1. ᠪᠷᠠᠽᠢᠯ᠂ ᠡᠮᠦᠨᠡᠲᠦ ᠠᠹᠷᠢᠺᠠ᠂ ᠡᠨᠡᠳᠬᠡᠭ ᠪᠣᠯᠣᠨ ᠳᠤᠮᠳᠠᠳᠤ ᠤᠯᠤᠰ᠎ᠤᠨ ᠳᠥᠷᠪᠡᠨ ᠤᠯᠤᠰ᠎ᠤᠨ ᠶᠠᠮᠤᠨ᠎ᠤ ᠰᠠᠢ᠌ᠳ ᠰᠠᠭᠤᠷᠢ ᠳᠥᠷᠪᠡᠨ ᠤᠯᠤᠰ᠎ᠤᠨ ᠪᠦᠯᠦᠭᠯᠡᠯ᠎ᠢ ᠲᠥᠯᠥᠭᠡᠯᠡᠨ 2023 ᠣᠨ᠎ᠤ 9 ᠰᠠᠷ᠎ᠠ ᠵᠢᠨ 20᠎ᠤ ᠡᠳᠦᠷ ᠨᠢᠦ᠋ ᠶᠣᠷᠺ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ᠎ᠤᠨ ᠬᠤᠭᠤᠴᠠᠭ᠋ᠠᠨ᠎ᠳᠤ ᠬᠤᠷᠠᠯ ᠬᠢᠪᠡ᠃ ᠡᠯ᠎ᠡ ᠤᠯᠤᠰ᠎ᠤᠨ ᠰᠠᠢ᠌ᠳ ᠨᠠᠷ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠥᠷᠢᠰᠥᠯᠳᠦᠭᠡᠨ᠎ᠢ ᠠᠷᠭ᠋ᠠᠴᠠᠭ᠋ᠠᠬᠤ᠎ᠳᠤ ᠡᠷᠬᠡᠪᠰᠢ ᠦᠷᠭᠦᠯᠵᠢᠯᠡᠬᠦ ᠬᠥᠭᠵᠢᠯᠲᠡ ᠪᠠ ᠪᠦᠬᠦ ᠪᠥᠮᠪᠥᠷᠴᠡᠭ᠎ᠤᠨ ᠵᠠᠰᠠᠯᠲᠠ ᠬᠤᠪᠢᠰᠤᠯᠲᠠ ᠵᠢᠨ ᠠᠬᠤᠢ ᠪᠠᠶ᠋ᠢᠳᠠᠯ ᠳᠣᠣᠷ᠎ᠠ᠂ 《ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠪᠣᠷᠣ ᠲᠥᠰᠥᠪ᠎ᠤᠨ ᠨᠠᠢ᠌ᠳᠠ ᠵᠢᠨ ᠭᠡᠷ᠎ᠡ》 (ᠳᠣᠷᠣᠭᠰᠢ 《ᠨᠠᠢ᠌ᠳᠠ ᠵᠢᠨ ᠭᠡᠷ᠎ᠡ》 ᠭᠡᠵᠦ ᠳᠥᠭᠥᠮᠴᠢᠯᠡᠨ᠎ᠡ) ᠵᠢᠴᠢ 《ᠺᠢᠤᠲ᠋ᠤ᠋ ᠵᠢᠨ ᠵᠥᠪᠯᠡᠯᠴᠡᠭᠡᠷ᠎ᠤᠨ ᠪᠢᠴᠢᠭ》 ᠪᠠ 《ᠫᠠᠷᠢᠰ᠎ᠤᠨ ᠬᠡᠯᠡᠯᠴᠡᠭᠡᠷ》᠎ᠤᠨ ᠬᠠᠷᠠᠯᠲᠠ᠂ ᠵᠠᠷᠴᠢᠮ ᠪᠠ ᠲᠣᠭᠲᠠᠭ᠋ᠠᠯ ᠵᠶ᠋ᠠᠷ ᠡᠷᠡᠰ ᠪᠠᠲᠤ ᠰᠠᠭᠤᠷᠢ ᠪᠣᠯᠭ᠋ᠠᠬᠤ ᠬᠡᠷᠡᠭᠲᠡᠶ ᠭᠡᠵᠦ ᠰᠠᠨᠠᠯ ᠨᠢᠭᠡᠲᠡᠢ ᠦᠵᠡᠪᠡ᠃ ᠬᠤᠷᠠᠯ᠎ᠢ ᠪᠷᠠᠽᠢᠯ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠮᠠᠯᠢᠨᠠ · ᠰᠢᠷᠸᠠ ᠠᠪᠠᠬᠠᠢ ᠡᠷᠬᠢᠯᠡᠪᠡ᠂ ᠬᠤᠷᠠᠯ᠎ᠳᠤ ᠡᠮᠦᠨᠡᠲᠦ ᠠᠹᠷᠢᠺᠠ ᠵᠢᠨ ᠪᠦᠭᠦᠳᠡ ᠨᠠᠢ᠌ᠷᠠᠮᠳᠠᠬᠤ ᠤᠯᠤᠰ᠎ᠤᠨ ᠤᠢ ᠰᠢᠭᠤᠢ᠂ ᠵᠢᠭ᠋ᠠᠰᠤᠨ ᠠᠵᠤ ᠠᠬᠤᠢ ᠪᠣᠯᠣᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠪᠠᠪᠢᠯᠠ · ᠺᠷᠢᠰᠢ ᠠᠪᠠᠬᠠᠢ᠂ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠵᠤᠤ ᠶᠢᠩ ᠮᠢᠨ ᠠᠪᠤᠭ᠋ᠠᠢ ᠪᠣᠯᠣᠨ ᠡᠨᠡᠳᠬᠡᠭ᠎ᠤᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠳᠤ ᠪᠠᠢ᠌ᠩᠭᠤ ᠰᠠᠭᠤᠭ᠎ᠠ ᠳᠡᠳ᠋ ᠲᠥᠯᠥᠭᠡᠯᠡᠭᠴᠢ ᠯᠠᠸᠢᠨᠳᠥᠯᠠ ᠡᠯᠴᠢᠨ ᠰᠠᠢ᠌ᠳ ᠣᠷᠣᠯᠴᠠᠪᠠ᠃
2. ᠠᠭᠤᠷ ᠠᠮᠢᠰᠬᠤᠯ᠎ᠤᠨ ᠬᠤᠪᠢᠷᠠᠯᠲᠠ ᠪᠣᠯ ᠮᠠᠨ᠎ᠤ ᠣᠷᠣᠰᠢᠵᠤ ᠪᠠᠢ᠌ᠭ᠎ᠠ ᠴᠠᠭ ᠦᠶ᠎ᠡ ᠵᠢᠨ ᠬᠠᠮᠤᠭ᠎ᠤᠨ ᠶᠡᠬᠡ ᠥᠷᠢᠰᠥᠯᠳᠦᠭᠡᠨ᠎ᠤ ᠨᠢᠭᠡ ᠮᠥᠨ᠂ ᠡᠨᠡ ᠬᠦ᠌ ᠥᠷᠢᠰᠥᠯᠳᠦᠭᠡᠨ᠎ᠢ ᠠᠷᠭ᠋ᠠᠴᠠᠬᠤ᠎ᠳᠤ ᠦᠷᠭᠦᠯᠵᠢᠯᠡᠬᠦ ᠬᠥᠭᠵᠢᠯᠲᠡ ᠵᠢ ᠠᠬᠢᠭᠤᠯᠵᠤ᠂ ᠪᠦᠬᠦ ᠬᠥᠮᠥᠨ ᠲᠥᠷᠥᠯᠬᠢᠲᠡᠨ᠎ᠤ ᠡᠬᠢ ᠪᠠᠶᠠᠯᠢᠭ᠎ᠢ ᠲᠠᠢ᠍ᠢ᠍ᠴᠢᠯᠠᠨ᠂ ᠤᠯᠤᠰ᠎ᠤᠨ ᠳᠣᠲᠣᠭ᠋ᠠᠳᠤ ᠪᠠ ᠤᠯᠤᠰ᠎ᠤᠨ ᠬᠣᠭᠤᠷᠤᠨᠳᠤᠬᠢ ᠪᠦᠲᠦᠴᠡ ᠵᠢᠨ ᠴᠢᠨᠠᠷᠲᠠᠢ ᠡᠷᠬᠡ ᠲᠡᠭᠰᠢ ᠪᠤᠰᠤ ᠪᠠᠶ᠋ᠢᠳᠠᠯ᠎ᠢ ᠰᠢᠢ᠍ᠳᠪᠦᠷᠢᠯᠡᠬᠦ ᠬᠡᠷᠡᠭᠲᠡᠶ᠂ ᠡᠭᠦᠨ᠎ᠤ ᠵᠡᠷᠭᠡᠴᠡᠭᠡ᠎ᠪᠠᠷ ᠨᠠᠭᠦᠷᠡᠰᠦᠲᠦ᠋ᠷᠦᠭᠴᠢ ᠪᠠᠭ᠎ᠠ ᠪᠠ ᠠᠭᠤᠷ ᠠᠮᠢᠰᠬᠤᠯ᠎ᠤᠨ ᠤᠶᠠᠨ ᠬᠠᠳᠠᠨ ᠴᠢᠨᠠᠷᠲᠠᠢ ᠨᠡᠢ᠌ᠭᠡᠮ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠵᠠᠮ ᠳᠡᠪᠢᠰᠴᠦ ᠥᠭᠬᠦ ᠬᠡᠷᠡᠭᠲᠡᠶ ᠭᠡᠳᠡᠭ᠎ᠢ ᠰᠠᠢ᠌ᠳ ᠨᠠᠷ ᠲᠠᠨᠢᠵᠤ ᠣᠯᠵᠠᠢ᠃
3. ᠶᠠᠮᠤᠨ᠎ᠤ ᠰᠠᠢ᠌ᠳ ᠨᠠᠷ ᠭᠠᠭᠴᠠ ᠲᠠᠯ᠎ᠠ ᠵᠢᠨ ᠦᠵᠡᠯ᠂ ᠠᠷᠠᠯᠵᠢᠶᠠᠨ᠎ᠤ ᠬᠠᠮᠠᠭ᠋ᠠᠯᠠᠬᠤ ᠦᠵᠡᠯ ᠪᠣᠯᠣᠨ ᠤᠯᠠᠨ ᠤᠯᠤᠰ᠎ᠤᠨ ᠬᠠᠮᠲᠤᠷᠠᠯᠴᠠᠭ᠎ᠠ ᠵᠢᠨ ᠰᠠᠯᠵᠤ ᠪᠤᠳᠠᠷᠠᠬᠤ ᠬᠠᠨᠳᠤᠰᠢ ᠵᠢᠨ ᠢᠲᠡᠭᠡᠯ᠎ᠢ ᠬᠣᠬᠢᠷᠠᠭᠤᠯᠵᠤ ᠪᠠᠶ᠋ᠢᠬᠤ ᠵᠢ ᠭᠦᠨᠵᠡᠭᠡᠢ ᠠᠩᠬᠠᠷᠴᠤ᠂ ᠡᠭᠦᠨ᠎ᠤ ᠤᠯᠠᠮ ᠵᠶ᠋ᠠᠷ ᠠᠤᠭ᠎ᠠ ᠵᠤᠷᠢᠯᠳᠠᠳᠤ ᠠᠭᠤᠷ ᠠᠮᠢᠰᠬᠤᠯ᠎ᠤᠨ ᠠᠵᠢᠯᠯᠠᠭ᠎ᠠ᠎ᠳᠤ ᠠᠶᠤᠯ ᠤᠴᠠᠷᠠᠭᠤᠯᠵᠤ᠂ ᠰᠠᠭᠤᠷᠢ ᠳᠥᠷᠪᠡᠨ ᠤᠯᠤᠰ᠎ᠤᠨ ᠤᠳᠤᠷᠢᠳᠬᠤ ᠬᠦᠴᠦᠨ ᠪᠣᠯᠣᠨ ᠬᠠᠮᠲᠤᠷᠠᠭᠰᠠᠨ ᠠᠵᠢᠯᠯᠠᠭ᠎ᠠ ᠵᠢ ᠴᠢᠩᠭ᠋ᠠᠳᠬᠠᠨ ᠭᠦᠨᠵᠡᠭᠡᠢ᠌ᠷᠡᠭᠦᠯᠬᠦ᠎ᠪᠠᠷ ᠠᠮᠠᠯᠠᠵᠤ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠠᠰᠢᠭ ᠦᠭᠡᠢ ᠨᠥᠯᠥᠭᠡ ᠵᠢ ᠡᠰᠡᠷᠭᠦᠴᠡᠬᠦ ᠤᠶᠠᠨ ᠬᠠᠳᠠᠨ ᠴᠢᠨᠠᠷ᠎ᠢ ᠨᠡᠮᠡᠭᠳᠡᠭᠦᠯᠬᠦ᠂ ᠬᠠᠷᠰᠢ ᠰᠠᠭ᠋ᠠᠳ ᠦᠭᠡᠢ᠎ᠪᠠᠷ ᠮᠡᠷᠭᠡᠵᠢᠯ᠎ᠢ ᠰᠢᠯᠵᠢᠭᠦᠯᠦᠨ ᠥᠭᠬᠦ ᠵᠢ ᠠᠬᠢᠭᠤᠯᠬᠤ ᠵᠢᠨ ᠬᠠᠮᠲᠤ ᠰᠢᠨᠵᠢᠯᠡᠬᠦ ᠤᠬᠠᠭ᠋ᠠᠨᠴᠢ ᠠᠭᠤᠷ ᠠᠮᠢᠰᠬᠤᠯ᠎ᠤᠨ ᠮᠡᠳᠡᠯᠭᠡ ᠵᠢ ᠨᠡᠮᠡᠭᠳᠡᠭᠦᠯᠬᠦ᠂ ᠣᠨᠴᠠᠭ᠋ᠠᠢ᠌ᠯᠠᠨ ᠬᠥᠭᠵᠢᠵᠦ ᠪᠠᠢ᠌ᠭ᠎ᠠ ᠤᠯᠤᠰ᠎ᠲᠤ ᠲᠤᠰ ᠭᠠᠵᠠᠷ᠎ᠤᠨ ᠥᠷᠲᠡᠭ᠎ᠢ ᠡᠭᠦᠳᠬᠦ ᠪᠠ ᠲᠤᠬᠠᠢ ᠵᠢᠨ ᠭᠠᠵᠠᠷ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠵᠣᠷᠢᠯᠭ᠎ᠠ ᠪᠣᠯᠭ᠋ᠠᠪᠠ᠃
4. ᠶᠠᠮᠤᠨ᠎ᠤ ᠰᠠᠢ᠌ᠳ ᠨᠠᠷ ᠳᠡᠯᠡᠬᠡᠢ ᠨᠠᠢ᠌ᠳᠠ᠎ᠪᠠᠷ ᠵᠶ᠋ᠡᠨ ᠪᠦᠯᠬᠦᠮᠳᠡᠨ ᠨᠢᠭᠡᠳᠴᠦ᠂ ᠬᠠᠮᠲᠤ᠎ᠪᠠᠷ ᠪᠣᠰᠴᠤ ᠵᠣᠭᠰᠣᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠭᠠᠷ ᠬᠣᠯᠪᠣᠨ ᠠᠷᠭ᠋ᠠᠴᠠᠭ᠋ᠠᠬᠤ ᠵᠢ ᠱᠠᠭ᠋ᠠᠷᠳᠠᠵᠤ ᠪᠠᠢ᠌ᠨ᠎ᠠ᠃ ᠲᠠᠲᠠ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠦᠷᠭᠦᠯᠵᠢᠯᠡᠬᠦ ᠬᠥᠭᠵᠢᠯᠲᠡ ᠵᠢᠨ ᠬᠠᠷᠠᠯᠲᠠ (SDGs) ᠵᠢ ᠪᠡᠶᠡᠯᠡᠭᠦᠯᠬᠦ᠎ᠳᠤ ᠡᠷᠬᠡᠪᠰᠢ ᠳᠡᠯᠡᠬᠡᠢ ᠨᠡᠢ᠌ᠭᠡᠮ᠎ᠤᠨ ᠲᠡᠷᠢᠭᠦᠨ ᠴᠢᠬᠤᠯᠠ ᠵᠦᠢ᠍ᠯ ᠪᠣᠯᠭ᠋ᠠᠬᠤ ᠬᠡᠷᠡᠭᠲᠡᠢ᠂ ᠤᠴᠢᠷ᠎ᠨᠢ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠨᠢ ᠨᠡᠢ᠌ᠭᠡᠮ᠂ ᠠᠵᠤ ᠠᠬᠤᠢ ᠪᠣᠯᠣᠨ ᠣᠷᠴᠢᠨ ᠲᠣᠭᠣᠷᠢᠨ᠎ᠤ ᠰᠢᠰᠲ᠋ᠧᠮ᠎ᠤᠨ ᠴᠢᠨᠠᠷᠲᠠᠢ ᠤᠷᠳᠤ ᠬᠤᠭᠤᠴᠠᠭ᠋ᠠᠨ᠎ᠤ ᠰᠢᠢ᠍ᠳᠪᠦᠷᠢᠯᠡᠬᠦ ᠲᠥᠰᠥᠯ᠎ᠢ ᠬᠠᠩᠭ᠋ᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠪᠤᠳᠤᠯᠢᠶᠠᠨᠲᠤ ᠴᠢᠨᠠᠷ᠎ᠢ ᠠᠷᠭ᠋ᠠᠴᠠᠭ᠋ᠠᠬᠤ ᠵᠢᠨ ᠲᠥᠯᠥᠭᠡ ᠶᠤᠮ ᠭᠡᠵᠦ ᠵᠢᠭ᠋ᠠᠵᠤ ᠭᠠᠷᠭ᠋ᠠᠪᠠ᠃ ᠲᠠᠲᠠ᠂ ᠨᠡᠢ᠌ᠭᠡᠮ᠎ᠤᠨ ᠠᠵᠤ ᠠᠬᠤᠢ ᠵᠢᠨ ᠥᠷᠢᠰᠥᠯᠳᠦᠭᠡᠨ᠎ᠨᠢ ᠬᠥᠭᠵᠢᠵᠦ ᠪᠠᠢ᠌ᠭ᠎ᠠ ᠤᠯᠤᠰ᠎ᠤᠳ᠎ᠲᠤ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠠᠪᠴᠢᠷᠠᠵᠤ ᠥᠭᠴᠡᠢ᠂ 《ᠨᠠᠢ᠌ᠳᠠ ᠵᠢᠨ ᠭᠡᠷ᠎ᠡ》 ᠵᠢᠨ ᠡᠴᠦᠰ᠎ᠤᠨ ᠬᠠᠷᠠᠯᠲᠠ ᠵᠢᠴᠢ 《ᠫᠠᠷᠢᠰ᠎ᠤᠨ ᠬᠡᠯᠡᠯᠴᠡᠭᠡᠷ》᠎ᠤᠨ ᠤᠷᠳᠤ ᠬᠤᠭᠤᠴᠠᠭ᠋ᠠᠨ᠎ᠤ ᠬᠠᠷᠠᠯᠲᠠ ᠵᠢ ᠪᠡᠶᠡᠯᠡᠭᠦᠯᠬᠦ᠎ᠳᠤ ᠡᠷᠬᠡᠪᠰᠢ ᠡᠲᠡᠭᠡᠷ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠳᠡ ᠪᠦᠬᠦ ᠪᠥᠮᠪᠥᠷᠴᠡᠭ ᠵᠶ᠋ᠡᠷ ᠵᠶ᠋ᠡᠨ ᠪᠦᠯᠬᠦᠮᠳᠡᠨ ᠨᠢᠭᠡᠳᠴᠦ᠂ ᠨᠢᠭᠡ ᠤᠯᠤᠰ᠂ ᠭᠠᠵᠠᠷ ᠣᠷᠣᠨ ᠪᠤᠶᠤ ᠬᠤᠪᠢ ᠬᠥᠮᠥᠨ ᠴᠦ᠍ ᠡᠩᠨᠡᠭᠡ᠎ᠠᠴᠠ᠎ᠪᠠᠨ ᠬᠣᠴᠣᠷᠬᠤ ᠦᠭᠡᠢ ᠪᠠᠶ᠋ᠢᠬᠤ ᠵᠢ ᠪᠠᠲᠤᠯᠠᠬᠤ ᠵᠢ ᠤᠷᠢᠶᠠᠯᠠᠵᠤ ᠪᠠᠢ᠌ᠨ᠎ᠠ᠃ ᠲᠡᠳᠡ᠂ ᠰᠠᠭᠤᠷᠢ ᠪᠣᠯᠬᠤ ᠳᠦᠷᠪᠡᠨ ᠤᠯᠤᠰ ᠳᠤᠷᠠᠲᠠᠶ᠎ᠠ ᠠᠭᠤᠷ ᠠᠮᠢᠰᠬᠤᠯ᠎ᠤᠨ ᠥᠷᠢᠰᠥᠯᠳᠦᠭᠡᠨ᠎ᠢ ᠠᠷᠭ᠋ᠠᠴᠠᠭ᠋ᠠᠬᠤ᠎ᠳᠤ ᠬᠠᠮᠤᠭ᠎ᠤᠨ ᠶᠡᠬᠡ ᠴᠢᠷᠮᠠᠢ᠌ᠯᠭ᠎ᠠ ᠭᠠᠷᠭ᠋ᠠᠵᠤ ᠬᠤᠪᠢ ᠨᠡᠮᠡᠷᠢ ᠦᠵᠡᠭᠦᠯᠬᠦ ᠵᠢᠨ ᠬᠠᠮᠲᠤ ᠪᠤᠢ ᠪᠦᠬᠦᠢ ᠤᠯᠤᠰ᠎ᠲᠠᠢ ᠬᠠᠮᠲᠤᠷᠠᠯᠴᠠᠭ᠎ᠠ ᠥᠷᠨᠢᠭᠦᠯᠦᠨ᠎ᠡ ᠭᠡᠵᠦ ᠳᠠᠪᠲᠠᠨ ᠢᠯᠡᠷᠬᠡᠢ᠌ᠯᠡᠪᠡ᠃
5. ᠠᠭᠤᠷ ᠠᠮᠢᠰᠬᠤᠯ᠎ᠤᠨ ᠠᠵᠢᠯᠯᠠᠭ᠎ᠠ ᠵᠢᠨ ᠬᠣᠶ᠋ᠢᠷᠭᠣ ᠴᠢᠨᠠᠷ᠎ᠢ ᠡᠪᠳᠡᠬᠦ ᠵᠢᠨ ᠲᠥᠯᠥᠭᠡ᠂ ᠰᠠᠢ᠌ᠳ ᠨᠠᠷ ᠰᠠᠭᠤᠷᠢ ᠳᠥᠷᠪᠡᠨ ᠤᠯᠤᠰ᠎ᠤᠨ ᠤᠳᠤᠷᠢᠳᠬᠤ ᠬᠦᠴᠦᠨ᠎ᠢ ᠴᠢᠩᠭ᠋ᠠᠳᠬᠠᠬᠤ᠎ᠪᠠᠷ ᠳᠠᠮᠵᠢᠭᠤᠯᠤᠨ᠂ 《ᠨᠠᠢ᠌ᠳᠠ ᠵᠢᠨ ᠭᠡᠷ᠎ᠡ》 ᠵᠢᠨ 28 ᠳ᠋ᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ (COP28)᠎ᠠᠴᠠ 30 ᠳ᠋ᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ (COP30) ᠪᠣᠯᠣᠨ ᠲᠡᠭᠦᠨ᠎ᠤ ᠳᠠᠷᠠᠭ᠋ᠠᠬᠢ ᠰᠠᠭᠤᠷᠢ ᠳᠥᠷᠪᠡᠨ ᠤᠯᠤᠰ᠎ᠤᠨ ᠬᠠᠮᠲᠤᠷᠠᠯᠴᠠᠭ᠎ᠠ᠎ᠳᠤ ᠰᠢᠨ᠎ᠡ ᠬᠦᠰᠡᠯ ᠡᠷᠡᠮᠡᠯᠵᠡᠯ ᠳᠤᠷᠠᠳᠬᠤ ᠵᠢ ᠵᠥᠪᠰᠢᠶᠡᠷᠡᠪᠡ᠂ ᠡᠭᠦᠨ᠎ᠳᠤ᠄ ᠨᠢᠭᠡ᠎ᠳᠤ ᠰᠠᠭᠤᠷᠢ ᠳᠥᠷᠪᠡᠨ ᠤᠯᠤᠰ᠎ᠤᠨ ᠤᠯᠠᠨ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠵᠥᠪᠯᠡᠬᠦ ᠵᠦᠢ᠍ᠯ᠎ᠤᠨ ᠲᠠᠯ᠎ᠠ᠎ᠪᠠᠷ᠎ᠬᠢ ᠵᠣᠬᠢᠴᠠᠭᠤᠯᠭ᠎ᠠ ᠵᠢ ᠴᠢᠩᠭ᠋ᠠᠳᠬᠠᠵᠤ᠂ 《ᠨᠠᠢ᠌ᠳᠠ ᠵᠢᠨ ᠭᠡᠷ᠎ᠡ》 ᠵᠢᠨ ᠳᠣᠣᠷᠠᠬᠢ ᠤᠯᠠᠨ ᠲᠠᠯᠠᠲᠤ ᠠᠭᠤᠷ ᠠᠮᠢᠰᠬᠤᠯ᠎ᠤᠨ ᠳᠦᠷᠢᠮ᠎ᠳᠤ ᠠᠩᠬᠠᠷᠤᠯ ᠵᠶ᠋ᠠᠨ ᠲᠥᠪᠯᠡᠷᠡᠭᠦᠯᠪᠡ; ᠬᠣᠶᠠᠷ᠎ᠲᠤ ᠡᠯ᠎ᠡ ᠤᠯᠤᠰ᠎ᠤᠨ ᠰᠢᠨᠵᠢᠯᠡᠬᠦ ᠤᠬᠠᠭ᠋ᠠᠨ ᠪᠠ ᠡᠷᠳᠡᠮ ᠰᠢᠨᠵᠢᠯᠡᠭᠡᠨ᠎ᠤ ᠶᠠᠷᠢᠯᠴᠠᠭ᠎ᠠ ᠵᠢ ᠭᠦᠢ᠍ᠴᠡᠳ ᠠᠰᠢᠭᠯᠠᠪᠠ᠃ ᠭᠤᠷᠪᠠ᠎ᠳᠤ ᠦᠷᠭᠦᠯᠵᠢᠯᠡᠬᠦ ᠬᠥᠭᠵᠢᠯᠲᠡ ᠪᠠ ᠳᠦᠷᠦᠯ ᠵᠦᠢ᠍ᠯ᠎ᠢ ᠬᠡᠷᠡᠭᠵᠢᠭᠦᠯᠬᠦ ᠲᠠᠯ᠎ᠠ᠎ᠪᠠᠷ᠎ᠬᠢ ᠬᠠᠮᠲᠤᠷᠠᠭᠰᠠᠨ ᠠᠵᠢᠯᠯᠠᠭ᠎ᠠ ᠪᠠ ᠬᠠᠮᠲᠤᠷᠠᠯᠴᠠᠭ᠎ᠠ ᠵᠢ ᠥᠷᠭᠡᠳᠬᠡᠪᠡ᠃
6. ᠶᠠᠮᠤᠨ᠎ᠤ ᠰᠠᠢ᠌ᠳ ᠨᠠᠷ ᠴᠢᠬᠤᠯᠠᠴᠢᠯᠠᠭᠰᠠᠨ᠎ᠨᠢ᠂ ᠬᠡᠳᠦᠶ᠋ᠢᠪᠡᠷ ᠪᠦᠬᠦ ᠪᠥᠮᠪᠥᠷᠴᠡᠭ᠎ᠤᠨ ᠠᠵᠤ ᠠᠬᠤᠢ ᠵᠢᠨ ᠪᠠᠭᠤᠷᠠᠯᠲᠠ ᠪᠠ ᠠᠵᠤ ᠠᠬᠤᠢ ᠵᠢᠨ ᠰᠡᠷᠭᠦᠯᠲᠡ ᠵᠢᠨ ᠦᠶ᠎ᠡ᠎ᠳᠤ ᠯᠤᠲᠤ ᠶᠡᠬᠡ ᠬᠥᠭᠵᠢᠯᠲᠡ ᠵᠢᠨ ᠥᠷᠢᠰᠥᠯᠳᠦᠭᠡᠨ ᠪᠠ ᠶᠠᠳᠠᠭᠤ ᠬᠦᠴᠢᠷᠳᠡᠯ᠎ᠢ ᠠᠷᠢᠯᠭ᠋ᠠᠬᠤ ᠳᠠᠷᠤᠯᠲᠠ᠎ᠳᠤ ᠲᠤᠯᠭ᠋ᠠᠷᠠᠵᠤ ᠪᠠᠢ᠌ᠭ᠎ᠠ ᠪᠣᠯᠪᠠᠴᠤ ᠰᠠᠭᠤᠷᠢ ᠳᠥᠷᠪᠡᠨ ᠤᠯᠤᠰ ᠦᠷᠭᠦᠯᠵᠢᠯᠡᠨ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂ ᠦᠷᠭᠦᠯᠵᠢᠯᠡᠬᠦ ᠬᠥᠭᠵᠢᠯᠲᠡ ᠵᠢᠨ ᠴᠢᠬᠤᠯᠠ ᠡᠭᠦᠷᠭᠡ ᠵᠢᠨ ᠠᠬᠤᠢ ᠪᠠᠶ᠋ᠢᠳᠠᠯ᠎ᠤᠨ ᠳᠣᠣᠷ᠎ᠠ᠂ ᠲᠡᠭᠦᠨ᠎ᠤ ᠠᠭᠤᠷ ᠠᠮᠢᠰᠬᠤᠯ᠎ᠤᠨ ᠠᠵᠢᠯᠯᠠᠭ᠋ᠠᠨ᠎ᠤ ᠬᠠᠮᠤᠭ᠎ᠤᠨ ᠶᠡᠬᠡ ᠠᠤᠭ᠎ᠠ ᠵᠣᠷᠢᠭ᠎ᠢ ᠬᠠᠷᠠᠭᠤᠯᠤᠨ᠎ᠠ :
ᠪᠷᠠᠽᠢᠯ 2023 ᠣᠨ᠎ᠳᠤ ᠤᠯᠠᠨ ᠤᠯᠤᠰ᠎ᠤᠨ ᠵᠥᠪᠯᠡᠬᠦ ᠵᠦᠢ᠍ᠯ᠎ᠳᠡᠭᠡᠨ ᠲᠠᠬᠢᠨ ᠪᠤᠴᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠪᠷᠠᠽᠢᠯ᠎ᠤᠨ ᠵᠠᠰᠠᠭ᠎ᠤᠨ ᠣᠷᠳᠣᠨ᠎ᠤ ᠲᠡᠷᠢᠭᠦᠨ ᠴᠢᠬᠤᠯᠠ ᠶᠠᠪᠤᠳᠠᠯ ᠪᠣᠯᠭ᠋ᠠᠬᠤ ᠵᠢᠨ ᠬᠠᠮᠲᠤ ᠥᠯᠥᠰᠬᠦᠯᠡᠩ᠂ ᠶᠠᠳᠠᠭᠤ ᠬᠦᠴᠢᠷᠳᠡᠯ ᠪᠠ ᠡᠷᠬᠡ ᠲᠡᠭᠰᠢ ᠪᠤᠰᠤ ᠪᠠᠶ᠋ᠢᠳᠠᠯ᠎ᠢ ᠴᠢᠷᠮᠠᠢ᠌ᠨ ᠠᠷᠢᠯᠭ᠋ᠠᠪᠠ᠃ ᠪᠷᠠᠽᠢᠯ᠎ᠤᠨ᠎ᠬᠢᠨ ᠤᠯᠠᠨ ᠲᠠᠯᠠᠲᠤ ᠦᠵᠡᠯ᠎ᠢ ᠴᠢᠩᠭ᠋ᠠᠳᠬᠠᠬᠤ᠎ᠪᠠᠷ ᠡᠷᠡᠰ ᠴᠢᠷᠮᠠᠢ᠌ᠵᠤ᠂ ᠠᠮᠠᠽᠤᠨᠠᠰ ᠬᠤᠳᠠ ᠵᠢᠨ ᠪᠸᠢᠢ᠍ᠯᠦᠢ᠌ᠨᠳᠤ COP30 ᠵᠢ ᠭᠤᠶᠤᠴᠢᠯᠠᠨ ᠡᠷᠬᠢᠯᠡᠵᠡᠢ᠃ ᠡᠭᠦᠨ᠎ᠤ ᠬᠠᠮᠲᠤ᠂ ᠣᠲᠣ ᠵᠢᠨ ᠬᠠᠮᠤᠭ᠎ᠤᠨ ᠰᠠᠢ᠍ᠢ᠍ᠨ ᠰᠢᠨᠵᠢᠯᠡᠬᠦ ᠤᠬᠠᠭ᠋ᠠᠨᠴᠢ ᠰᠡᠷᠡᠮᠵᠢᠯᠡᠭᠦᠯᠦᠯ᠎ᠤᠨ ᠲᠤᠯᠭ᠋ᠠᠮ᠎ᠠ ᠰᠡᠳᠬᠢᠯᠭᠡ ᠪᠣᠯᠣᠨ ᠬᠦᠨᠳᠦ ᠨᠣᠴᠢᠲᠠᠢ ᠴᠢᠨᠠᠷ᠎ᠤᠨ ᠠᠬᠢᠭᠤᠯᠤᠯ ᠳᠣᠣᠷ᠎ᠠ᠂ ᠪᠷᠠᠽᠢᠯ᠎ᠤᠨ᠎ᠬᠢᠨ 2023 ᠣᠨ᠎ᠤ 8 ᠰᠠᠷ᠎ᠠ᠎ᠳᠤ ᠪᠸᠢᠢ᠍ᠯᠦᠢ᠌ᠨᠳᠤ ᠠᠮᠠᠽᠤᠨᠠᠰᠤᠨ ᠲᠦᠷᠦᠭᠦᠴᠦᠳ᠎ᠤᠨ ᠬᠤᠷᠠᠯ᠎ᠢ ᠡᠷᠬᠢᠯᠡᠬᠦ᠎ᠪᠠᠷ ᠳᠤᠷᠠᠳᠪᠠ᠃ ᠪᠣᠯᠣᠨᠤ ᠲᠤᠩᠬᠠᠭ ᠪᠣᠯ ᠲᠡᠦᠬᠡᠨ ᠳᠡᠭᠡᠷᠡᠬᠢ ᠠᠩᠬᠠᠳᠠᠭᠴᠢ ᠠᠮᠠᠽᠤᠨᠤ ᠵᠠᠭ᠋ᠠᠭ ᠴᠡᠭ᠎ᠤᠨ ᠠᠶᠤᠯ ᠲᠦᠭᠰᠢᠭᠦᠷᠢ ᠵᠢ ᠲᠠᠨᠢᠭᠰᠠᠨ ᠤᠯᠤᠰ ᠲᠥᠷᠥ ᠵᠢᠨ ᠪᠢᠴᠢᠭ ᠮᠠᠲ᠋ᠧᠷᠢᠶᠠᠯ ᠪᠣᠯᠣᠨ᠎ᠠ᠃ ᠶᠡᠷᠦᠩᠬᠡᠢ᠌ᠯᠡᠭᠴᠢ ᠯᠦᠯᠠ ᠲᠤᠰᠢᠶᠠᠯ᠎ᠳᠤ ᠭᠠᠷᠤᠭᠰᠠᠨ᠎ᠠᠴᠠ ᠨᠠᠰᠢ ᠪᠷᠠᠽᠢᠯ ᠨᠢᠭᠡᠨᠲᠡ 《ᠣᠢ ᠰᠢᠭᠤᠢ ᠵᠢ ᠣᠭᠲᠣ ᠰᠦᠢ᠍ᠳᠬᠡᠬᠦ ᠦᠭᠡᠢ》 ᠭᠡᠰᠡᠨ ᠠᠮᠠᠯᠠᠯᠲᠠ ᠭᠠᠷᠭ᠋ᠠᠭᠰᠠᠨ ᠪᠥᠭᠡᠳ ᠡᠭᠦᠨ᠎ᠤ ᠵᠡᠷᠭᠡ᠎ᠳᠤ ᠠᠮᠠᠽᠤᠨᠤ ᠰᠠᠭᠤᠷᠢ ᠮᠥᠩᠭᠥ ᠪᠣᠯᠣᠨ 《ᠠᠮᠠᠽᠤᠨᠤ ᠬᠠᠤᠯᠢ ᠶᠣᠰᠣᠨ᠎ᠤ ᠣᠢ ᠰᠢᠭᠤᠢ ᠵᠢ ᠣᠭᠲᠣᠯᠬᠤ ᠵᠢ ᠰᠡᠷᠭᠡᠢ᠌ᠯᠡᠨ ᠬᠢᠵᠠᠭ᠋ᠠᠷᠯᠠᠬᠤ ᠠᠵᠢᠯᠯᠠᠭ᠋ᠠᠨ᠎ᠤ ᠲᠥᠯᠥᠪᠯᠡᠭᠡ》(PPCDAm) ᠵᠢᠴᠢ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠬᠣᠭᠤᠷᠤᠨᠳᠤᠬᠢ ᠺᠣᠮᠢᠰ (CIM)᠎ᠢ ᠳᠠᠬᠢᠨ ᠰᠢᠨ᠎ᠡ᠎ᠪᠠᠷ ᠡᠬᠢᠯᠡᠭᠦᠯᠦᠭᠰᠡᠨ ᠪᠠᠢ᠌ᠨ᠎ᠠ᠂ ᠲᠤᠰ ᠺᠣᠮᠢᠰ᠎ᠠᠴᠠ ᠪᠷᠠᠽᠢᠯ᠎ᠤᠨ ᠤᠯᠤᠰ᠎ᠤᠳ᠎ᠤᠨ ᠪᠡᠶ᠎ᠡ᠎ᠪᠠᠨ ᠳᠠᠭ᠋ᠠᠭ᠋ᠠᠭᠰᠠᠨ ᠬᠤᠪᠢ ᠨᠡᠮᠡᠷᠢ ᠵᠢ 2015 ᠣᠨ᠎ᠳᠤ ᠠᠩᠬ᠎ᠠ ᠳᠤᠷᠠᠳᠤᠭᠰᠠᠨ ᠬᠠᠷᠢᠴᠠᠯᠠᠰᠢᠭᠦᠢ ᠬᠡᠮᠵᠢᠶᠡᠨ᠎ᠳᠤ ᠬᠦᠷᠲᠡᠯ᠎ᠡ ᠰᠢᠨᠡᠳᠬᠡᠬᠦ᠎ᠪᠠᠷ ᠲᠣᠭᠲᠠᠭᠰᠠᠨ ᠪᠠᠢ᠌ᠨ᠎ᠠ᠃ ᠰᠢᠨᠡᠳᠬᠡᠭᠰᠡᠨᠤ ᠳᠠᠷᠠᠭ᠋ᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠬᠤᠪᠢ ᠨᠡᠮᠡᠷᠢ᠎ᠨᠢ 2005 ᠣᠨ᠎ᠤ᠎ᠬᠢ᠎ᠲᠠᠢ ᠬᠠᠷᠢᠴᠠᠭᠤᠯᠪᠠᠯ᠂ 2025 ᠣᠨ᠎ᠤ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ᠎ᠠᠴᠠ ᠡᠮᠦᠨ᠎ᠡ 37% ᠪᠠᠢ᠌ᠭᠰᠠᠨ᠎ᠠᠴᠠ᠎ᠪᠠᠨ 48% ᠪᠣᠯᠣᠨ ᠳᠡᠭᠡᠭᠰᠢᠯᠡᠵᠦ᠂ 2030 ᠣᠨ᠎ᠠᠴᠠ ᠡᠮᠦᠨ᠎ᠡ 50% ᠪᠠᠢ᠌ᠭᠰᠠᠨ᠎ᠠᠴᠠ᠎ᠪᠠᠨ 53% ᠪᠣᠯᠣᠨ ᠳᠡᠭᠡᠭᠰᠢᠯᠡᠵᠡᠢ᠃ 2023 ᠣᠨ᠎ᠤ 8 ᠰᠠᠷ᠎ᠠ᠎ᠳᠤ᠂ ᠪᠷᠠᠽᠢᠯ᠎ᠤᠨ ᠵᠠᠰᠠᠭ᠎ᠤᠨ ᠣᠷᠳᠣᠨ ᠪᠦᠬᠦ ᠠᠵᠤ ᠠᠬᠤᠢ ᠵᠢᠨ ᠬᠡᠪᠴᠢᠶᠡᠨ᠎ᠤ 《ᠠᠮᠢ ᠠᠬᠤᠢ ᠵᠢᠨ ᠬᠡᠯᠪᠡᠷᠢ ᠵᠢ ᠬᠤᠪᠢᠷᠠᠭᠤᠯᠬᠤ ᠲᠥᠯᠥᠪᠯᠡᠭᠡ》 ᠵᠢ ᠨᠡᠢ᠌ᠲᠡᠯᠡᠵᠦ᠂ ᠪᠷᠠᠽᠢᠯ᠎ᠤᠨ ᠢᠷᠡᠭᠡᠳᠦᠢ ᠵᠢᠨ ᠠᠵᠤ ᠠᠬᠤᠢ ᠵᠢᠨ ᠨᠡᠮᠡᠭᠳᠡᠯ᠂ ᠨᠡᠢ᠌ᠭᠡᠮ᠎ᠤᠨ ᠪᠠᠭᠲᠠᠭ᠋ᠠᠮᠵᠢᠲᠠᠢ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠯᠤᠰ᠎ᠤᠨ ᠲᠥᠯᠥᠪ᠎ᠢ ᠪᠡᠬᠢᠵᠢᠭᠦᠯᠪᠡ᠃ ᠰᠢᠨ᠎ᠡ ᠵᠠᠰᠠᠭ᠎ᠤᠨ ᠣᠷᠳᠣᠨ ᠵᠠᠰᠠᠭ ᠪᠠᠷᠢᠭᠰᠠᠨ ᠲᠦᠷᠦᠭᠦᠦ ᠨᠠᠢ᠍ᠮᠠᠨ ᠰᠠᠷ᠎ᠠ᠎ᠳᠤ᠂ ᠪᠷᠠᠽᠢᠯ᠎ᠤᠨ ᠤᠢ ᠰᠢᠭᠤᠢ ᠵᠢ ᠣᠭᠲᠣᠯᠣᠭᠰᠠᠨ ᠬᠡᠮᠵᠢᠶ᠎ᠡ 48% ᠵᠢᠨᠷ ᠪᠠᠭ᠋ᠠᠰᠪᠠ᠂ ᠵᠥᠪᠬᠡᠨ ᠡᠨᠡ ᠨᠢᠭᠡ ᠵᠦᠢ᠍ᠯ᠎ᠨᠢ 2 ᠳ᠋ᠦᠩᠰᠢᠭᠤᠷ ᠲᠣᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ᠎ᠠᠴᠠ ᠵᠠᠢ᠌ᠯᠠᠰᠬᠢᠵᠦ ᠴᠢᠳᠠᠵᠠᠢ᠃ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠬᠠᠷᠢᠭᠤᠴᠠᠯᠭ᠎ᠠ ᠪᠠ ᠥᠪᠡᠷ ᠥᠪᠡᠷ᠎ᠤᠨ ᠴᠢᠳᠠᠪᠤᠷᠢ ᠵᠢᠨ ᠵᠠᠷᠴᠢᠮ᠎ᠤᠨ ᠲᠥᠯᠥᠭᠡ ᠴᠢᠷᠮᠠᠢ᠌ᠬᠤ ᠵᠢᠨ ᠬᠠᠮᠲᠤ᠂ ᠪᠷᠠᠽᠢᠯ ᠪᠠᠰᠠ ᠥᠪᠡᠷ᠎ᠤᠨ ᠬᠠᠮᠤᠭ᠎ᠤᠨ ᠬᠡᠪᠡᠷᠡᠭ ᠤᠯᠤᠰ᠎ᠲᠤ ᠠᠳᠠᠯᠢᠬᠠᠨ ᠠᠳᠠᠯᠢ ᠪᠤᠰᠤ ᠬᠠᠷᠢᠭᠤᠴᠠᠯᠭ᠎ᠠ᠎ᠲᠠᠢ ᠪᠠᠶ᠋ᠢᠬᠤ᠎ᠪᠠᠨ ᠲᠣᠳᠣᠷᠬᠠᠢ ᠲᠠᠨᠢᠭᠰᠠᠨ ᠪᠥᠭᠡᠳ ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳ ᠭᠦᠢ᠍ᠴᠡᠳᠬᠡᠬᠦ ᠪᠣᠯᠣᠨ᠎ᠠ᠃
ᠡᠮᠦᠨᠡᠲᠦ ᠠᠹᠷᠢᠺᠠ ᠶᠠᠳᠠᠭᠤ ᠬᠦᠴᠢᠷᠳᠡᠯ᠂ ᠡᠷᠬᠡ ᠲᠡᠭᠰᠢ ᠪᠤᠰᠤ ᠪᠠ ᠠᠵᠢᠯ ᠠᠯᠳᠠᠬᠤ ᠵᠡᠷᠭᠡ ᠭᠤᠷᠪᠠᠨ ᠳᠠᠪᠬᠤᠷ ᠥᠷᠢᠰᠥᠯᠳᠦᠭᠡᠨ᠎ᠢ ᠴᠢᠷᠮᠠᠢ᠌ᠨ ᠠᠷᠭ᠋ᠠᠴᠠᠵᠤ ᠪᠠᠢ᠌ᠭ᠎ᠠ ᠠᠬᠤᠢ ᠪᠠᠶ᠋ᠢᠳᠠᠯ ᠳᠣᠣᠷ᠎ᠠ᠂ ᠲᠡᠭᠦᠨ᠎ᠤ 《ᠤᠯᠤᠰ᠎ᠤᠨ ᠬᠥᠭᠵᠢᠯᠲᠡ ᠵᠢᠨ ᠲᠥᠯᠥᠪᠯᠡᠭᠡ》᠂ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠤᠯᠤᠰ᠎ᠤᠨ ᠪᠣᠷᠣ ᠲᠥᠯᠥᠪ ᠵᠢᠴᠢ ᠠᠭᠤᠷ ᠠᠮᠢᠰᠬᠤᠯ᠎ᠳᠤ ᠵᠣᠬᠢᠴᠠᠬᠤ ᠪᠠ ᠨᠠᠮᠳᠠᠭᠤᠯᠬᠤ᠎ᠳᠤ ᠴᠢᠭᠯᠡᠭᠦᠯᠦᠭᠰᠡᠨ ᠪᠣᠳᠠᠲᠠᠢ ᠪᠠᠢ᠌ᠯᠳᠤᠬᠤ ᠪᠣᠳᠣᠯᠭ᠎ᠠ᠂ ᠬᠠᠤᠯᠢ ᠲᠣᠭᠲᠠᠭ᠋ᠠᠯᠲᠠ ᠪᠠ ᠬᠠᠤᠯᠢ ᠲᠣᠭᠲᠠᠭ᠋ᠠᠯ ᠵᠶ᠋ᠠᠷ ᠵᠶ᠋ᠠᠨ ᠵᠢᠯᠣᠭᠣᠳᠤᠯᠭ᠎ᠠ ᠪᠣᠯᠭ᠋ᠠᠭᠰᠠᠨ ᠪᠠᠢ᠌ᠨ᠎ᠠ᠃ ᠡᠮᠦᠨᠡᠲᠦ ᠠᠹᠷᠢᠺᠠ ᠣᠲᠣ ᠶᠠᠭ ᠪᠡᠯᠡ ᠣᠷᠣᠭᠤᠯᠤᠯᠲᠠ᠎ᠳᠤ ᠵᠣᠬᠢᠴᠠᠬᠤ ᠪᠦᠬᠦ ᠲᠠᠯ᠎ᠠ ᠵᠢᠨ ᠲᠥᠯᠥᠪᠯᠡᠭᠡ ᠵᠢ ᠲᠣᠭᠲᠠᠭ᠋ᠠᠵᠤ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠡᠷᠢᠭᠦᠨ ᠴᠢᠬᠤᠯᠠ ᠠᠷᠭ᠎ᠠ ᠬᠡᠮᠵᠢᠶ᠎ᠡ ᠵᠢ ᠲᠣᠭᠲᠠᠭ᠋ᠠᠵᠤ ᠪᠠᠢ᠌ᠨ᠎ᠠ᠃ ᠡᠮᠦᠨᠡᠲᠦ ᠠᠹᠷᠢᠺᠠ ᠨᠢᠭᠡᠨᠲᠡ ᠲᠡᠯᠡᠢ ᠲᠠᠩᠭᠢᠰ ᠪᠣᠯᠣᠨ ᠲᠡᠯᠡᠢ ᠵᠢᠨ ᠡᠷᠭᠢ᠎ᠳᠤ ᠵᠣᠬᠢᠴᠠᠬᠤ ᠲᠥᠯᠥᠪᠯᠡᠭᠡ ᠵᠢᠴᠢ ᠪᠤᠢ ᠪᠦᠬᠦᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠣᠬᠢᠴᠠᠬᠤ ᠰᠠᠯᠠᠭ᠎ᠠ ᠮᠥᠴᠢᠷ᠎ᠤᠨ ᠲᠥᠯᠥᠪᠯᠡᠭᠡ ᠵᠢᠴᠢ ᠠᠶᠤᠯ ᠲᠦᠭᠰᠢᠭᠦᠷᠢ ᠪᠣᠯᠣᠨ ᠬᠡᠪᠡᠷᠡᠭ ᠴᠢᠨᠠᠷ᠎ᠤᠨ ᠦᠨᠡᠯᠡᠯᠲᠡ ᠵᠢ ᠲᠣᠭᠲᠠᠭ᠋ᠠᠭᠰᠠᠨ ᠪᠠᠢ᠌ᠨ᠎ᠠ᠃ ᠡᠮᠦᠨᠡᠲᠦ ᠠᠹᠷᠢᠺᠠ ᠡᠨᠧᠷᠭᠢ ᠵᠢᠨ ᠰᠤᠷᠪᠤᠯᠵᠢ ᠵᠢᠨ ᠬᠡᠯᠪᠡᠷᠢ ᠵᠢ ᠬᠤᠪᠢᠷᠠᠭᠤᠯᠬᠤ ᠲᠥᠪ ᠭᠣᠣᠯᠴᠢ ᠪᠡᠯᠡ ᠣᠷᠣᠭᠤᠯᠤᠯᠲᠠ ᠵᠢᠨ ᠲᠥᠯᠥᠪᠯᠡᠭᠡ (JET-IP) ᠵᠢ ᠨᠢᠭᠡᠨᠲᠡ ᠲᠡᠭᠦᠯᠳᠡᠷᠵᠢᠭᠦᠯᠵᠦ᠂ ᠲᠡᠭᠦᠨ᠎ᠤ ᠵᠥᠪᠯᠡᠯᠭᠡᠨ᠎ᠤ ᠬᠤᠷᠠᠯ᠎ᠠᠴᠠ ᠠᠭᠤᠷ ᠠᠮᠢᠰᠬᠤᠯ᠎ᠤᠨ ᠬᠤᠪᠢᠷᠠᠯᠲᠠ ᠵᠢᠨ ᠬᠠᠤᠯᠢ ᠵᠢᠨ ᠲᠥᠰᠥᠯ᠎ᠢ ᠬᠠᠮᠤᠭ ᠡᠴᠦᠰ᠎ᠲᠤ ᠲᠣᠭᠲᠠᠭ᠋ᠠᠵᠤ ᠪᠠᠢ᠌ᠨ᠎ᠠ᠃ ᠡᠮᠦᠨᠡᠲᠦ ᠠᠹᠷᠢᠺᠠ ᠣᠳᠣᠬᠠᠨ᠎ᠳᠤ ᠶᠠᠭ ᠠᠭᠤᠷ ᠠᠮᠢᠰᠬᠤᠯ᠎ᠤᠨ ᠬᠤᠪᠢᠷᠠᠯᠲᠠ ᠵᠢ ᠨᠠᠮᠳᠠᠭᠤᠯᠬᠤ᠎ᠳᠤ ᠭᠠᠷ ᠲᠥᠷᠥᠬᠦ ᠠᠯᠢ ᠤᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠤᠪᠢᠶᠠᠷᠢᠯᠠᠯᠲᠠ ᠵᠢᠨ ᠰᠠᠯᠠᠭ᠎ᠠ ᠮᠥᠴᠢᠷ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠵᠢ ᠪᠠᠭᠲᠠᠭ᠋ᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠪᠠᠨ ᠬᠡᠷᠡᠭᠵᠢᠭᠦᠯᠬᠦ ᠵᠢ ᠠᠬᠢᠭᠤᠯᠵᠤ ᠪᠠᠢ᠌ᠨ᠎ᠠ᠃ ᠲᠥᠷᠥ ᠵᠢᠨ ᠪᠣᠳᠣᠯᠭ᠎ᠠ ᠵᠢᠨ ᠥᠭᠡᠷᠡᠴᠢᠯᠡᠯᠲᠡ ᠪᠠ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠎ᠢ ᠰᠠᠢ᠌ᠵᠢᠷᠠᠭᠤᠯᠬᠤ ᠪᠠ ᠲᠡᠭᠦᠨ᠎ᠢ ᠣᠯᠬᠤ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ᠎ᠢ ᠥᠷᠨᠢᠭᠦᠯᠦᠭᠰᠡᠨ ᠪᠥᠭᠡᠳ ᠲᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠪᠠᠢ᠌ᠷᠢᠯᠠᠭᠤᠯᠤᠯᠲᠠ ᠵᠢ ᠥᠷᠭᠡᠳᠬᠡᠬᠦ ᠲᠠᠯ᠎ᠠ᠎ᠪᠠᠷ ᠠᠬᠢᠴᠠ᠎ᠲᠠᠢ ᠪᠣᠯᠪᠠ᠃ JET-IP᠎ᠨᠢ ᠨᠠᠭᠦᠷᠡᠰᠦᠲᠦ᠋ᠷᠦᠭᠴᠢ ᠦᠭᠡᠢ᠌ᠳᠡᠭᠦᠯᠬᠦ ᠬᠠᠷᠠᠯᠲᠠ ᠵᠢ ᠪᠡᠶᠡᠯᠡᠭᠦᠯᠬᠦ᠎ᠳᠤ ᠬᠡᠷᠡᠭᠰᠡᠬᠦ ᠯᠤᠲᠤ ᠶᠡᠬᠡ ᠪᠡᠯᠡ ᠣᠷᠣᠭᠤᠯᠤᠯᠲᠠ ᠵᠢᠨ ᠬᠡᠪᠴᠢᠶ᠎ᠡ ᠪᠠ ᠰᠢᠨᠵᠢ ᠴᠢᠨᠠᠷ᠎ᠢ ᠲᠣᠢ᠌ᠮᠣᠴᠢᠯᠠᠨ ᠥᠭᠦᠯᠡᠵᠡᠢ᠃ ᠲᠤᠰ ᠲᠥᠯᠥᠪᠯᠡᠭᠡ ᠵᠢ ᠦᠨᠳᠦᠰᠦᠯᠡᠪᠡᠯ᠂ ᠡᠮᠦᠨᠡᠲᠦ ᠠᠹᠷᠢᠺᠠ ᠢᠷᠡᠬᠦ ᠲᠠᠪᠤᠨ ᠵᠢᠯ᠎ᠳᠤ ᠪᠠᠷᠤᠭ 980 ᠳ᠋ᠦᠩᠰᠢᠭᠤᠷ ᠳ᠋ᠣᠯᠯᠠᠷ᠎ᠤᠨ ᠪᠡᠯᠡ ᠣᠷᠣᠭᠤᠯᠤᠯᠲᠠ ᠬᠡᠷᠡᠭᠰᠡᠵᠦ᠂ ᠬᠡᠰᠡᠭ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢᠴᠢ ᠲᠡᠭᠦᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠠᠤᠭ᠎ᠠ ᠬᠠᠷᠠᠯᠲᠠ ᠵᠢ ᠪᠡᠶᠡᠯᠡᠭᠦᠯᠬᠦ ᠪᠣᠯᠣᠨ᠎ᠠ᠃ ᠲᠣᠰ ᠲᠥᠯᠥᠪᠯᠡᠭᠡ᠎ᠳᠤ ᠪᠠᠰᠠ ᠲᠣᠰ ᠭᠠᠵᠠᠷ᠎ᠤᠨ ᠪᠣᠬᠢᠷᠲᠤᠯ ᠦᠭᠡᠢ ᠤᠰᠤᠲᠥ᠋ᠷᠥᠭᠴᠢ ᠡᠨᠧᠷᠭᠢ ᠪᠠ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠦᠢ᠍ᠯᠡᠳᠪᠦᠷᠢᠯᠡᠯ ᠵᠢᠴᠢ ᠲᠣᠰ ᠭᠠᠵᠠᠷ᠎ᠤᠨ ᠠᠵᠤ ᠠᠬᠤᠢ᠎ᠳᠤ ᠪᠡᠯᠡ ᠣᠷᠣᠭᠤᠯᠤᠨ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠬᠦ ᠪᠠ ᠠᠵᠤ ᠠᠬᠤᠢ ᠵᠢᠨ ᠤᠯᠠᠨ ᠶᠠᠩᠵᠤᠴᠢᠯᠠᠯᠲᠠ ᠵᠢ ᠪᠡᠶᠡᠯᠡᠭᠦᠯᠬᠦ ᠶᠠᠪᠤᠳᠠᠯ ᠪᠠᠭᠲᠠᠨ᠎ᠠ᠃ ᠡᠨᠡᠬᠦ ᠬᠠᠨᠢᠲᠠᠨ᠎ᠤ ᠬᠠᠷᠢᠯᠴᠠᠭ᠎ᠠ᠎ᠨᠢ ᠬᠥᠭᠵᠢᠵᠦ ᠪᠠᠢ᠌ᠭ᠎ᠠ ᠤᠯᠤᠰ᠎ᠤᠳ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠪᠡᠯᠡ ᠮᠥᠩᠭᠥ ᠬᠠᠩᠭ᠋ᠠᠵᠤ ᠰᠢᠨ᠎ᠡ ᠵᠢ ᠡᠭᠦᠳᠬᠦ ᠰᠢᠨ᠎ᠡ ᠵᠠᠭᠪᠤᠷ᠎ᠢ ᠨᠡᠭᠡᠭᠡᠨ ᠬᠥᠭᠵᠢᠭᠦᠯᠬᠦ ᠵᠢ ᠳᠡᠮᠵᠢᠬᠦ᠎ᠳᠤ ᠠᠵᠠ ᠲᠣᠬᠢᠶᠠᠯ ᠬᠠᠩᠭ᠋ᠠᠵᠠᠢ᠃
ᠡᠨᠡᠳᠬᠡᠭ ᠥᠪᠡᠷ᠎ᠤᠨ ᠤᠯᠠᠨ ᠲᠠᠯᠠᠲᠤ ᠦᠵᠡᠯ᠎ᠤᠨ ᠵᠣᠷᠢᠭ ᠰᠠᠨᠠᠭ᠎ᠠ᠎ᠪᠠᠨ ᠢᠯᠡᠷᠡᠭᠦᠯᠵᠦ᠂ ᠬᠣᠷᠢᠨ ᠤᠯᠤᠰ᠎ᠤᠨ ᠪᠦᠯᠦᠭᠯᠡᠯ᠎ᠤᠨ ᠤᠯᠤᠰ᠎ᠤᠳ ᠪᠦᠲᠦᠭᠡᠯᠴᠢ ᠴᠢᠨᠠᠷᠲᠠᠢ ᠣᠪᠣᠷ ᠵᠶ᠋ᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢ ᠤᠷᠢᠶᠠᠯᠠᠪᠠ᠃ ᠡᠨᠡᠳᠬᠡᠭ᠎ᠠᠴᠠ ᠪᠠᠰᠠ ᠠᠭᠤᠷ ᠠᠮᠢᠰᠬᠤᠯ᠎ᠤᠨ ᠠᠵᠢᠯᠯᠠᠭ᠋ᠠᠨ᠎ᠤ ᠠᠤᠭ᠎ᠠ ᠵᠣᠷᠢᠭ᠎ᠨᠢ ᠡᠷᠬᠡᠪᠰᠢ ᠠᠭᠤᠷ ᠠᠮᠢᠰᠬᠤᠯ᠎ᠤᠨ ᠪᠡᠯᠡ ᠮᠥᠩᠭᠥ ᠪᠠ ᠮᠡᠷᠭᠡᠵᠢᠯ᠎ᠢ ᠰᠢᠯᠵᠢᠭᠦᠯᠦᠨ ᠥᠭᠬᠦ ᠠᠵᠢᠯᠯᠠᠭ᠎ᠠ᠎ᠲᠠᠢ ᠵᠣᠬᠢᠴᠠᠭᠰᠠᠨ ᠪᠠᠶ᠋ᠢᠬᠤ ᠬᠡᠷᠡᠭᠲᠡᠶ ᠭᠡᠵᠦ ᠱᠠᠭ᠋ᠠᠷᠳᠠᠵᠤ ᠪᠠᠢ᠌ᠨ᠎ᠠ᠃ ᠡᠯ᠎ᠡ ᠤᠯᠤᠰ᠎ᠲᠤ ᠡᠨᠡ ᠬᠦ᠌ ᠤᠷᠢᠶᠠᠯᠠᠭ᠎ᠠ ᠵᠢ ᠭᠠᠷᠭ᠋ᠠᠬᠤ᠎ᠳᠠᠭᠠᠨ᠂ ᠡᠨᠡᠳᠬᠡᠭ᠎ᠤᠨ᠎ᠬᠢᠨ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠬᠤ ᠵᠢᠨ ᠲᠥᠯᠥᠭᠡ 《ᠨᠢᠭᠡ ᠯᠡ ᠳᠡᠯᠡᠬᠡᠢ ᠵᠢᠨ ᠪᠥᠮᠪᠥᠷᠴᠡᠭ᠂ ᠨᠢᠭᠡ ᠯᠡ ᠭᠡᠷ ᠣᠷᠣᠨ᠂ ᠨᠢᠭᠡ ᠯᠡ ᠢᠷᠡᠭᠡᠳᠦᠢ》 ᠭᠡᠬᠦ ᠬᠦᠰᠡᠯ ᠡᠷᠡᠮᠡᠯᠵᠡᠯ᠎ᠢ ᠳᠤᠷᠠᠳᠤᠭᠰᠠᠨ ᠪᠠᠢ᠌ᠨ᠎ᠠ᠃ ᠡᠨᠡᠳᠬᠡᠭ ᠨᠢᠭᠡᠨᠲᠡ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠠᠮᠠᠯᠠᠯᠲᠠ ᠵᠢᠨ ᠵᠶ᠋ᠠᠨ ᠨᠢᠭᠡ ᠵᠢ ᠳᠠᠪᠠᠭᠤᠯᠤᠨ ᠪᠡᠶᠡᠯᠡᠭᠦᠯᠪᠡ᠂ ᠲᠤᠬᠠᠢ᠌ᠯᠠᠪᠠᠯ 40% ᠵᠢᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ ᠴᠢᠯᠠᠭᠤᠵᠢᠮᠠᠯ ᠪᠤᠰᠤ ᠲᠦᠯᠡᠰᠢ᠎ᠠᠴᠠ ᠢᠷᠡᠯᠲᠡ᠎ᠲᠠᠢ ᠪᠠᠢ᠌ᠵᠤ᠂ ᠠᠮᠠᠯᠠᠭᠰᠠᠨ ᠴᠠᠭ᠎ᠠᠴᠠ᠎ᠪᠠᠨ ᠶᠢᠰᠦᠨ ᠵᠢᠯ ᠰᠢᠬᠠᠮ ᠤᠷᠢᠳᠴᠢᠯᠠᠪᠠ᠃ ᠡᠨᠡᠳᠬᠡᠭ ᠣᠳᠣ ᠶᠠᠭ ᠲᠥᠯᠥᠪᠯᠡᠭᠡ ᠶᠣᠰᠣᠭ᠋ᠠᠷ ᠪᠤᠰᠤᠳ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠪᠠᠨ ᠪᠡᠶᠡᠯᠡᠭᠦᠯᠵᠦ ᠪᠠᠢ᠌ᠨ᠎ᠠ᠃ ᠡᠨᠡᠳᠬᠡᠭ ᠣᠳᠣᠬᠠᠨ᠎ᠳᠤ ᠶᠠᠭ 《ᠤᠯᠤᠰ᠎ᠤᠨ ᠪᠣᠬᠢᠷᠲᠤᠯ ᠦᠭᠡᠢ ᠤᠰᠤᠲᠥ᠋ᠷᠥᠭᠴᠢ ᠡᠨᠧᠷᠭᠢ ᠵᠢᠨ ᠲᠥᠯᠥᠪᠯᠡᠭᠡ》 ᠵᠢ ᠬᠡᠷᠡᠭᠵᠢᠭᠦᠯᠵᠦ ᠪᠤᠢ᠂ 2030 ᠣᠨ ᠪᠣᠯᠬᠤ᠎ᠳᠤ ᠵᠢᠯ᠎ᠤᠨ ᠭᠠᠷᠤᠯᠲᠠ ᠵᠢᠨ ᠬᠡᠮᠵᠢᠶ᠎ᠡ ᠵᠢ 500 ᠲᠦᠮᠡᠨ ᠲᠣᠨ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠵᠤ ᠪᠠᠢ᠌ᠨ᠎ᠠ᠃ ᠡᠨᠡᠳᠬᠡᠭ᠎ᠤᠨ᠎ᠬᠢᠨ ᠳᠤᠯᠠᠭ᠋ᠠᠨ᠎ᠤ ᠬᠡᠮᠵᠢᠶᠡᠨ᠎ᠤ ᠳᠡᠭᠡᠭᠰᠢᠯᠡᠯᠲᠡ ᠵᠢᠨ ᠬᠡᠮᠵᠢᠶ᠎ᠡ ᠵᠢ 《ᠫᠠᠷᠢᠰ᠎ᠤᠨ ᠬᠡᠯᠡᠯᠴᠡᠭᠡᠷ》᠎ᠤᠨ ᠲᠣᠭᠲᠠᠭ᠋ᠠᠭᠰᠠᠨ ᠲᠦᠪᠰᠢᠨ᠎ᠳᠤ ᠪᠠᠢ᠌ᠯᠭ᠋ᠠᠬᠤ ᠪᠦᠬᠦ ᠪᠥᠮᠪᠥᠷᠴᠡᠭ᠎ᠤᠨ ᠨᠠᠭᠦᠷᠡᠰᠦᠲᠦ᠋ᠷᠦᠭᠴᠢ ᠵᠢᠨ ᠲᠥᠰᠥᠪ ᠪᠣᠯ ᠨᠢᠭᠡ ᠵᠦᠢ᠍ᠯ᠎ᠤᠨ ᠬᠢᠵᠠᠭ᠋ᠠᠷ᠎ᠲᠠᠢ ᠡᠬᠢ ᠪᠠᠶᠠᠯᠢᠭ ᠪᠣᠯᠣᠨ᠎ᠠ᠂ ᠪᠤᠢ ᠪᠦᠬᠦᠢ ᠭᠡᠷᠡᠲᠦ ᠲᠠᠯ᠎ᠠ ᠵᠢᠨ᠎ᠬᠢᠨ ᠡᠷᠬᠡ ᠲᠡᠭᠰᠢ᠎ᠪᠠᠷ ᠣᠯᠬᠤ ᠬᠡᠷᠡᠭᠲᠡᠢ ᠭᠡᠵᠦ ᠦᠷᠭᠦᠯᠵᠢᠯᠡᠨ ᠪᠠᠷᠢᠮᠲᠠᠯᠠᠭᠰᠠᠭ᠋ᠠᠷ ᠢᠷᠠᠵᠠᠢ᠃ ᠬᠥᠭᠵᠢᠭᠰᠡᠨ ᠤᠯᠤᠰ᠎ᠤᠳ᠎ᠤᠨ ᠪᠦᠬᠦ ᠪᠥᠮᠪᠥᠷᠴᠡᠭ᠎ᠤᠨ ᠨᠠᠭᠦᠷᠡᠰᠦᠲᠦ᠋ᠷᠦᠭᠴᠢ ᠵᠢᠨ ᠲᠥᠰᠥᠪ᠎ᠤᠨ ᠬᠡᠷᠡᠭᠯᠡᠯᠲᠡ᠎ᠨᠢ ᠲᠡᠭᠦᠨ᠎ᠤ ᠭᠣᠣᠯᠴᠢ ᠬᠤᠪᠢ ᠵᠢᠨ ᠲᠣᠭ᠎ᠠ᠎ᠠᠴᠠ ᠳᠠᠪᠠᠭᠰᠠᠨ ᠪᠣᠯᠬᠣᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠪᠠᠭᠲᠠᠭ᠋ᠠᠭᠰᠠᠨ ᠠᠤᠭ᠎ᠠ ᠵᠣᠷᠢᠭ ᠪᠦᠬᠦᠢ ᠠᠭᠤᠷ ᠠᠮᠢᠰᠬᠤᠯ᠎ᠤᠨ ᠠᠵᠢᠯᠯᠠᠭ᠎ᠠ ᠵᠢ ᠲᠦᠷᠦᠭᠦᠯᠡᠨ ᠬᠢᠬᠦ ᠬᠡᠷᠡᠭᠲᠡᠶ ᠪᠥᠭᠡᠳ 《ᠨᠠᠢ᠌ᠳᠠ ᠵᠢᠨ ᠭᠡᠷ᠎ᠡ》 ᠪᠣᠯᠣᠨ 《ᠫᠠᠷᠢᠰ᠎ᠤᠨ ᠬᠡᠯᠡᠯᠴᠡᠭᠡᠷ》᠎ᠤᠨ ᠲᠣᠭᠲᠠᠭ᠋ᠠᠯ᠎ᠢ ᠦᠨᠳᠦᠰᠦᠯᠡᠨ᠂ ᠬᠥᠭᠵᠢᠵᠦ ᠪᠠᠢ᠌ᠭ᠎ᠠ ᠤᠯᠤᠰ᠎ᠤᠳ᠎ᠲᠤ ᠬᠡᠷᠡᠭᠵᠢᠭᠦᠯᠬᠦ ᠠᠷᠭ᠎ᠠ ᠪᠠᠷᠢᠯ᠎ᠤᠨ ᠳᠡᠮᠵᠢᠯᠭᠡ ᠦᠵᠡᠭᠦᠯᠬᠦ ᠬᠡᠷᠡᠭᠲᠡᠶ᠃
ᠳᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《1+N》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠣᠭᠲᠠᠭ᠋ᠠᠵᠤ᠂ ᠨᠠᠭᠦᠷᠡᠰᠦᠲᠦ᠋ᠷᠦᠭᠴᠢ ᠵᠢᠨ ᠣᠷᠬᠢᠯ᠎ᠳᠤ ᠬᠦᠷᠬᠦ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯ᠎ᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠬᠤ᠎ᠪᠠᠷ ᠴᠢᠷᠮᠠᠢ᠌ᠪᠠ᠃ 2021 ᠣᠨ᠎ᠳᠤ᠂ ᠳᠤᠮᠳᠠᠳᠤ ᠤᠯᠤᠰ᠎ᠤᠨ ᠨᠠᠭᠦᠷᠡᠰᠦᠲᠦ᠋ᠷᠦᠭᠴᠢ ᠵᠢᠨ ᠬᠦᠴᠦᠯᠡᠴᠡ 2005 ᠣᠨ᠎ᠤ᠎ᠬᠢ᠎ᠠᠴᠠ 50.8% ᠪᠠᠭᠤᠷᠠᠪᠠ᠃ ᠳᠤᠮᠳᠠᠳᠤ ᠤᠯᠤᠰ ᠴᠢᠯᠠᠭᠤᠵᠢᠮᠠᠯ᠎ᠤᠨ ᠪᠤᠰᠤ ᠡᠨᠧᠷᠭᠢ ᠵᠢᠨ ᠰᠤᠷᠪᠤᠯᠵᠢ ᠵᠢ ᠤᠷᠢᠳᠠᠪᠠᠷ ᠬᠥᠭᠵᠢᠭᠦᠯᠦᠨ᠎ᠡ᠃ ᠳᠤᠮᠳᠠᠳᠤ ᠤᠯᠤᠰ᠎ᠤᠨ ᠴᠢᠯᠠᠭᠤᠵᠢᠮᠠᠯ᠎ᠤᠨ ᠪᠤᠰᠤ ᠡᠨᠧᠷᠭᠢ ᠵᠢᠨ ᠰᠤᠷᠪᠤᠯᠵᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 14 ᠳ᠋ᠦᠩᠰᠢᠭᠤᠷ ᠺᠢᠯᠣᠸᠠᠲ᠎ᠢ ᠳᠠᠪᠠᠵᠤ᠂ ᠶᠡᠷᠦᠩᠬᠡᠢ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ 51%᠎ᠠᠴᠠ ᠳᠡᠭᠡᠭᠰᠢᠬᠢ ᠵᠢ ᠡᠵᠡᠯᠡᠵᠦ ᠪᠠᠢ᠌ᠨ᠎ᠠ᠃ ᠳᠤᠮᠳᠠᠳᠤ ᠤᠯᠤᠰ ᠪᠦᠬᠦ ᠪᠥᠮᠪᠥᠷᠴᠡᠭ᠎ᠤᠨ 50% ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠲᠥᠬᠦᠭᠡᠷᠦᠮᠵᠢ ᠪᠠ 80% ᠵᠢᠨ ᠨᠡᠷᠡᠨ᠎ᠤ ᠡᠨᠧᠷᠭᠢ ᠵᠢᠨ ᠴᠠᠬᠢᠯᠭ᠋ᠠᠨ ᠭᠠᠷᠭ᠋ᠠᠬᠤ ᠲᠥᠬᠦᠭᠡᠷᠦᠮᠵᠢ ᠵᠢ ᠬᠠᠩᠭ᠋ᠠᠵᠤ᠂ ᠪᠦᠬᠦ ᠪᠥᠮᠪᠥᠷᠴᠡᠭ᠎ᠤᠨ ᠲᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃ ᠳᠤᠮᠳᠠᠳᠤ ᠤᠯᠤᠰ᠎ᠤᠨ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 1600 ᠲᠦᠮᠡ ᠵᠢ ᠳᠠᠪᠠᠵᠤ᠂ ᠪᠦᠬᠦ ᠪᠥᠮᠪᠥᠷᠴᠡᠭ᠎ᠤᠨ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ ᠪᠠᠢ᠌ᠨ᠎ᠠ᠃ ᠳᠤᠮᠳᠠᠳᠤ ᠤᠯᠤᠰ ᠪᠦᠬᠦ ᠪᠥᠮᠪᠥᠷᠴᠡᠭ᠎ᠢ ᠪᠦᠷᠬᠦᠭᠰᠡᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢᠨ ᠬᠡᠪᠴᠢᠶ᠎ᠡ᠎ᠪᠠᠷ ᠬᠠᠮᠤᠭ ᠶᠡᠬᠡ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠢ ᠪᠠᠢ᠌ᠭᠤᠯᠪᠠ᠃ ᠳᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠢ ᠠᠬᠤᠢ ᠵᠢᠨ ᠰᠢᠰᠲ᠋ᠥᠮ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠬᠤᠷᠠᠮᠳᠤᠭᠤᠯᠬᠤ ᠴᠢᠳᠠᠪᠤᠷᠢ ᠵᠢ ᠨᠡᠮᠡᠭᠳᠡᠭᠦᠯᠵᠦ᠂ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠪᠣᠯᠣᠨ ᠬᠠᠳᠠᠭ᠋ᠠᠯᠠᠭᠳᠠᠴᠠ ᠵᠢᠨ ᠬᠡᠮᠵᠢᠶ᠎ᠡ 30 ᠵᠢᠯ ᠳᠠᠷᠠᠭ᠋ᠠᠯᠠᠨ 《ᠬᠣᠣᠰ ᠨᠡᠮᠡᠭᠳᠡᠯ》᠎ᠢ ᠪᠠᠲᠤᠯᠠᠪᠠ᠃ ᠳᠤᠮᠳᠠᠳᠤ ᠤᠯᠤᠰ ᠡᠮᠦᠨᠡᠳᠡᠬᠢ᠎ᠨᠢ ᠡᠮᠦᠨᠡᠳᠡᠬᠢᠲᠠᠢᠪᠠᠨ ᠬᠠᠮᠲᠤᠷᠠᠯᠴᠠᠬᠤ᠎ᠪᠠᠷ ᠳᠠᠮᠵᠢᠭᠤᠯᠤᠨ ᠬᠥᠭᠵᠢᠵᠦ ᠪᠠᠢ᠌ᠭ᠎ᠠ ᠤᠯᠤᠰ᠎ᠤᠳ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠶᠡᠬᠡᠪᠡᠷ ᠳᠠᠮᠵᠢᠵᠤ᠂ ᠭᠠᠳᠠᠭ᠋ᠠᠳᠤ᠎ᠳᠤ ᠰᠢᠨ᠎ᠡ᠎ᠪᠠᠷ ᠪᠠᠢ᠌ᠭᠤᠯᠤᠭᠰᠠᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠵᠦᠢ᠍ᠯᠡᠰ᠎ᠢ ᠵᠣᠭᠰᠣᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠨ᠎ᠠ ᠭᠡᠵᠦ ᠨᠡᠢ᠌ᠲᠡᠯᠡᠪᠡ᠃
7᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠢ᠌ᠳ ᠨᠠᠷ 《77 ᠤᠯᠤᠰ᠎ᠤᠨ ᠪᠦᠯᠦᠭᠯᠡᠯ ᠪᠠ ᠳᠤᠮᠳᠠᠳᠤ ᠤᠯᠤᠰ》 ᠤᠨ ᠳᠣᠣᠷ᠎ᠠ ᠨᠡᠩ ᠨᠢᠭᠲᠠ ᠬᠠᠮᠲᠤᠷᠠᠯᠴᠠᠭ᠎ᠠ ᠥᠷᠨᠢᠭᠦᠯᠬᠦ ᠵᠢ ᠪᠠᠭᠲᠠᠭ᠋ᠠᠭᠰᠠᠨ ᠰᠠᠭᠤᠷᠢ ᠳᠦᠷᠪᠡᠨ ᠤᠯᠤᠰ᠎ᠤᠨ ᠪᠦᠯᠦᠭᠯᠡᠯ᠎ᠤᠨ ᠪᠤᠰᠤᠳ ᠬᠥᠭᠵᠢᠵᠦ ᠪᠠᠢ᠌ᠭ᠎ᠠ ᠤᠯᠤᠰ᠎ᠤᠳ᠎ᠲᠤ ᠬᠢᠭᠰᠡᠨ ᠬᠦᠴᠦᠲᠡᠢ ᠠᠮᠠᠯᠠᠯᠲᠠ ᠪᠠ ᠪᠦᠯᠬᠦᠮᠳᠡᠯ᠎ᠤᠨ ᠵᠣᠭᠰᠣᠯᠲᠠ ᠵᠢ ᠴᠢᠬᠤᠯᠠᠴᠢᠯᠠᠵᠠᠢ᠃ ᠲᠡᠳᠡ ᠺᠦᠪᠡ ᠵᠢᠨ 《77 ᠤᠯᠤᠰ᠎ᠤᠨ ᠪᠦᠯᠦᠭᠯᠡᠯ ᠪᠣᠯᠣᠨ ᠳᠤᠮᠳᠠᠳᠤ ᠤᠯᠤᠰ》᠎ᠤᠨ ᠵᠢᠵᠢᠭᠦᠷ ᠲᠡᠷᠢᠭᠦᠯᠡᠭᠴᠢ ᠪᠣᠯᠤᠭᠰᠠᠨ᠎ᠤ ᠬᠤᠪᠢ᠎ᠳᠠᠬᠢ ᠳᠡᠮᠵᠢᠯᠭᠡ ᠵᠢ ᠳᠠᠬᠢᠨᠲᠠ ᠢᠯᠡᠷᠬᠡᠢ᠌ᠯᠡᠵᠦ ᠪᠠᠢ᠌ᠭ᠎ᠠ᠎ᠨᠢ ᠪᠦᠯᠦᠭᠯᠡᠯ᠎ᠤᠨ ᠪᠦᠯᠬᠦᠮᠳᠡᠯ᠎ᠢ ᠴᠢᠩᠭ᠋ᠠᠳᠬᠠᠨ᠂ ᠪᠤᠢ ᠪᠦᠬᠦᠢ ᠬᠥᠭᠵᠢᠵᠦ ᠪᠠᠢ᠌ᠭ᠎ᠠ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠬᠤ ᠵᠢᠨ ᠲᠥᠯᠥᠭᠡ ᠶᠤᠮ ᠭᠡᠵᠡᠢ᠃
8. ᠰᠠᠢ᠌ᠳ ᠨᠠᠷ 《ᠨᠠᠢ᠌ᠳᠠ ᠵᠢᠨ ᠭᠡᠷ᠎ᠡ》 ᠪᠣᠯ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠭᠣᠣᠯ ᠪᠣᠯᠬᠤ ᠤᠯᠠᠨ ᠲᠠᠯ᠎ᠠ ᠵᠢᠨ ᠠᠷᠭ᠎ᠠ ᠵᠠᠮ ᠮᠥᠨ ᠭᠡᠵᠦ ᠴᠢᠬᠤᠯᠠᠴᠢᠯᠠᠵᠠᠢ᠃ ᠰᠠᠢ᠌ᠳ ᠨᠠᠷ᠂ ᠰᠠᠭᠤᠷᠢ ᠪᠣᠯᠬᠤ ᠳᠥᠷᠪᠡᠨ ᠤᠯᠤᠰ᠎ᠨᠢ ᠪᠷᠠᠽᠢᠯ᠎ᠤᠨ ᠢᠷᠡᠭᠡᠳᠦᠢ᠎ᠳᠤ 2025 ᠣᠨ᠎ᠳᠤ ᠠᠮᠠᠽᠤᠨᠠᠰ ᠣᠷᠣᠨ᠎ᠤ ᠫᠠᠯᠠ ᠵᠧᠦ ᠵᠢᠨ ᠲᠥᠪ ᠪᠸᠯᠸᠨ ᠬᠣᠲᠠ᠎ᠳᠤ ᠶᠠᠪᠤᠭᠳᠠᠬᠤ COP30 ᠲᠡᠷᠢᠭᠦᠯᠡᠭᠴᠢ ᠵᠢᠨ ᠲᠤᠰᠢᠶᠠᠯ᠎ᠢ ᠡᠭᠦᠷᠭᠡᠯᠡᠬᠦ ᠵᠢ ᠪᠥᠬᠥ ᠬᠦᠴᠦᠨ ᠵᠶ᠋ᠡᠷ ᠵᠶ᠋ᠡᠨ ᠳᠡᠮᠵᠢᠨ᠎ᠡ ᠭᠡᠵᠦ ᠠᠮᠠᠯᠳᠠᠪᠠ᠃ ᠲᠡᠳᠡ ᠪᠠᠰᠠ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ 2023 ᠣᠨ᠎ᠤ 11 ᠰᠠᠷ᠎ᠠ ᠵᠢᠨ 30᠎ᠤ ᠡᠳᠦᠷ᠎ᠠᠴᠠ 12 ᠰᠠᠷ᠎ᠠ ᠵᠢᠨ 12᠎ᠤᠨ ᠡᠳᠦᠷ ᠪᠣᠯᠲᠠᠯ᠎ᠠ ᠳ᠋ᠦᠪᠠᠢ᠎ᠳᠤ ᠶᠠᠪᠤᠭᠳᠠᠬᠤ COP28 ᠵᠢᠨ ᠲᠡᠷᠢᠭᠦᠯᠡᠭᠴᠢ ᠤᠯᠤᠰ ᠪᠣᠯᠬᠤ ᠵᠢ ᠪᠦᠬᠦ ᠬᠦᠴᠦᠨ ᠵᠶ᠋ᠡᠷ ᠵᠶ᠋ᠡᠨ ᠳᠠᠮᠵᠢᠪᠠ᠃ ᠲᠡᠳᠡ ᠴᠢᠬᠤᠯᠠᠴᠢᠯᠠᠭᠰᠠᠨ᠎ᠨᠢ᠂ COP28 ᠵᠢᠨ ᠠᠩᠬᠠᠳᠠᠭᠴᠢ ᠤᠳᠠᠭ᠋ᠠᠨ᠎ᠤ ᠪᠥᠬᠥ ᠪᠥᠮᠪᠥᠷᠴᠡᠭ᠎ᠤᠨ ᠪᠦᠷᠢᠳᠬᠡᠯ (GST)᠎ᠤᠨ ᠦᠷ᠎ᠡ ᠪᠦᠲᠦᠭᠡᠯ᠎ᠨᠢ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠬᠤ ᠵᠢᠴᠢ ᠡᠯ᠎ᠡ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠬᠤ ᠠᠷᠭ᠎ᠠ ᠮᠠᠶᠢᠭ ᠵᠶ᠋ᠠᠷ ᠥᠪᠡᠷ᠎ᠤᠨ ᠤᠯᠤᠰ᠎ᠤᠨ ᠵᠶ᠋ᠠᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠵᠢ ᠰᠢᠨᠡᠳᠬᠡᠬᠦ ᠪᠠ ᠴᠢᠩᠭ᠋ᠠᠳᠬᠠᠬᠤ᠎ᠳᠤ ᠮᠡᠳᠡᠭᠡ ᠵᠠᠩᠭᠢ ᠬᠠᠩᠭ᠋ᠠᠬᠤ᠎ᠳᠤ ᠲᠤᠢ᠌ᠯ᠎ᠤᠨ ᠴᠢᠬᠤᠯᠠ ᠪᠠᠢ᠌ᠳᠠᠭ᠃ ᠲᠡᠳᠡ 2025 ᠣᠨ᠎ᠳᠤ ᠶᠠᠪᠤᠭᠳᠠᠭᠰᠠᠨ COP30 ᠳᠡᠭᠡᠷ᠎ᠡ 《ᠫᠠᠷᠢᠰ᠎ᠤᠨ ᠬᠡᠯᠡᠯᠴᠡᠭᠡᠷ》᠎ᠤᠨ ᠳᠣᠣᠷ᠎ᠠ ᠬᠣᠶᠠᠳᠤᠭ᠋ᠠᠷ ᠡᠭᠡᠯᠵᠢ ᠵᠢᠨ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠬᠤᠪᠢ ᠨᠡᠮᠡᠷᠢ᠎ᠪᠠᠨ ᠳᠡᠪᠰᠢᠭᠦᠯᠬᠦ ᠵᠢ ᠬᠦᠰᠡᠵᠦ ᠪᠠᠢ᠌ᠨ᠎ᠠ᠃ ᠲᠡᠳᠡ ᠬᠠᠮᠲᠤ᠎ᠪᠠᠷ ᠴᠢᠷᠮᠠᠢ᠌ᠵᠤ ᠪᠠᠶ᠋ᠢᠭ᠋ᠠᠳ COP28᠎ᠠᠴᠠ COP30 ᠬᠦᠷᠲᠡᠯᠡᠬᠢ 《ᠨᠠᠢ᠌ᠳᠠ ᠵᠢᠨ ᠭᠡᠷ᠎ᠡ》 ᠵᠢᠨ ᠤᠯᠠᠨ ᠲᠠᠯᠠᠲᠤ ᠠᠬᠢᠴᠠ᠎ᠨᠢ ᠳᠡᠯᠡᠬᠡᠢ ᠨᠠᠢ᠌ᠳᠠ᠎ᠪᠠᠷ ᠵᠶ᠋ᠡᠨ ᠪᠦᠯᠬᠦᠮᠳᠡᠬᠦ᠂ 《ᠨᠠᠢ᠌ᠳᠠ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠢ ᠬᠡᠷᠡᠭᠵᠢᠭᠦᠯᠬᠦ ᠵᠢ ᠴᠢᠩᠭ᠋ᠠᠳᠬᠠᠬᠤ᠎ᠳᠤ ᠲᠠᠪᠴᠠᠩ ᠬᠠᠩᠭ᠋ᠠᠬᠤ ᠵᠢ ᠦᠨᠡᠨ ᠬᠦ᠌ ᠪᠠᠲᠤᠯᠠᠨ᠎ᠠ ᠭᠡᠵᠦ ᠠᠮᠠᠯᠠᠵᠠᠢ᠃ ᠲᠡᠳᠡ ᠪᠠᠰᠠ COP28᠎ᠨᠢ ᠠᠤᠭ᠎ᠠ ᠵᠣᠷᠢᠭᠲᠠᠢ᠂ ᠡᠷᠬᠡ ᠲᠡᠭᠰᠢ᠂ ᠪᠣᠳᠠᠲᠠᠢ ᠵᠢ ᠡᠷᠬᠢᠮᠯᠡᠭᠰᠡᠨ᠂ ᠪᠦᠬᠦ ᠲᠠᠯ᠎ᠠ ᠵᠢᠨ ᠪᠠ ᠲᠡᠩᠴᠡᠭᠦᠷᠢᠲᠡᠢ ᠦᠷ᠎ᠡ ᠪᠦᠲᠦᠭᠡᠯ ᠣᠯᠬᠤ ᠵᠢᠨ ᠴᠢᠬᠤᠯᠠ ᠴᠢᠨᠠᠷ᠎ᠢ ᠴᠢᠬᠤᠯᠠᠴᠢᠯᠠᠵᠠᠢ᠃ ᠡᠭᠦᠨ᠎ᠳᠤ ᠠᠩᠬ᠎ᠠ ᠤᠳᠠᠭ᠎ᠠ ᠪᠦᠬᠦ ᠪᠥᠮᠪᠥᠷᠴᠡᠭ᠎ᠤᠨ ᠲᠣᠭ᠋ᠠᠯᠠᠨ ᠪᠦᠷᠢᠳᠬᠡᠬᠦ᠂ ᠰᠢᠨ᠎ᠡ ᠬᠣᠬᠢᠷᠠᠯ ᠪᠠ ᠬᠣᠬᠢᠷᠠᠯ᠎ᠤᠨ ᠰᠠᠭᠤᠷᠢ ᠮᠥᠩᠭᠥ ᠵᠢ ᠠᠵᠢᠯᠯᠠᠭᠤᠯᠬᠤ᠂ ᠰᠢᠨ᠎ᠡ ᠬᠠᠮᠲᠤ ᠵᠢᠨ ᠬᠡᠮᠵᠢᠶᠡᠵᠢᠭᠦᠯᠦᠭᠰᠡᠨ ᠪᠡᠯᠡ ᠮᠥᠩᠭᠥ ᠵᠢᠨ ᠬᠠᠷᠠᠯᠲᠠ ᠵᠢᠨ ᠲᠤᠬᠠᠢ ᠶᠠᠷᠢᠯᠴᠠᠭ᠎ᠠ ᠠᠬᠢᠴᠠ᠎ᠲᠠᠢ ᠪᠣᠯᠬᠤ᠂ ᠪᠦᠬᠦ ᠪᠥᠮᠪᠥᠷᠴᠡᠭ᠎ᠤᠨ ᠬᠠᠷᠠᠯᠲᠠ᠎ᠳᠤ ᠵᠣᠬᠢᠴᠠᠬᠤ ᠴᠢᠩᠭ᠎ᠠ ᠬᠦᠴᠦᠲᠡᠢ ᠪᠣᠷᠣ ᠲᠥᠯᠥᠪ ᠵᠶ᠋ᠡᠷ ᠳᠠᠮᠵᠢᠭᠤᠯᠬᠤ ᠵᠢᠴᠢ ᠠᠤᠭ᠎ᠠ ᠵᠣᠷᠢᠭ᠎ᠢ ᠬᠥᠩᠭᠡᠷᠡᠭᠦᠯᠬᠦ ᠪᠠ ᠬᠡᠷᠡᠭᠵᠢᠭᠦᠯᠬᠦ ᠠᠵᠢᠯ᠎ᠤᠨ ᠲᠥᠰᠥᠯ᠎ᠢ ᠬᠡᠷᠡᠭᠵᠢᠭᠦᠯᠬᠦ ᠵᠢᠨ ᠬᠠᠮᠲᠤ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠠᠷᠭ᠎ᠠ ᠵᠠᠮ᠎ᠤᠨ ᠠᠵᠢᠯ᠎ᠤᠨ ᠲᠥᠰᠥᠯ ᠵᠶ᠋ᠡᠷ ᠳᠠᠮᠵᠢᠭᠤᠯᠬᠤ ᠵᠢ ᠪᠠᠭᠲᠠᠭ᠋ᠠᠪᠠ᠃ ᠲᠡᠳᠡ ᠴᠢᠬᠤᠯᠠᠴᠢᠯᠠᠬᠤ᠎ᠳᠠᠭᠠᠨ᠂ COP28 ᠵᠢᠨ ᠡᠯ᠎ᠡ ᠲᠠᠯ᠎ᠠ ᠵᠢᠨ᠎ᠬᠢᠨ ᠴᠥᠮ ᠬᠡᠷᠡᠭᠵᠢᠭᠦᠯᠬᠦ ᠠᠷᠭ᠎ᠠ ᠪᠠᠷᠢᠯ᠎ᠢ ᠴᠢᠩᠭ᠋ᠠᠳᠬᠠᠬᠤ᠎ᠪᠠᠷ ᠳᠠᠮᠵᠢᠭᠤᠯᠤᠨ ᠬᠡᠷᠡᠭᠵᠢᠭᠦᠯᠬᠦ ᠳᠤᠲᠠᠭᠤᠳᠠᠯ ᠵᠶ᠋ᠠᠨ ᠨᠥᠬᠥᠪᠦᠷᠢᠯᠡᠬᠦ ᠵᠢ ᠴᠢᠬᠤᠯᠠᠴᠢᠯᠠᠬᠤ ᠬᠡᠷᠡᠭᠲᠡᠶ ᠭᠡᠵᠡᠢ᠃
9. ᠶᠠᠮᠤᠨ᠎ᠤ ᠰᠠᠢ᠌ᠳ ᠨᠠᠷ ᠳᠡᠯᠡᠬᠡᠢ ᠵᠢᠨ ᠠᠰᠢᠭᠲᠠᠢ ᠣᠷᠴᠢᠨ ᠲᠣᠭᠣᠷᠢᠨ᠎ᠢ ᠪᠤᠢ ᠪᠣᠯᠭ᠋ᠠᠬᠤ᠎ᠨᠢ ᠪᠥᠬᠥ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢ ᠴᠢᠩᠭ᠋ᠠᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠶ᠋ᠢᠬᠤ ᠵᠢ ᠴᠢᠬᠤᠯᠠᠴᠢᠯᠠᠭᠰᠠᠨ᠎ᠤ ᠬᠠᠮᠲᠤ ᠡᠯ᠎ᠡ ᠤᠯᠤᠰ᠎ᠤᠨ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠬᠠᠷᠢᠭᠤᠴᠠᠯᠭ᠎ᠠ ᠵᠢᠴᠢ ᠲᠣᠰ ᠲᠣᠰ᠎ᠤᠨ ᠴᠢᠳᠠᠪᠤᠷᠢ ᠵᠢᠨ ᠵᠠᠷᠴᠢᠮ᠎ᠢ ᠦᠨᠳᠦᠰᠦᠯᠡᠨ᠂ ᠠᠳᠠᠯᠢ ᠪᠤᠰᠤ ᠤᠯᠤᠰ᠎ᠤᠨ ᠪᠠᠶ᠋ᠢᠳᠠᠯ ᠵᠶ᠋ᠠᠨ ᠪᠣᠳᠣᠯᠬᠢᠯᠠᠵᠤ᠂ ᠲᠡᠭᠦᠨ᠎ᠤ ᠬᠠᠮᠤᠭ᠎ᠤᠨ ᠳᠡᠭᠡᠳᠦ ᠠᠤᠭ᠎ᠠ ᠵᠣᠷᠢᠭ᠎ᠢ ᠲᠤᠰᠬᠠᠭᠰᠠᠨ ᠰᠢᠨ᠎ᠡ ᠨᠢᠭᠡ ᠡᠭᠡᠯᠵᠢ ᠵᠢᠨ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠬᠤᠪᠢ ᠨᠡᠮᠡᠷᠢ᠎ᠪᠠᠨ ᠳᠡᠪᠰᠢᠭᠦᠯᠬᠦ ᠵᠢᠴᠢ ᠡᠭᠦᠨ᠎ᠠᠴᠠ ᠡᠮᠦᠨᠡᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠬᠤᠪᠢ ᠨᠡᠮᠡᠷᠢ᠎ᠲᠠᠢ ᠬᠠᠷᠢᠴᠠᠭᠤᠯᠤᠭᠰᠠᠨ ᠳᠠᠪᠰᠢᠯᠲᠠ᠎ᠪᠠᠨ ᠦᠵᠡᠭᠦᠯᠬᠦ ᠵᠢ ᠵᠥᠪᠰᠢᠶᠡᠷᠡᠪᠡ᠃ ᠲᠡᠳᠡ᠂ ᠪᠦᠬᠦ ᠪᠥᠮᠪᠥᠷᠴᠡᠭ᠎ᠤᠨ ᠮᠥᠩᠭᠥᠨ ᠭᠦᠢ᠍ᠯᠭᠡᠭᠡᠨ᠎ᠤ ᠪᠦᠲᠦᠴᠡ᠎ᠨᠢ ᠪᠦᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠬᠤ ᠪᠠ ᠣᠳᠣᠬᠢᠴᠢᠯᠠᠬᠤ ᠵᠢ ᠲᠤᠯᠭ᠋ᠠᠮ ᠱᠠᠭ᠋ᠠᠷᠳᠠᠵᠤ ᠪᠠᠢ᠌ᠨ᠎ᠠ᠂ ᠡᠭᠦᠨ᠎ᠳᠤ ᠤᠯᠠᠨ ᠲᠠᠯᠠᠲᠤ ᠨᠡᠭᠡᠭᠡᠨ ᠬᠥᠭᠵᠢᠭᠦᠯᠦᠯᠲᠡ ᠵᠢᠨ ᠪᠠᠩᠬᠢ᠎ᠳᠤ ᠰᠢᠰᠲ᠋ᠧᠮ᠎ᠲᠠᠢ ᠥᠭᠡᠷᠡᠴᠢᠯᠡᠯᠲᠡ ᠬᠢᠵᠦ᠂ ᠲᠡᠭᠦᠨ᠎ᠢ ᠦᠷᠭᠦᠯᠵᠢᠯᠡᠬᠦ ᠬᠥᠭᠵᠢᠯᠲᠡ᠂ ᠠᠮᠢ ᠠᠬᠤᠢ ᠵᠢᠨ ᠬᠡᠯᠪᠡᠷᠢ᠎ᠪᠠᠨ ᠬᠤᠪᠢᠷᠠᠭᠤᠯᠬᠤ ᠪᠠ ᠲᠥᠪ ᠭᠣᠣᠯᠴᠢ᠂ ᠡᠷᠬᠡ ᠲᠡᠭᠰᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠣᠷᠢᠯᠭ᠎ᠠ ᠵᠢ ᠳᠡᠮᠵᠢᠬᠦ᠎ᠳᠤ ᠵᠣᠬᠢᠴᠠᠭᠤᠯᠬᠤ ᠵᠢ ᠪᠠᠭᠲᠠᠭ᠋ᠠᠵᠤ ᠪᠠᠢ᠌ᠨ᠎ᠠ ᠭᠡᠵᠦ ᠤᠯᠠᠮ ᠴᠢᠨᠠᠭᠰᠢᠳᠠ ᠴᠢᠬᠤᠯᠠᠴᠢᠯᠠᠪᠠ᠃ ᠲᠠᠲᠠ ᠢᠯᠡᠷᠬᠡᠢ᠌ᠯᠡᠬᠦ᠎ᠳᠡᠭᠡᠨ᠂ ᠪᠡᠯᠡ ᠣᠷᠣᠭᠤᠯᠵᠤ ᠪᠠᠢ᠌ᠭ᠎ᠠ ᠤᠯᠤᠰ᠎ᠤᠨ ᠪᠡᠯᠡ ᠣᠷᠣᠭᠤᠯᠤᠯᠲᠠ ᠵᠢᠨ ᠲᠦᠭᠰᠢᠭᠦᠷᠢ᠎ᠠᠴᠠ ᠵᠠᠶ᠋ᠢᠯᠠᠬᠤ ᠬᠠᠨᠳᠤᠰᠢ ᠵᠢ ᠰᠢᠢ᠍ᠳᠪᠦᠷᠢᠯᠡᠬᠦ ᠴᠢᠬᠤᠯᠠᠲᠠᠢ᠂ ᠪᠡᠯᠡᠭᠯᠡᠭᠰᠡᠨ ᠵᠣᠭᠣᠰ᠎ᠤᠨ ᠳᠡᠮᠵᠢᠯᠭᠡ ᠵᠢ ᠤᠷᠢᠳ ᠵᠶ᠋ᠠᠷ ᠪᠣᠳᠣᠯᠬᠢᠯᠠᠬᠤ ᠴᠢᠬᠤᠯᠠᠲᠠᠢ᠂ ᠪᠤᠢ ᠪᠦᠬᠦᠢ ᠬᠥᠭᠵᠢᠵᠦ ᠪᠠᠢ᠌ᠭ᠎ᠠ ᠤᠯᠤᠰ᠎ᠤᠨ ᠬᠥᠷᠥᠩᠭᠡ ᠵᠢᠨ ᠥᠪᠡᠷ᠎ᠤᠨ ᠥᠷᠲᠡᠭ᠎ᠢ ᠶᠡᠬᠡ᠎ᠪᠠᠷ ᠪᠠᠭᠤᠷᠠᠭᠤᠯᠬᠤ ᠴᠢᠬᠤᠯᠠᠲᠠᠢ᠂ ᠤᠴᠢᠷ᠎ᠨᠢ ᠣᠳᠣᠬᠠᠨ᠎ᠤ ᠵᠢᠭᠡᠯᠡᠯᠭᠡ ᠵᠢᠨ ᠥᠪᠡᠷ᠎ᠤᠨ ᠥᠷᠲᠡᠭ ᠪᠠ ᠨᠥᠬᠥᠴᠡᠯ᠎ᠨᠢ ᠰᠠᠭᠤᠷᠢ ᠳᠥᠷᠪᠡᠨ ᠤᠯᠤᠰ᠎ᠢ ᠪᠠᠭᠲᠠᠭ᠋ᠠᠭᠰᠠᠨ ᠳᠡᠯᠡᠬᠡᠢ ᠵᠢᠨ ᠣᠯᠠᠩᠬᠢ ᠲᠣᠭ᠋ᠠᠨ᠎ᠤ ᠬᠥᠮᠥᠨ ᠠᠮᠠ ᠤᠯᠠᠨ ᠲᠠᠯ᠎ᠠ ᠵᠢᠨ ᠳᠡᠮᠵᠢᠯᠭᠡ ᠵᠢ ᠣᠯᠬᠤ ᠵᠢᠨ ᠠᠷᠭ᠎ᠠ ᠦᠭᠡᠢ ᠪᠣᠯᠭ᠋ᠠᠵᠠᠢ ᠭᠡᠵᠡᠢ᠃
10. ᠰᠠᠢ᠌ᠳ ᠨᠠᠷ ᠬᠥᠭᠵᠢᠭᠰᠡᠨ ᠤᠯᠤᠰ᠎ᠤᠳ᠎ᠢ ᠲᠥᠪ ᠭᠣᠣᠯᠴᠢ᠂ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠪᠠ ᠲᠤᠰ ᠲᠤᠰ᠎ᠤᠨ ᠴᠢᠳᠠᠪᠤᠷᠢ ᠵᠢᠨ ᠵᠠᠷᠴᠢᠮ᠎ᠢ ᠵᠢᠷᠤᠮᠯᠠᠵᠤ᠂ ᠲᠤᠰ ᠪᠡᠶ᠎ᠡ ᠵᠢᠨ ᠠᠭᠤᠷ ᠠᠮᠢᠰᠬᠤᠯ᠎ᠤᠨ ᠠᠵᠢᠯᠯᠠᠭ᠎ᠠ᠎ᠪᠠᠨ ᠥᠷᠭᠡᠳᠬᠡᠨ ᠳᠡᠭᠡᠭᠰᠢᠯᠡᠭᠦᠯᠵᠦ ᠠᠭᠤᠷ ᠠᠮᠢᠰᠬᠤᠯ᠎ᠤᠨ ᠳᠤᠮᠳᠠ ᠨᠠᠢ᠌ᠷᠠᠮᠳᠠᠯᠢ ᠪᠡᠶᠡᠯᠡᠭᠦᠯᠬᠦ ᠮᠥᠷᠲᠡᠭᠡᠨ ᠳᠠᠬᠢᠵᠤ ᠬᠣᠢ᠌ᠰᠢᠯᠠᠭᠤᠯᠬᠤ ᠦᠭᠡᠢ ᠪᠠᠶ᠋ᠢᠬᠤ ᠵᠢ ᠪᠡᠶᠡᠯᠡᠭᠦᠯᠬᠦ ᠵᠢᠨ ᠬᠠᠮᠲᠤ ᠬᠥᠭᠵᠢᠵᠦ ᠪᠠᠢ᠌ᠭ᠎ᠠ ᠤᠯᠤᠰ᠎ᠤᠳ᠎ᠲᠤ ᠰᠢᠨ᠎ᠡ᠂ ᠢᠯᠡᠭᠦᠦ᠂ ᠦᠷᠭᠦᠯᠵᠢᠯᠡᠬᠦ᠂ ᠲᠥᠰᠥᠭᠡᠯᠡᠵᠦ ᠪᠣᠯᠬᠤ᠂ ᠭᠦᠢ᠍ᠴᠡᠳ ᠪᠥᠭᠡᠳ ᠴᠠᠭ ᠲᠤᠬᠠᠢᠳᠤᠨᠢ ᠪᠡᠯᠡ ᠮᠥᠩᠭᠥᠨ᠎ᠤ ᠳᠡᠮᠵᠢᠯᠭᠡ ᠬᠠᠩᠭ᠋ᠠᠬᠤ ᠵᠢ ᠱᠠᠯᠠᠪᠳᠠᠭᠤᠯᠤᠨ ᠱᠠᠭ᠋ᠠᠷᠳᠠᠪᠠ᠃ ᠲᠡᠳᠡ ᠬᠥᠭᠵᠢᠵᠦ ᠪᠠᠢ᠌ᠭ᠎ᠠ ᠤᠯᠤᠰ᠎ᠤᠳ ᠬᠡᠳᠦᠨ ᠲᠦᠮᠡᠨ ᠳ᠋ᠦᠩᠰᠢᠭᠤᠷ ᠳ᠋ᠣᠯᠯᠠᠷ ᠬᠡᠷᠡᠭᠰᠡᠨ᠎ᠡ᠂ ᠬᠠᠷᠠᠭ᠋ᠠᠯᠵᠠᠯᠲᠤ ᠵᠢᠭᠡᠯᠡᠯᠭᠡ᠎ᠨᠢ ᠬᠥᠭᠵᠢᠵᠦ ᠪᠠᠢ᠌ᠭ᠎ᠠ ᠤᠯᠤᠰ᠎ᠤᠳ᠎ᠤᠨ ᠡᠳ᠋᠎ᠤᠨ ᠵᠠᠰᠠᠭ᠎ᠤᠨ ᠬᠦᠴᠢᠷᠳᠡᠯ᠎ᠢ ᠲᠠᠷᠬᠠᠭ᠋ᠠᠬᠤ᠎ᠳᠤ ᠮᠠᠰᠢ ᠴᠢᠬᠤᠯᠠ ᠪᠠᠢ᠌ᠳᠠᠭ ᠭᠡᠵᠦ ᠴᠢᠬᠤᠯᠠᠴᠢᠯᠠᠪᠠ᠃ ᠲᠡᠳᠡ ᠬᠥᠭᠵᠢᠭᠰᠡᠨ ᠤᠯᠤᠰ᠎ᠤᠳ᠎ᠤᠨ ᠬᠠᠷᠠᠬᠠᠨ ᠪᠡᠶᠡᠯᠡᠭᠦᠯᠦᠭᠡᠳᠦᠢ ᠠᠭᠤᠷ ᠠᠮᠢᠰᠬᠤᠯ᠎ᠤᠨ ᠪᠡᠯᠡ ᠮᠥᠩᠭᠥ ᠭᠠᠷᠭ᠋ᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ ᠭᠡᠵᠦ ᠤᠯᠠᠮ ᠨᠢᠭᠡ ᠠᠯᠬᠤᠮ ᠱᠠᠭ᠋ᠠᠷᠳᠠᠵᠤ᠂ ᠡᠭᠦᠨ᠎ᠳᠤ 2020 ᠣᠨ ᠪᠣᠯᠬᠤ᠎ᠳᠤ ᠵᠢᠯ ᠪᠦᠷᠢ 1000 ᠳ᠋ᠦᠩᠰᠢᠭᠤᠷ ᠳ᠋ᠣᠯᠯᠠᠷ᠎ᠤᠨ ᠪᠠᠴᠢᠮ ᠲᠦᠷᠭᠡᠨ ᠰᠢᠯᠵᠢᠭᠦᠯᠦᠨ ᠲᠣᠬᠢᠷᠠᠭᠤᠯᠬᠤ ᠬᠠᠷᠠᠯᠲᠠ ᠵᠢ ᠪᠡᠶᠡᠯᠡᠭᠦᠯᠬᠦ ᠵᠢᠨ ᠬᠠᠮᠲᠤ 2025 ᠣᠨ ᠪᠣᠯᠲᠠᠯ᠎ᠠ ᠦᠷᠭᠦᠯᠵᠢᠯᠡᠭᠦᠯᠬᠦ ᠵᠢ ᠪᠠᠭᠲᠠᠭ᠋ᠠᠵᠤ᠂ 2025 ᠣᠨ ᠪᠣᠯᠬᠤ᠎ᠳᠤ ᠲᠡᠭᠦᠨ᠎ᠤ ᠬᠥᠭᠵᠢᠵᠦ ᠪᠠᠢ᠌ᠭ᠎ᠠ ᠤᠯᠤᠰ᠎ᠲᠤ ᠬᠠᠩᠭ᠋ᠠᠭᠰᠠᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠬᠠᠮᠲᠤ ᠵᠢᠨ ᠪᠡᠯᠡ ᠮᠥᠩᠭᠥ ᠵᠢ 2019 ᠣᠨ᠎ᠤ ᠲᠦᠪᠰᠢᠨ᠎ᠠᠴᠠ ᠨᠠᠭ᠋ᠠᠲᠤ ᠵᠠᠬ᠎ᠠ᠎ᠳᠠᠭᠠᠨ ᠳᠠᠬᠢᠨ ᠵᠶ᠋ᠠᠷ ᠨᠡᠮᠡᠭᠳᠡᠭᠦᠯᠬᠦ ᠵᠢᠨ ᠬᠠᠮᠲᠤ ᠲᠣᠳᠣᠷᠬᠠᠢ ᠵᠠᠮ ᠱᠤᠭᠤᠮ᠎ᠤᠨ ᠵᠢᠷᠤᠭ᠎ᠢ ᠡᠷᠲᠡᠬᠡᠨ ᠳᠤᠷᠠᠳᠤᠨ ᠭᠠᠷᠭ᠋ᠠᠬᠤ ᠵᠢᠨ ᠬᠠᠮᠲᠤ᠂ ᠬᠠᠮᠲᠤ ᠵᠢᠨ ᠬᠡᠮᠵᠢᠶᠡᠵᠢᠭᠦᠯᠬᠦ ᠰᠢᠨ᠎ᠡ ᠬᠠᠷᠠᠯᠲᠠ ᠵᠢ ᠠᠮᠠᠯᠳᠠᠪᠠ᠂ ᠲᠤᠰ ᠬᠠᠷᠠᠯᠲᠠ᠎ᠨᠢ ᠵᠢᠯ ᠪᠦᠷᠢ 1000 ᠳ᠋ᠦᠩᠰᠢᠭᠤᠷ ᠳ᠋ᠣᠯᠯᠠᠷ᠎ᠤᠨ ᠬᠠᠮᠤᠭ᠎ᠤᠨ ᠳᠣᠣᠷ᠎ᠠ ᠪᠠᠷᠢᠮᠵᠢᠶ᠎ᠠ᠎ᠠᠴᠠ ᠬᠣᠯᠠ ᠳᠠᠪᠠᠬᠤ ᠵᠢᠨ ᠬᠠᠮᠲᠤ ᠬᠣᠬᠢᠷᠠᠯ ᠪᠠ ᠬᠣᠬᠢᠷᠠᠯ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠴᠢ ᠰᠠᠭᠤᠷᠢ ᠮᠥᠩᠭᠥ᠎ᠳᠤ ᠪᠡᠯᠡ ᠮᠥᠩᠭᠥ ᠬᠠᠩᠭ᠋ᠠᠬᠤ ᠬᠡᠷᠡᠭᠲᠡᠶ᠃ ᠲᠡᠳᠡ ᠬᠣᠯᠪᠣᠭᠳᠠᠯ ᠪᠦᠬᠦᠢ ᠮᠡᠳᠡᠭᠦᠯᠦᠯᠲᠡ ᠵᠢ ᠡᠷᠭᠢᠴᠡᠭᠦᠯᠬᠦ᠎ᠳᠡᠭᠡᠨ᠂ ᠬᠥᠭᠵᠢᠵᠦ ᠪᠠᠢ᠌ᠭ᠎ᠠ ᠤᠯᠤᠰ᠎ᠤᠳ ᠵᠢᠯ ᠪᠦᠷᠢ ᠬᠡᠳᠦᠨ ᠲᠦᠮᠡᠨ ᠳ᠋ᠦᠩᠰᠢᠭᠤᠷ ᠳ᠋ᠣᠯᠯᠠᠷ᠎ᠤᠨ ᠪᠡᠯᠡ ᠮᠥᠩᠭᠥ ᠵᠢ ᠤᠳᠠᠭ᠋ᠠᠰᠢᠷᠠᠭᠤᠯᠬᠤ ᠪᠠ ᠠᠵᠢᠯᠯᠠᠭ᠎ᠠ᠎ᠳᠤ ᠵᠣᠬᠢᠴᠠᠭᠤᠯᠬᠤ᠎ᠳᠤ ᠬᠡᠷᠡᠭᠯᠡᠬᠦ ᠴᠢᠬᠤᠯᠠᠲᠠᠢ᠂ ᠲᠡᠷᠡᠴᠢᠯᠡᠨ ᠡᠷᠬᠡ ᠲᠡᠭᠰᠢ ᠪᠤᠰᠤ᠂ ᠳᠡᠭᠡᠷᠡᠮᠳᠡᠯᠭᠡ ᠵᠢᠨ ᠴᠢᠨᠠᠷᠲᠠᠢ ᠠᠷᠠᠯᠵᠢᠶᠠᠨ᠎ᠤ ᠵᠦᠢ᠍ᠯ ᠵᠤᠷᠪᠤᠰ ᠵᠢᠴᠢ ᠲᠡᠦᠬᠡ ᠵᠢᠨ ᠪᠠ ᠣᠲᠣ ᠵᠢᠨ ᠬᠡᠷᠡᠭᠵᠢᠭᠦᠯᠵᠦ ᠪᠠᠢ᠌ᠭ᠎ᠠ ᠠᠰᠢᠭ ᠣᠯᠵᠠᠪᠤᠷᠢ ᠵᠢᠨ ᠪᠤᠰᠤ ᠴᠢᠨᠠᠷᠲᠠᠢ ᠲᠦᠭᠦᠬᠡᠢ ᠮᠠᠲ᠋ᠧᠷᠢᠶᠠᠯ᠎ᠢ ᠭᠠᠳᠠᠭ᠋ᠠᠳᠤ᠎ᠳᠤ ᠭᠠᠷᠭ᠋ᠠᠬᠤ᠎ᠳᠤ ᠲᠦᠰᠢᠭᠯᠡᠬᠦ ᠵᠡᠷᠭᠡ ᠰᠢᠯᠲᠠᠭ᠋ᠠᠨ᠎ᠠᠴᠠ ᠪᠣᠯᠵᠤ᠂ ᠵᠢᠱ᠌ᠢᠯᠲᠡ᠎ᠪᠠᠷ ᠵᠢᠯ ᠪᠦᠷᠢ 2 ᠲᠦᠮᠡᠨ ᠳ᠋ᠦᠩᠰᠢᠭᠤᠷ ᠳ᠋ᠣᠯᠯᠠᠷ᠎ᠤᠨ ᠪᠡᠯᠡ ᠮᠥᠩᠭᠥ ᠬᠥᠭᠵᠢᠵᠦ ᠪᠠᠢ᠌ᠭ᠎ᠠ ᠤᠯᠤᠰ᠎ᠠᠴᠠ ᠤᠷᠤᠰ᠎ᠤᠨ ᠭᠠᠷᠴᠤ᠂ ᠬᠥᠭᠵᠢᠭᠰᠡᠨ ᠤᠯᠤᠰ᠎ᠤᠨ ᠬᠥᠭᠵᠢᠯᠲᠡ ᠵᠢ ᠲᠤᠯᠭ᠋ᠠᠭᠤᠷᠢᠯᠠᠵᠤ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠣᠢ᠌ᠷ᠎ᠠ ᠵᠢᠨ ᠵᠢᠯ᠎ᠤᠳ᠎ᠲᠤ ᠬᠥᠭᠵᠢᠭᠰᠡᠨ ᠤᠯᠤᠰ᠎ᠤᠳ᠎ᠤᠨ ᠴᠢᠯᠠᠭᠤᠵᠢᠮᠠᠯ ᠲᠦᠯᠡᠰᠢ ᠵᠢᠨ ᠦᠢ᠍ᠯᠡᠳᠪᠦᠷᠢᠯᠡᠯ ᠪᠠ ᠬᠡᠷᠡᠭᠯᠡᠭᠡ ᠶᠡᠬᠡ᠎ᠪᠠᠷ ᠨᠡᠮᠡᠭᠳᠡᠭᠰᠡᠨ ᠪᠥᠭᠡᠳ ᠬᠥᠭᠵᠢᠭᠰᠡᠨ ᠤᠯᠤᠰ᠎ᠤᠳ᠎ᠤᠨ ᠲᠤᠰ ᠤᠯᠤᠰ᠎ᠤᠨ ᠵᠶ᠋ᠠᠨ ᠴᠢᠯᠠᠭᠤᠵᠢᠮᠠᠯ ᠲᠦᠯᠡᠰᠢ ᠵᠢᠨ ᠦᠢ᠍ᠯᠡᠳᠪᠦᠷᠢᠯᠡᠯ ᠪᠠ ᠬᠡᠷᠡᠭᠯᠡᠭᠡ ᠵᠢ ᠤᠷᠢᠳᠠᠪᠠᠷ ᠠᠯᠬᠤᠮ ᠠᠯᠬᠤᠮ ᠵᠶ᠋ᠠᠷ ᠰᠢᠭᠰᠢᠭᠳᠡᠭᠦᠯᠬᠦ ᠵᠢ ᠵᠣᠷᠢᠭᠵᠢᠭᠤᠯᠬᠤ ᠵᠢ ᠰᠠᠢ᠌ᠳ ᠨᠠᠷ ᠪᠠᠰᠠ ᠠᠩᠬᠠᠷᠤᠯ᠎ᠳᠠᠭᠠᠨ ᠠᠪᠤᠭᠰᠠᠨ ᠪᠠᠢ᠌ᠨ᠎ᠠ᠃
11. ᠲᠡᠳᠡ ᠤᠯᠠᠨ ᠤᠯᠤᠰ᠎ᠤᠨ ᠠᠷᠠᠯᠵᠢᠶ᠎ᠠ ᠵᠢ ᠬᠡᠯᠪᠡᠷᠢ ᠵᠢ᠎ᠨᠢ ᠥᠭᠡᠷᠡᠲᠦᠭᠦᠯᠦᠨ ᠬᠢᠵᠠᠭ᠋ᠠᠷᠯᠠᠬᠤ ᠭᠠᠭᠴᠠ ᠲᠠᠯ᠎ᠠ ᠵᠢᠨ᠂ ᠠᠯᠪᠠᠳᠠᠯᠭ᠎ᠠ ᠵᠢᠨ ᠴᠢᠨᠠᠷᠲᠠᠢ ᠠᠷᠭ᠎ᠠ ᠬᠡᠮᠵᠢᠶ᠎ᠡ ᠵᠢ ᠡᠷᠡᠰ ᠡᠰᠡᠷᠭᠦᠴᠡᠬᠦ᠎ᠪᠠᠨ ᠢᠯᠡᠷᠬᠡᠢ᠌ᠯᠡᠭᠰᠡᠨ ᠪᠥᠭᠡᠳ ᠪᠤᠢ ᠪᠦᠬᠦᠢ ᠬᠠᠮᠲᠤᠷᠠᠯᠴᠠᠭ᠋ᠠᠨ᠎ᠤ ᠬᠠᠨᠢᠲᠠᠳ᠎ᠤᠨ ᠬᠠᠮᠲᠤᠷᠠᠨ ᠠᠵᠢᠯᠯᠠᠬᠤ ᠵᠢ ᠰᠢᠢ᠍ᠳᠪᠦᠷᠢᠯᠡᠬᠦ ᠲᠥᠰᠥᠯ ᠪᠠ ᠬᠠᠨᠢᠲᠠᠨ᠎ᠤ ᠬᠠᠷᠢᠴᠠᠭ᠎ᠠ ᠵᠢ ᠴᠢᠷᠮᠠᠢ᠌ᠨ ᠡᠷᠢᠯᠬᠢᠯᠡᠵᠦ᠂ ᠦᠷᠭᠦᠯᠵᠢᠯᠡᠬᠦ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠳᠪᠦᠷᠢᠯᠡᠯ ᠪᠠ ᠠᠷᠠᠯᠵᠢᠶᠠᠨ᠎ᠤ ᠣᠷᠣᠬᠤ ᠵᠥᠪᠰᠢᠶᠡᠷᠡᠯ᠎ᠢ ᠠᠬᠢᠭᠤᠯᠬᠤ ᠵᠢ ᠤᠷᠢᠶᠠᠯᠠᠭᠰᠠᠨ ᠪᠠᠢ᠌ᠨ᠎ᠠ᠃ ᠬᠥᠭᠵᠢᠭᠰᠡᠨ ᠤᠯᠤᠰ᠎ᠤᠳ᠎ᠤᠨ ᠤᠯᠤᠰ᠎ᠤᠨ ᠳᠣᠲᠣᠭ᠋ᠠᠳᠤ᠎ᠳᠠᠭᠠᠨ ᠭᠠᠷᠭ᠋ᠠᠭᠰᠠᠨ ᠨᠠᠭᠦᠷᠡᠰᠦᠲᠦ᠋ᠷᠦᠭᠴᠢ ᠦᠭᠡᠢ᠌ᠳᠡᠭᠦᠯᠬᠦ ᠵᠢᠨ ᠲᠥᠯᠥᠭᠡ ᠭᠠᠷᠭ᠋ᠠᠭᠰᠠᠨ ᠴᠢᠷᠮᠠᠢ᠌ᠯᠭ᠎ᠠ ᠪᠠ ᠣᠯᠣᠭᠰᠠᠨ ᠬᠡᠰᠡᠭ ᠦᠷ᠎ᠡ ᠪᠦᠲᠦᠭᠡᠯ᠎ᠢ ᠰᠠᠢ᠌ᠳ ᠨᠠᠷ ᠵᠥᠪᠰᠢᠶᠡᠷᠡᠵᠦ ᠪᠠᠢ᠌ᠨ᠎ᠠ᠃ ᠭᠡᠲᠡᠯ᠎ᠡ ᠲᠠᠲᠠ᠂ ᠳᠡᠯᠡᠬᠡᠢ ᠳᠡᠭᠡᠷ᠎ᠡ ᠬᠥᠭᠵᠢᠭᠰᠡᠨ ᠤᠯᠤᠰ᠎ᠤᠳ᠎ᠤᠨ ᠰᠣᠩᠭᠣᠯᠲᠠ ᠵᠢᠨ ᠴᠢᠨᠠᠷᠲᠠᠢ᠂ ᠭᠦᠢ᠍ᠴᠡᠳ ᠪᠤᠰᠤ᠂ ᠶᠡᠷᠦᠳᠡ ᠵᠢᠨ ᠬᠦᠴᠦᠨ ᠦᠭᠡᠢ ᠠᠵᠢᠯᠯᠠᠭ᠎ᠠ᠎ᠨᠢ ᠢᠲᠡᠭᠡᠯ ᠵᠣᠷᠢᠭ᠎ᠢ ᠬᠣᠬᠢᠷᠠᠭᠤᠯᠵᠤ᠂ ᠡᠭᠦᠨ᠎ᠤ ᠤᠯᠠᠮ᠎ᠠᠴᠠ ᠰᠢᠨᠵᠢᠯᠡᠬᠦ ᠤᠬᠠᠭ᠋ᠠᠨᠴᠢ᠎ᠪᠠᠷ ᠨᠠᠭᠦᠷᠡᠰᠦᠲᠦ᠋ᠷᠦᠭᠴᠢ ᠦᠭᠡᠢ᠌ᠳᠡᠭᠦᠯᠬᠦ ᠬᠠᠮᠲᠤ ᠵᠢᠨ ᠠᠵᠢᠯᠯᠠᠭ᠎ᠠ ᠵᠢᠨ ᠬᠤᠷᠳᠤᠴᠠ ᠪᠣᠯᠣᠨ ᠬᠡᠪᠴᠢᠶ᠎ᠡ ᠵᠢ ᠬᠣᠬᠢᠷᠠᠭᠤᠯᠬᠤ ᠵᠢ ᠴᠢᠬᠤᠯᠠᠴᠢᠯᠠᠵᠠᠢ᠂ ᠡᠨᠡ᠎ᠨᠢ ᠪᠢᠳᠡᠨ᠎ᠳᠤ ᠨᠡᠩ ᠶᠡᠬᠡ ᠠᠮᠠᠯᠠᠯᠲᠠ ᠪᠣᠯᠣᠨ ᠪᠦᠲᠦᠮᠵᠢᠲᠡᠢ ᠬᠡᠷᠡᠭᠵᠢᠭᠦᠯᠬᠦ ᠵᠢᠨ ᠴᠢᠬᠤᠯᠠ ᠴᠢᠨᠠᠷ᠎ᠢ ᠵᠢᠭ᠋ᠠᠵᠤ ᠥᠭᠴᠡᠢ᠃ ᠲᠡᠳᠡ ᠴᠢᠬᠤᠯᠠᠴᠢᠯᠠᠬᠤ᠎ᠳᠠᠭᠠᠨ᠂ ᠪᠢᠳᠡ ᠨᠢᠭᠡᠨᠲᠡ ᠣᠯᠣᠭᠰᠠᠨ ᠦᠷ᠎ᠡ ᠪᠦᠲᠦᠭᠡᠯ᠎ᠠᠴᠠ᠎ᠪᠠᠨ ᠳᠠᠪᠠᠵᠤ᠂ ᠴᠢᠬᠤᠯᠠ ᠪᠦᠬᠦᠢ ᠦᠷ᠎ᠡ ᠪᠦᠲᠦᠭᠡᠯ ᠣᠯᠬᠤ ᠬᠡᠷᠡᠭᠲᠡᠶ ᠭᠡᠵᠡᠢ᠃
12. ᠰᠠᠭᠤᠷᠢ ᠳᠦᠷᠪᠡᠨ ᠤᠯᠤᠰ᠎ᠤᠨ ᠰᠠᠢ᠌ᠳ ᠨᠠᠷ ᠪᠤᠢ ᠪᠦᠬᠦᠢ ᠤᠯᠤᠰ᠎ᠤᠨ ᠬᠣᠭᠣᠷᠣᠨᠳᠤ ᠢᠲᠡᠭᠡᠯᠴᠡᠭᠡ ᠵᠢ ᠪᠠᠢ᠌ᠭᠤᠯᠬᠤ᠎ᠪᠠᠷ ᠵᠣᠷᠢᠭ ᠰᠢᠭᠤᠳᠴᠤ᠂ ᠡᠯ᠎ᠡ ᠤᠯᠤᠰ᠎ᠤᠨ ᠬᠠᠮᠲᠤ ᠵᠢᠨ ᠴᠢᠷᠮᠠᠢ᠌ᠯᠭ᠎ᠠ ᠵᠢ ᠥᠷᠭᠡᠳᠬᠡᠬᠦ᠂ ᠭᠦᠨᠵᠡᠭᠡᠢ᠌ᠷᠡᠭᠦᠯᠬᠦ ᠪᠠ ᠤᠯᠠᠨ ᠶᠠᠩᠵᠤ ᠵᠢᠨ ᠪᠣᠯᠭ᠋ᠠᠬᠤ᠎ᠪᠠᠷ ᠠᠮᠠᠯᠠᠵᠤ᠂ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠴᠢᠩᠭ᠋ᠠᠳᠬᠠᠬᠤ ᠵᠢᠨ ᠬᠠᠮᠲᠤ ᠲᠡᠭᠦᠨ᠎ᠤ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ 《ᠨᠠᠢ᠌ᠳᠠ ᠵᠢᠨ ᠭᠡᠷ᠎ᠡ》 ᠵᠢᠴᠢ 《ᠺᠢᠤᠲ᠋ᠤ᠋ ᠵᠢᠨ ᠵᠥᠪᠯᠡᠨ ᠲᠣᠭᠲᠠᠭ᠋ᠠᠭᠰᠠᠨ ᠪᠢᠴᠢᠭ》 ᠪᠣᠯᠣᠨ 《ᠫᠠᠷᠢᠰ᠎ᠤᠨ ᠬᠡᠯᠡᠯᠴᠡᠭᠡᠷ》᠎ᠤᠨ ᠳᠣᠣᠷ᠎ᠠ ᠪᠠᠢ᠌ᠭ᠎ᠠ ᠵᠠᠷᠴᠢᠮ ᠪᠣᠯᠣᠨ ᠬᠠᠷᠠᠯᠲᠠ ᠵᠢᠨ ᠬᠡᠷᠡᠭᠵᠢᠭᠦᠯᠦᠯᠲᠡ ᠵᠢ ᠴᠢᠩᠭ᠋ᠠᠳᠬᠠᠪᠠ᠃ ᠲᠡᠳᠡ᠂ ᠦᠷᠭᠦᠯᠵᠢᠯᠡᠬᠦ ᠬᠥᠭᠵᠢᠯᠲᠡ᠎ᠳᠤ ᠠᠰᠢᠭᠲᠠᠢ ᠳᠡᠯᠡᠬᠡᠢ ᠵᠢᠨ ᠣᠷᠴᠢᠨ ᠲᠣᠭᠣᠷᠢᠨ᠎ᠢ ᠪᠤᠢ ᠪᠣᠯᠭ᠋ᠠᠬᠤ᠎ᠪᠠᠷ ᠡᠷᠡᠰ ᠴᠢᠷᠮᠠᠢ᠌ᠪᠠ᠂ ᠡᠨᠡ᠎ᠨᠢ ᠪᠠᠭᠲᠠᠭ᠋ᠠᠮᠵᠢᠲᠠᠢ᠂ ᠡᠷᠬᠡ ᠲᠡᠭᠰᠢ ᠪᠦᠬᠦ ᠪᠥᠮᠪᠥᠷᠴᠡᠭ᠎ᠤᠨ ᠰᠢᠢ᠍ᠳᠪᠦᠷᠢᠲᠦ ᠪᠣᠳᠣᠯᠭ᠎ᠠ ᠵᠢᠨ ᠠᠬᠢᠴᠠ᠎ᠳᠤ ᠠᠰᠢᠭᠲᠠᠢ ᠪᠠᠢ᠌ᠵᠤ᠂ ᠬᠥᠮᠥᠨ ᠲᠥᠷᠥᠯᠬᠢᠲᠡᠨ᠎ᠤ ᠬᠠᠮᠲᠤ ᠵᠢᠨ ᠣᠶᠤᠨ ᠤᠬᠠᠭ᠋ᠠᠨ ᠪᠣᠯᠣᠨ ᠬᠥᠭᠵᠢᠯᠲᠡ ᠵᠢᠨ ᠬᠦᠰᠡᠯ ᠰᠠᠨᠠᠭ᠎ᠠ ᠵᠢ ᠪᠦᠲᠦᠮᠵᠢᠲᠡᠢ ᠲᠥᠯᠥᠭᠡᠯᠡᠵᠦ᠂ ᠬᠠᠮᠲᠤ ᠵᠢᠨ ᠬᠥᠭᠵᠢᠯ ᠴᠡᠴᠡᠭᠯᠡᠯ᠎ᠢ ᠪᠡᠶᠡᠯᠡᠭᠦᠯᠬᠦ᠎ᠳᠤ ᠠᠰᠢᠭᠲᠠᠢ ᠶᠤᠮ ᠭᠡᠵᠦ ᠢᠯᠡᠳᠬᠡᠵᠡᠭᠡᠪᠡ᠃