7 ᠰᠠᠷ᠎ᠠ ᠵᠢᠨ 16 — 19 ᠤ ᠡᠳᠦᠷ ᠳᠤᠮᠳᠠᠳᠤ ᠠᠮᠧᠷᠢᠺᠠ ᠵᠢᠨ ᠠᠭᠤᠷ ᠠᠮᠢᠰᠬᠤᠯ᠎ᠤᠨ ᠣᠨᠴᠠ ᠡᠯᠴᠢ ᠪᠡᠭᠡᠵᠢᠩ᠎ᠳᠤ ᠶᠠᠷᠢᠯᠴᠠᠭ᠎ᠠ ᠬᠢᠭᠰᠡᠨ᠎ᠤ ᠳᠠᠷᠠᠭ᠎ᠠ᠂ 7 ᠰᠠᠷ᠎ᠠ ᠵᠢᠨ 27 ᠤ ᠡᠳᠦᠷ᠂ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠷᠡᠭ ᠶᠠᠪᠤᠳᠠᠯ᠎ᠤᠨ ᠣᠨᠴᠠ ᠡᠯᠴᠢ ᠰᠢᠶᠧ ᠵᠧᠨ ᠬᠤᠸᠠ ᠤᠷᠢᠯᠭ᠎ᠠ᠎ᠪᠠᠷ ᠠᠮᠧᠷᠢᠺᠠ ᠵᠢᠨ ᠶᠡᠷᠦᠩᠬᠡᠢ᠌ᠯᠡᠭᠴᠢ ᠵᠢᠨ ᠠᠭᠤᠷ ᠠᠮᠢᠰᠬᠤᠯ᠎ᠤᠨ ᠠᠰᠠᠭᠤᠳᠠᠯ᠎ᠤᠨ ᠣᠨᠴᠠ ᠡᠯᠴᠢ ᠺᠧᠯᠢᠲᠠᠢ ᠸᠢᠳᠢᠤ᠋᠎ᠪᠠᠷ ᠬᠡᠯᠡᠯᠴᠡᠭᠡ ᠬᠢᠵᠦ᠂ ᠳᠤᠮᠳᠠᠳᠤ ᠠᠮᠧᠷᠢᠺᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠶᠠᠷᠢᠯᠴᠠᠭ᠎ᠠ ᠰᠣᠯᠢᠯᠴᠠᠭ᠎ᠠ ᠵᠢ ᠴᠢᠩᠭ᠋ᠠᠳᠬᠠᠬᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠤᠯᠠᠨ ᠲᠠᠯ᠎ᠠ ᠵᠢᠨ ᠠᠬᠢᠴᠠ ᠵᠢ ᠬᠠᠮᠲᠤᠷᠠᠯᠴᠠᠨ ᠠᠬᠢᠭᠤᠯᠬᠤ ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠤᠯᠠᠮ ᠴᠢᠨᠠᠭᠰᠢᠳᠠ ᠰᠣᠯᠢᠯᠴᠠᠪᠠ᠃ ᠬᠣᠶᠠᠷ ᠲᠠᠯ᠎ᠠ᠎ᠪᠠᠷ ᠵᠶ᠋ᠠᠨ ᠨᠢᠭᠲᠠ ᠣᠢ᠌ᠯᠠᠭ᠋ᠠᠯᠴᠠᠭ᠎ᠠ᠎ᠪᠠᠨ ᠦᠷᠭᠦᠯᠵᠢᠯᠡᠨ ᠪᠠᠲᠤᠯᠠᠬᠤ ᠵᠢ ᠵᠥᠪᠰᠢᠶᠡᠷᠡᠪᠡ᠃
ᠡᠭᠦᠨ᠎ᠠᠴᠠ ᠭᠠᠳᠠᠨ᠎ᠠ᠂ ᠰᠢᠶᠧ ᠵᠧᠨ ᠬᠤᠸᠠ ᠣᠨᠴᠠ ᠡᠯᠴᠢ ᠲᠦᠷᠦᠭᠦᠬᠡᠨ ᠳᠤᠮᠳᠠᠳᠤ ᠤᠯᠤᠰ᠎ᠲᠤ ᠰᠠᠭᠤᠭ᠎ᠠ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ ᠡᠯᠴᠢᠨ ᠰᠠᠢ᠌ᠳ ᠬᠠᠮᠠᠳᠢᠲᠠᠢ ᠬᠡᠯᠡᠯᠴᠡᠭᠡ ᠬᠢᠵᠦ᠂ 《ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠪᠦᠳᠦᠭᠦᠪᠴᠢ ᠲᠥᠰᠥᠪ᠎ᠤᠨ ᠨᠠᠢ᠌ᠳᠠ ᠵᠢᠨ ᠭᠡᠷ᠎ᠡ》 ᠵᠢᠨ 28 ᠳ᠋ᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠬᠤᠷᠠᠯ (COP28)᠂ ᠳᠤᠮᠳᠠᠳᠤ ᠠᠷᠠᠪ᠎ᠤᠨ ᠠᠭᠤᠷ ᠠᠮᠢᠰᠬᠤᠯ᠎ᠤᠨ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ COP28 ᠵᠢ ᠠᠮᠵᠢᠯᠲᠠ᠎ᠲᠠᠢ ᠡᠷᠭᠢᠯᠡᠬᠦ ᠵᠢ ᠳᠤᠮᠳᠠᠳᠤ ᠵᠢᠨ ᠲᠠᠯ᠎ᠠ ᠵᠢᠨ᠎ᠬᠢᠨ ᠡᠷᠡᠰ ᠳᠡᠮᠵᠢᠨ᠎ᠡ ᠭᠡᠵᠦ ᠢᠯᠡᠷᠬᠡᠢ᠌ᠯᠡᠪᠡ᠃