᠃

      ᠲᠤᠶᠠ᠂ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠦᠷᠢᠶᠡᠨ᠎ᠳᠤ ᠣᠯᠣᠭᠰᠠᠨ ᠠᠮᠵᠢᠯᠲᠠ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠮᠳᠠᠳᠤ ᠤᠯᠤᠰ᠎ᠤᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ ᠤᠯᠤᠰ᠎ᠤᠨ ᠤᠳᠤᠷᠢᠳᠬᠤ ᠬᠤᠷᠠᠯ ᠪᠣᠯᠤᠭᠰᠠᠨ᠎ᠤ ᠬᠤᠪᠢ᠎ᠳᠤ ᠲᠡᠦᠬᠡᠲᠦ ᠴᠢᠨᠠᠷᠲᠠᠢ ᠦᠷ᠎ᠡ ᠪᠦᠲᠦᠭᠡᠯ ᠣᠯᠣᠭᠰᠠᠨ᠎ᠢ ᠮᠠᠭᠲᠠᠨ ᠰᠠᠢ᠌ᠰᠢᠶᠠᠵᠤ᠂ ᠳᠤᠮᠳᠠᠳᠤ ᠵᠢᠨ ᠲᠠᠯ᠎ᠠ᠎ᠲᠠᠢ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠂ ᠪᠠᠶ᠋ᠢᠭ᠋ᠠᠯᠢ᠎ᠳᠤ ᠰᠠᠭᠤᠷᠢᠯᠠᠨ ᠰᠢᠢ᠍ᠳᠪᠦᠷᠢᠯᠡᠬᠦ ᠲᠥᠰᠥᠯ᠂ 《ᠺᠦᠨᠮᠢᠩ — ᠮᠣᠨᠲᠷᠢᠶᠠᠯ᠎ᠤᠨ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ》᠎ᠢ ᠨᠠᠢ᠌ᠳᠠᠪᠤᠷᠢᠵᠢᠭᠤᠯᠬᠤ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠦ ᠪᠠᠢ᠌ᠨ᠎ᠠ᠃

      ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠎ᠢ ᠭᠦᠨᠵᠡᠭᠡᠢ ᠣᠢ᠌ᠯᠠᠭ᠋ᠠᠬᠤ ᠵᠢᠨ ᠲᠥᠯᠥᠭᠡ᠂ ᠰᠦᠨ ᠵᠢᠨ ᠯᠦᠩ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠳᠠᠭ᠋ᠠᠭ᠋ᠠᠴᠢᠯᠠᠨ ᠪᠠᠢ᠌ᠭᠤᠯᠤᠭᠰᠠᠨ ᠨᠠᠢ᠍ᠢ᠍ᠷᠤᠪᠢ ᠲᠦᠷᠭᠡᠨ ᠵᠠᠮ᠂ ᠮᠤᠮᠪᠠᠰᠠ — ᠨᠠᠢ᠍ᠢ᠍ᠷᠤᠪᠢ ᠲᠡᠮᠦᠷ ᠵᠠᠮ ᠪᠣᠯᠣᠨ ᠮᠤᠮᠪᠠᠰᠠ ᠭᠠᠷᠠᠮ᠎ᠤᠨ ᠴᠢᠯᠠᠭᠤᠨ ᠲᠣᠰᠣᠨ᠎ᠤ ᠭᠠᠷᠠᠮ ᠵᠡᠷᠭᠡ ᠳᠦᠷᠦᠯ ᠵᠦᠢ᠍ᠯ᠎ᠢ ᠭᠣᠣᠯᠳᠠᠯᠭ᠎ᠠ᠎ᠲᠠᠢ ᠪᠠᠢ᠌ᠴᠠᠭ᠋ᠠᠨ ᠰᠤᠳᠤᠯᠵᠤ᠂ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠣᠯᠣᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠢ ᠲᠠᠨᠢᠯᠴᠠᠭᠤᠯᠭ᠎ᠠ ᠵᠢ ᠰᠣᠨᠣᠰᠬᠤ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠳᠠᠯ᠎ᠢ ᠨᠠᠷᠢᠨ ᠣᠢ᠌ᠯᠠᠭ᠋ᠠᠪᠠ᠃

      ᠰᠦᠨ ᠵᠢᠨ ᠯᠦᠩ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢ᠌ᠭᠤᠯᠬᠤ ᠵᠢ ᠠᠬᠢᠭᠤᠯᠬᠤ ᠪᠣᠯ 《ᠨᠢᠭᠡ ᠪᠦᠰᠡ ᠨᠢᠭᠡ ᠵᠠᠮ》᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠬᠥᠮᠥᠨ ᠬᠢᠭᠡᠳ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠴᠢᠬᠤᠯᠠ ᠠᠴᠢᠶᠠᠯᠠᠪᠤᠷᠢ ᠮᠥᠨ᠃ ᠨᠠᠶ᠋ᠢᠷᠤᠪᠢ ᠵᠢᠨ ᠲᠦᠷᠭᠡᠨ ᠵᠠᠮ᠂ ᠮᠤᠮᠪᠠᠰᠠ — ᠨᠠᠶ᠋ᠢᠷᠤᠪᠢ ᠲᠡᠮᠦᠷ ᠵᠠᠮ᠎ᠤᠨ ᠲᠥᠷᠥᠯ ᠵᠦᠢ᠍ᠯ᠎ᠢ ᠵᠢᠷᠤᠵᠤ ᠲᠥᠯᠥᠪᠯᠡᠬᠦ᠂ ᠪᠦᠲᠦᠭᠡᠨ ᠪᠠᠢ᠌ᠭᠤᠯᠬᠤ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠳᠤᠮᠳᠠ ᠠᠯᠢ ᠤᠯᠠᠨ ᠪᠦᠲᠦᠮᠵᠢᠲᠡᠢ ᠠᠷᠭ᠎ᠠ ᠬᠡᠮᠵᠢᠶ᠎ᠡ ᠠᠪᠴᠠᠢ᠃ ᠬᠡᠭᠡᠷ᠎ᠡ ᠵᠢᠨ ᠠᠮᠢᠲᠠᠨ ᠵᠢᠴᠢ ᠡᠷᠭᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢ ᠪᠠᠭ᠋ᠠᠰᠬᠠᠵᠤ᠂ ᠮᠤᠮᠪᠠᠰᠠ ᠭᠠᠷᠠᠮ᠎ᠤᠨ ᠴᠢᠯᠠᠭᠤᠨ ᠲᠣᠰᠣᠨ᠎ᠤ ᠭᠠᠷᠠᠮ᠎ᠤᠨ ᠲᠥᠷᠥᠯ ᠵᠦᠢ᠍ᠯ᠎ᠳᠤ ᠲᠣᠰᠣ᠎ᠲᠠᠢ ᠪᠣᠬᠢᠷ ᠤᠰᠤ ᠪᠠ ᠠᠮᠢᠳᠤᠷᠠᠯ᠎ᠤᠨ ᠪᠣᠬᠢᠷ ᠤᠰᠤ ᠵᠢ ᠴᠤᠭᠯᠠᠭᠤᠯᠤᠨ ᠳᠠᠮᠵᠢᠭᠤᠯᠤᠨ ᠵᠥᠭᠡᠭᠡᠪᠦᠷᠢᠯᠡᠬᠦ᠂ ᠲᠡᠯᠡᠢ ᠲᠠᠩᠭᠢᠰ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠵᠢᠴᠢ ᠲᠣᠰᠣ ᠪᠢᠯᠬᠠᠬᠤ ᠵᠢ ᠬᠢᠨᠠᠨ ᠡᠵᠡᠮᠳᠡᠬᠦ ᠲᠥᠬᠦᠭᠡᠷᠦᠮᠵᠢ ᠪᠠ ᠲᠣᠰᠣᠨ᠎ᠤ ᠪᠣᠬᠢᠷᠲᠤᠯ᠎ᠤᠨ ᠲᠠᠷᠬᠠᠯᠲᠠ ᠵᠢ ᠰᠡᠷᠭᠡᠢ᠌ᠯᠡᠬᠦ ᠲᠥᠬᠦᠭᠡᠷᠦᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠢ᠌ᠭᠤᠯᠤᠨ᠎ᠠ᠃ ᠡᠲᠡᠭᠡᠷ ᠳᠦᠷᠦᠯ ᠵᠦᠢ᠍ᠯ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢᠨ ᠪᠣᠭᠣᠮᠢ ᠵᠢ ᠲᠠᠢ᠌ᠯᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠪᠡᠶ᠎ᠡ᠎ᠪᠠᠨ ᠳᠠᠭ᠋ᠠᠭ᠋ᠠᠵᠤ ᠬᠥᠭᠵᠢᠬᠦ ᠪᠠ ᠦᠷᠭᠦᠯᠵᠢᠯᠡᠬᠦ ᠬᠥᠭᠵᠢᠯᠲᠡ᠎ᠳᠤ ᠬᠦᠴᠦᠨ ᠨᠡᠮᠡᠷᠢᠯᠡᠵᠦ᠂ ᠠᠵᠤ ᠠᠬᠤᠢ ᠵᠢᠨ ᠦᠷ᠎ᠡ ᠠᠰᠢᠭ᠂ ᠨᠡᠢ᠌ᠭᠡᠮ᠎ᠤᠨ ᠦᠷ᠎ᠡ ᠠᠰᠢᠭ᠂ ᠣᠷᠴᠢᠨ ᠲᠣᠭᠣᠷᠢᠨ᠎ᠤ ᠦᠷ᠎ᠡ ᠠᠰᠢᠭ᠎ᠢ ᠤᠯᠠᠨ ᠲᠠᠯ᠎ᠠ᠎ᠪᠠᠷ ᠣᠯᠣᠭᠰᠠᠨ ᠪᠠᠢ᠌ᠨ᠎ᠠ᠂ ᠡᠨᠡ ᠪᠣᠯ ᠰᠢᠨ᠎ᠡ ᠴᠠᠭ ᠦᠶ᠎ᠡ ᠵᠢᠨ ᠳᠤᠮᠳᠠᠳᠤ ᠺᠧᠨᠢᠶᠠ ᠵᠢᠨ ᠬᠠᠮᠲᠤᠷᠠᠯᠴᠠᠭ᠋ᠠᠨ᠎ᠤ ᠳᠦᠷᠦᠯ ᠵᠦᠢ᠍ᠯ᠎ᠤᠨ ᠨᠡᠢ᠌ᠲᠡᠯᠢᠭ ᠵᠢᠱ᠌ᠢᠶ᠎ᠡ ᠪᠣᠯᠣᠨ᠎ᠠ᠂ ᠮᠥᠨ ᠴᠦ᠍ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠵᠢᠨ ᠰᠠᠢ᠍ᠢ᠍ᠨ ᠰᠠᠢ᠌ᠬᠠᠨ ᠬᠡᠪ ᠳᠠᠭᠤᠷᠢᠶᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃

      ᠰᠦᠨ ᠵᠢᠨ ᠯᠦᠩ ᠪᠠᠰᠠ ᠨᠠᠢ᠍ᠢ᠍ᠷᠤᠪᠢ ᠵᠢᠨ ᠬᠣᠯᠪᠣᠭᠳᠠᠯ ᠪᠦᠬᠦᠢ ᠬᠠᠶᠠᠭᠳᠠᠮᠠᠯ ᠰᠦᠯᠢᠶᠥᠦ ᠵᠢ ᠬᠣᠷᠢᠶᠠᠨ ᠠᠪᠴᠤ ᠠᠰᠢᠭᠯᠠᠬᠤ ᠳᠦᠷᠦᠯ ᠵᠦᠢ᠍ᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠺᠸᠨᠢᠶᠠ ᠵᠢᠨ ᠬᠡᠭᠡᠷ᠎ᠡ ᠵᠢᠨ ᠠᠮᠢᠲᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠮᠤᠮᠪᠠᠰᠠ ᠭᠠᠷᠠᠮ᠎ᠤᠨ ᠶᠠᠪᠤᠳᠠᠯ᠎ᠤᠨ ᠲᠣᠪᠴᠢᠶ᠎ᠠ᠎ᠲᠠᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ᠂ ᠲᠡᠯᠡᠢ ᠲᠠᠩᠭᠢᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠲᠤᠰ ᠲᠤᠰ ᠠᠵᠢᠯ᠎ᠤᠨ ᠰᠣᠯᠢᠯᠴᠠᠭ᠎ᠠ ᠬᠢᠵᠡᠢ᠃

      ᠺᠸᠨᠢᠶᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢ᠌ᠳ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠵᠠᠬᠢᠷᠭ᠎ᠠ᠂ ᠬᠥᠮᠥᠰ᠎ᠤᠨ ᠣᠷᠣᠰᠢᠨ ᠰᠠᠭᠤᠬᠤ ᠵᠠᠬᠢᠷᠭ᠎ᠠ ᠵᠢᠨ ᠲᠥᠯᠥᠭᠡᠯᠡᠭᠴᠢ ᠵᠧᠦ ᠫᠢᠩ ᠵᠢᠶᠠᠨ ᠪᠠᠷ᠎ᠠ ᠪᠣᠯᠵᠤ ᠠᠭᠤᠯᠵᠠᠯᠲᠠ ᠬᠢᠭᠰᠡᠨ ᠪᠠ ᠬᠣᠯᠪᠣᠭᠳᠠᠯ ᠪᠦᠬᠦᠢ ᠪᠠᠢ᠌ᠴᠠᠭ᠋ᠠᠨ ᠰᠤᠳᠤᠯᠬᠤ ᠠᠵᠢᠯᠯᠠᠭ᠎ᠠ᠎ᠳᠤ ᠣᠷᠣᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠴᠥᠮ᠎ᠡ ᠵᠢᠨ ᠠᠮᠤᠷ ᠲᠦᠪᠰᠢᠨ᠎ᠤ ᠶᠡᠷᠦᠩᠬᠡᠢ ᠢᠨᠵᠧᠨᠧᠷ᠂ ᠠᠯᠪᠠᠨ ᠲᠢᠩᠬᠢᠮ᠎ᠤᠨ ᠡᠷᠬᠢᠯᠡᠭᠴᠢ ᠲᠢᠶᠠᠨ ᠸᠧᠢ ᠶᠦᠩ ᠵᠢᠴᠢ ᠤᠯᠠᠨ ᠤᠯᠤᠰ᠎ᠤᠨ ᠵᠤᠷᠭ᠋ᠠᠨ᠂ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠲᠥᠪ᠎ᠤᠨ ᠭᠣᠣᠯ ᠬᠠᠷᠢᠭᠤᠴᠠᠯᠭ᠋ᠠᠲᠠᠨ ᠨᠥᠬᠥᠳ ᠠᠭᠤᠯᠵᠠᠯᠲᠠ ᠪᠠ ᠪᠠᠢ᠌ᠴᠠᠭ᠋ᠠᠨ ᠰᠤᠳᠤᠯᠬᠤ ᠠᠵᠢᠯᠯᠠᠭ᠎ᠠ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠨᠠᠢ᠌ᠳᠠ ᠵᠢᠨ ᠭᠡᠷ᠎ᠡ ᠵᠢᠨ ᠬᠠᠮᠲᠤᠷᠠᠭᠰᠠᠨ ᠲᠡᠷᠢᠭᠦᠯᠡᠭᠴᠢᠳ᠎ᠤᠨ ᠪᠦᠯᠬᠦᠮ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠷᠠᠽᠢᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠣᠨᠴᠠ ᠡᠯᠴᠢ ᠯᠦᠶᠢᠰ · ᠮᠠᠴᠠᠳᠤ᠋᠎ᠲᠠᠢ ᠠᠭᠤᠯᠵᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠰᠢᠷᠸᠠ᠎ᠲᠠᠢ ᠠᠭᠤᠯᠵᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠤᠮᠳᠠᠳᠤ ᠣᠷᠣᠰ᠎ᠤᠨ ᠶᠡᠷᠦᠩᠬᠡᠢ ᠰᠠᠢ᠌ᠳ᠎ᠤᠨ ᠲᠣᠭᠲᠠᠮᠠᠯ ᠬᠤᠭᠤᠴᠠᠭ᠋ᠠᠲᠤ ᠠᠭᠤᠯᠵᠠᠯᠲᠠ ᠵᠢᠨ ᠵᠥᠪᠯᠡᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠬᠤᠪᠢᠶᠠᠷᠢ ᠵᠥᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠪᠠ
 
             蒙ICP备05000248号