ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠤᠮᠳᠠᠳᠤ ᠣᠷᠣᠰ᠎ᠤᠨ ᠶᠡᠷᠦᠩᠬᠡᠢ ᠰᠠᠢ᠌ᠳ᠎ᠤᠨ ᠲᠣᠭᠲᠠᠮᠠᠯ ᠬᠤᠭᠤᠴᠠᠭ᠋ᠠᠲᠤ ᠠᠭᠤᠯᠵᠠᠯᠲᠠ ᠵᠢᠨ ᠵᠥᠪᠯᠡᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠬᠤᠪᠢᠶᠠᠷᠢ ᠵᠥᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-12-18

      11 ᠰᠠᠷ᠎ᠠ ᠵᠢᠨ 7᠎ᠤ ᠡᠳᠦᠷ᠂ ᠳᠤᠮᠳᠠᠳᠤ ᠣᠷᠣᠰ᠎ᠤᠨ ᠶᠡᠷᠦᠩᠬᠡᠢ ᠰᠠᠢ᠌ᠳ᠎ᠤᠨ ᠲᠣᠭᠲᠠᠮᠠᠯ ᠬᠤᠭᠤᠴᠠᠭ᠋ᠠᠲᠤ ᠠᠭᠤᠯᠵᠠᠯᠲᠠ ᠵᠢᠨ ᠵᠥᠪᠯᠡᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠬᠤᠪᠢᠶᠠᠷᠢ ᠵᠥᠪᠯᠡᠯ (ᠳᠣᠷᠣᠭᠰᠢ ᠬᠤᠪᠢᠶᠠᠷᠢ ᠵᠥᠪᠯᠡᠯ ᠭᠡᠵᠦ ᠲᠣᠪᠴᠢᠯᠠᠨ᠎ᠠ)᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠬᠤᠷᠠᠯᠳᠤᠭ᠋ᠠᠨ ᠬᠠᠷᠠᠭ᠋ᠠᠨ ᠸᠢᠳᠢᠤ᠋ ᠵᠢᠨ ᠬᠡᠯᠪᠡᠷᠢ᠎ᠪᠠᠷ ᠬᠤᠷᠠᠯᠳᠤᠪᠠ᠃ ᠬᠤᠷᠠᠯ᠎ᠢ ᠳᠤᠮᠳᠠᠳᠤ ᠵᠢᠨ ᠲᠠᠯ᠎ᠠ᠎ᠠᠴᠠ ᠭᠣᠣᠯᠯᠠᠨ ᠡᠷᠬᠢᠯᠡᠪᠡ᠃ ᠬᠤᠪᠢᠶᠠᠷᠢ ᠵᠥᠪᠯᠡᠯ᠎ᠤᠨ ᠳᠤᠮᠳᠠᠳᠤ ᠵᠢᠨ ᠲᠠᠯ᠎ᠠ ᠵᠢᠨ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠣᠯᠣᠨ ᠣᠷᠣᠰ᠎ᠤᠨ ᠲᠠᠯ᠎ᠠ ᠵᠢᠨ ᠲᠡᠷᠢᠭᠦᠯᠡᠭᠴᠢ᠂ ᠣᠷᠣᠰ᠎ᠤᠨ ᠬᠣᠯᠪᠣᠭ᠋ᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠬᠢᠭᠡᠳ ᠠᠮᠢ ᠠᠬᠤᠢ ᠵᠢᠨ ᠶᠠᠮᠤᠨ᠎ᠤ ᠰᠠᠢ᠌ᠳ ᠺᠧᠷᠦᠮ ᠲᠣᠰ ᠲᠣᠰ ᠪᠦᠯᠬᠦᠮ ᠳᠠᠭ᠋ᠠᠭᠤᠯᠤᠨ ᠬᠤᠷᠠᠯ᠎ᠳᠤ ᠣᠷᠣᠯᠴᠠᠭᠰᠠᠨ ᠪᠥᠭᠡᠳ ᠬᠤᠷᠠᠯ᠎ᠢ ᠡᠷᠭᠢᠯᠡᠪᠡ᠃

      ᠬᠤᠸᠠᠩ ᠷᠦᠨ ᠴᠢᠦ ᠡᠬᠢᠯᠡᠯᠲᠡ ᠵᠢᠨ ᠪᠠᠶᠠᠷ᠎ᠤᠨ ᠦᠭᠡ᠎ᠳᠡᠭᠡᠨ᠂ ᠳᠤᠮᠳᠠᠳᠤ ᠤᠷᠤᠰ ᠬᠣᠶᠠᠷ ᠤᠯᠤᠰ᠎ᠤᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠬᠣᠶᠠᠷ ᠤᠯᠤᠰ᠎ᠤᠨ ᠲᠡᠷᠢᠭᠦᠨ᠎ᠤ ᠬᠠᠮᠲᠤ ᠵᠢᠨ ᠲᠠᠨᠢᠯᠲᠠ ᠵᠢ ᠨᠠᠢ᠌ᠳᠠᠪᠤᠷᠢᠵᠢᠭᠤᠯᠬᠤ ᠵᠢ ᠢᠮᠠᠭᠲᠠ ᠪᠠᠷᠢᠮᠲᠠᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠪᠣᠬᠢᠷᠲᠤᠯ ᠦᠭᠡᠢ ᠠᠵᠤ ᠠᠬᠤᠢ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠡᠯ᠎ᠡ ᠵᠦᠢ᠍ᠯ᠎ᠤᠨ ᠠᠵᠢᠯ ᠢᠳᠡᠪᠬᠢᠲᠡᠢ ᠠᠬᠢᠴᠠ᠎ᠲᠠᠢ ᠪᠣᠯᠪᠠ᠃ ᠬᠣᠶᠠᠷ ᠲᠠᠯ᠎ᠠ᠎ᠪᠠᠷ ᠵᠶ᠋ᠠᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠠᠮᠲᠤᠷᠠᠨ ᠬᠢᠨᠠᠨ ᠬᠡᠮᠵᠢᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠬᠠᠷᠢᠯᠴᠠᠬᠤ ᠠᠷᠭ᠎ᠠ ᠵᠠᠮ᠎ᠢ ᠰᠠᠭ᠋ᠠᠳ ᠦᠭᠡᠢ ᠪᠥᠭᠡᠳ ᠪᠦᠲᠦᠮᠵᠢᠲᠡᠢ ᠨᠠᠪᠲᠠᠷᠡᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠦᠯ᠎ᠤᠨ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠡᠷᠭᠡ ᠣᠷᠣᠨ ᠪᠦᠰᠡ ᠵᠢᠨ ᠲᠤᠰᠬᠠᠢ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠠᠵᠢᠯ᠎ᠢ ᠢᠳᠡᠪᠬᠢᠲᠡᠢ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ ᠪᠠ ᠮᠡᠷᠭᠡᠵᠢᠯ᠎ᠤᠨ ᠰᠣᠯᠢᠯᠴᠠᠭ᠎ᠠ ᠵᠢ ᠵᠡᠷᠭᠡ᠎ᠪᠠᠷ ᠴᠢᠬᠤᠯᠠᠴᠢᠯᠠᠭᠰᠠᠨ ᠤᠯᠠᠨ ᠡᠰᠢᠲᠦ ᠬᠠᠮᠲᠤᠷᠠᠯᠴᠠᠭ᠋ᠠᠨ᠎ᠤ ᠵᠠᠭᠪᠤᠷ᠎ᠢ ᠠᠯᠬᠤᠮ ᠠᠯᠬᠤᠮ ᠵᠶ᠋ᠠᠷ ᠪᠤᠢ ᠪᠣᠯᠭ᠋ᠠᠪᠠ᠃ ᠤᠯᠠᠨ ᠲᠠᠯᠠᠲᠤ ᠪᠣᠷᠣ ᠲᠥᠯᠥᠪ᠎ᠤᠨ ᠳᠣᠣᠷ᠎ᠠ ᠵᠣᠭᠰᠣᠯᠲᠠ ᠵᠢᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠨᠡᠩ ᠨᠢᠭᠲᠠᠷᠠᠭᠤᠯᠪᠠ᠃

      ᠺᠧᠷᠦᠮ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠮᠲᠤᠷᠠᠯᠴᠠᠭ᠎ᠠ ᠪᠣᠯ ᠳᠤᠮᠳᠠᠳᠤ ᠤᠷᠤᠰ᠎ᠤᠨ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠤᠯᠠᠨ ᠵᠢᠯ᠎ᠤᠨ ᠲᠤᠷᠰᠢ᠂ ᠬᠤᠪᠢᠶᠠᠷᠢ ᠵᠥᠪᠯᠡᠯ᠎ᠤᠨ ᠴᠢᠷᠮᠠᠢ᠌ᠯᠭ᠎ᠠ᠎ᠪᠠᠷ᠂ ᠬᠣᠶᠠᠷ ᠤᠯᠤᠰ᠎ᠤᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠷᠢᠯᠴᠠᠭ᠎ᠠ᠂ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠢᠯᠢ ᠠᠯᠤᠰᠯᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠬᠢᠯᠢ ᠬᠢᠵᠠᠭ᠋ᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠤᠷᠤᠰ᠎ᠤᠨ ᠲᠠᠯ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠣᠶᠠᠷ ᠲᠠᠯ᠎ᠠ ᠵᠢᠨ ᠬᠠᠮᠲᠤᠷᠠᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠳᠤᠮᠳᠠᠳᠤ ᠤᠷᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠎ᠠ ᠵᠢ ᠬᠦᠴᠦ᠎ᠪᠠᠨ ᠬᠠᠮᠲᠤᠳᠬᠠᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠰᠠᠨᠠᠭᠤᠯᠭ᠎ᠠ ᠵᠢ ᠵᠥᠪᠰᠢᠶᠡᠷᠡᠵᠦ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠦᠲᠦᠭᠡᠯᠴᠢ ᠴᠢᠨᠠᠷᠲᠠᠢ ᠶᠠᠷᠢᠯᠴᠠᠭ᠎ᠠ᠎ᠪᠠᠨ ᠪᠠᠲᠤᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠣᠷᠣᠨ ᠪᠦᠰᠡ ᠪᠣᠯᠣᠨ ᠪᠦᠬᠦ ᠪᠥᠮᠪᠥᠷᠴᠡᠭ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

      ᠬᠤᠷᠠᠯ᠎ᠠᠴᠠ ᠪᠣᠬᠢᠷᠲᠤᠯ᠎ᠢ ᠰᠡᠷᠭᠡᠢ᠌ᠯᠡᠨ ᠵᠠᠰᠠᠬᠤ ᠪᠠ ᠣᠷᠴᠢᠨ ᠲᠣᠭᠣᠷᠢᠨ᠎ᠤ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠣᠯᠪᠣᠭ᠎ᠠ ᠠᠪᠬᠤ ᠠᠵᠢᠯ᠎ᠤᠨ ᠳᠤᠭᠤᠢ᠌ᠯᠠᠩ ᠵᠢᠴᠢ ᠣᠷᠴᠢᠨ ᠲᠣᠭᠣᠷᠢᠨ᠎ᠤ ᠦᠨᠡᠯᠡᠯᠲᠡ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠂ ᠵᠠᠭ᠋ᠠᠭ ᠠᠯᠤᠰᠯᠠᠭᠰᠠᠨ ᠬᠠᠮᠠᠭ᠋ᠠᠯᠠᠯᠲᠠ ᠵᠢᠨ ᠣᠷᠣᠨ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠂ ᠵᠠᠭ᠋ᠠᠭ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 2023—2024 ᠣᠨ᠎ᠤ ᠡᠯ᠎ᠡ ᠠᠵᠢᠯ᠎ᠤᠨ ᠳᠤᠭᠤᠢ᠌ᠯᠠᠩ᠎ᠤᠨ ᠠᠵᠢᠯ᠎ᠤᠨ ᠲᠥᠯᠥᠪᠯᠡᠭᠡ ᠵᠢ ᠬᠢᠨᠠᠨ ᠵᠥᠪᠯᠡᠵᠦ ᠪᠠᠲᠤᠯᠠᠪᠠ᠃ ᠬᠣᠶᠠᠷ ᠲᠠᠯ᠎ᠠ᠎ᠪᠠᠷ ᠵᠶ᠋ᠠᠨ ᠥᠩᠭᠡᠷᠡᠭᠰᠡᠨ ᠨᠢᠭᠡ ᠵᠢᠯ᠎ᠳᠠᠬᠢ ᠳᠤᠮᠳᠠᠳᠤ ᠤᠷᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠎ᠠ ᠵᠢᠴᠢ ᠬᠤᠪᠢᠶᠠᠷᠢ ᠵᠥᠪᠯᠡᠯ᠎ᠤᠨ ᠡᠯ᠎ᠡ ᠠᠵᠢᠯ᠎ᠤᠨ ᠳᠤᠭᠤᠢ᠌ᠯᠠᠩ ᠪᠣᠯᠣᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠣᠯᠣᠭᠰᠠᠨ ᠦᠷ᠎ᠡ ᠪᠦᠲᠦᠭᠡᠯ᠎ᠳᠤ ᠢᠳᠡᠪᠬᠢᠲᠡᠢ ᠦᠨᠡᠯᠡᠯᠲᠡ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠵᠢᠴᠢ ᠬᠠᠮᠢᠶ᠎ᠠ ᠪᠦᠬᠦᠢ ᠭᠠᠵᠠᠷ ᠲᠠᠰᠤᠭ᠂ ᠨᠢᠭᠡᠴᠢ ᠬᠤᠷᠠᠯ᠎ᠳᠤ ᠣᠷᠣᠯᠴᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠠᠭᠤᠷᠢ ᠳᠥᠷᠪᠡᠨ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠰᠠᠢ᠌ᠳ ᠨᠠᠷ᠎ᠤᠨ ᠬᠤᠷᠠᠯ᠎ᠤᠨ ᠬᠠᠮᠲᠤᠷᠠᠭᠰᠠᠨ ᠢᠯᠡᠷᠬᠡᠢ᠌ᠯᠡᠯᠲᠡ
ᠪᠥᠬᠥ ᠪᠥᠮᠪᠥᠷᠴᠡᠭ᠎ᠤᠨ ᠬᠥᠭᠵᠢᠯᠲᠡ ᠵᠢᠨ ᠲᠥᠷᠥᠯ ᠵᠦᠢ᠍ᠯ᠎ᠤᠨ ᠬᠥᠮᠥᠷᠭᠡ᠎ᠳᠤ ᠣᠷᠣᠭᠤᠯᠬᠤ ᠲᠥᠷᠥᠯ ᠵᠦᠢ᠍ᠯ᠎ᠢ ᠴᠤᠭᠯᠠᠭᠤᠯᠬᠤ ᠲᠤᠬᠠᠢ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠠᠮᠢ ᠠᠬᠤᠢ ᠣᠷᠴᠢᠨ ᠲᠣᠭᠣᠷᠢᠨ᠎ᠤ ᠳᠤᠭᠤᠢ᠌ᠯᠠᠩ᠎ᠤᠨ ᠠᠵᠢᠯ᠎ᠤᠨ ᠠᠬᠢᠭᠤᠯᠬᠤ ᠬᠤᠷᠠᠯ ᠬᠤᠷᠠᠯᠳᠤᠪᠠ
 
             蒙ICP备05000248号