ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠪᠥᠬᠥ ᠪᠥᠮᠪᠥᠷᠴᠡᠭ᠎ᠤᠨ ᠬᠥᠭᠵᠢᠯᠲᠡ ᠵᠢᠨ ᠲᠥᠷᠥᠯ ᠵᠦᠢ᠍ᠯ᠎ᠤᠨ ᠬᠥᠮᠥᠷᠭᠡ᠎ᠳᠤ ᠣᠷᠣᠭᠤᠯᠬᠤ ᠲᠥᠷᠥᠯ ᠵᠦᠢ᠍ᠯ᠎ᠢ ᠴᠤᠭᠯᠠᠭᠤᠯᠬᠤ ᠲᠤᠬᠠᠢ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-01-17

      ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄

      ᠪᠦᠬᠦ ᠪᠥᠮᠪᠥᠷᠴᠡᠭ᠎ᠤᠨ ᠬᠥᠭᠵᠢᠯᠲᠡ ᠵᠢᠨ ᠳᠦᠷᠦᠯ ᠵᠦᠢ᠍ᠯ᠎ᠤᠨ ᠬᠥᠮᠥᠷᠭᠡ ᠵᠢ ᠪᠠᠢ᠌ᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ 2022 ᠣᠨ᠎ᠤ 6 ᠰᠠᠷ᠎ᠠ᠎ᠳᠤ ᠪᠦᠬᠦ ᠪᠥᠮᠪᠥᠷᠴᠡᠭ᠎ᠤᠨ ᠬᠥᠭᠵᠢᠯᠲᠡ ᠵᠢᠨ ᠳᠡᠭᠡᠳᠦ ᠳᠡᠰ᠎ᠤᠨ ᠶᠠᠷᠢᠯᠴᠠᠭ᠋ᠠᠨ᠎ᠤ ᠬᠤᠷᠠᠯ ᠳᠡᠭᠡᠷ᠎ᠡ ᠨᠡᠢ᠌ᠲᠡᠯᠡᠭᠰᠡᠨ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ 32 ᠵᠦᠢ᠍ᠯ᠎ᠤᠨ ᠴᠢᠬᠤᠯᠠ ᠠᠷᠭ᠎ᠠ ᠬᠡᠮᠵᠢᠶ᠎ᠡ ᠵᠢᠨ ᠨᠢᠭᠡ ᠪᠣᠯᠣᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠥᠭᠵᠢᠯᠲᠡ ᠵᠢᠨ ᠬᠠᠮᠲᠤᠷᠠᠯᠴᠠᠭ᠋ᠠᠨ᠎ᠤ ᠡᠬᠢ ᠪᠠᠶᠠᠯᠢᠭ᠎ᠢ ᠨᠢᠭᠲᠠᠷᠠᠭᠤᠯᠵᠤ᠂ ᠪᠦᠬᠦ ᠪᠥᠮᠪᠥᠷᠴᠡᠭ᠎ᠤᠨ ᠬᠥᠭᠵᠢᠯᠲᠡ ᠵᠢ ᠠᠬᠢᠭᠤᠯᠬᠤ ᠰᠠᠨᠠᠭ᠋ᠠᠴᠢᠯᠠᠭ᠎ᠠ᠂ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠴᠢ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠲᠠᠪᠴᠠᠩ᠎ᠢ ᠪᠠᠢ᠌ᠭᠤᠯᠬᠤ᠎ᠪᠠᠷ ᠵᠣᠷᠢᠯᠲᠠ᠎ᠪᠠᠨ ᠪᠣᠯᠭ᠋ᠠᠵᠠᠢ᠂ ᠲᠤᠰ ᠠᠷᠭ᠎ᠠ ᠬᠡᠮᠵᠢᠶ᠎ᠡ ᠵᠢ ᠤᠯᠤᠰ᠎ᠤᠨ ᠤᠯᠠᠨ ᠤᠯᠤᠰ᠎ᠤᠨ ᠬᠥᠭᠵᠢᠯᠲᠡ ᠵᠢᠨ ᠬᠠᠮᠲᠤᠷᠠᠯᠴᠠᠭ᠋ᠠᠨ᠎ᠤ ᠵᠠᠬᠢᠷᠭ᠎ᠠ᠎ᠠᠴᠠ ᠲᠦᠷᠦᠭᠦᠯᠡᠨ ᠨᠠᠢ᠌ᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠤᠰᠠᠳᠠ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠥᠷᠥᠯ ᠵᠦᠢ᠍ᠯ ᠭᠤᠶᠤᠴᠢᠯᠠᠨ ᠮᠡᠳᠡᠭᠦᠯᠬᠦ ᠵᠢ ᠢᠳᠡᠪᠬᠢᠲᠡᠢ ᠵᠣᠬᠢᠶᠠᠨ ᠪᠠᠢ᠌ᠭᠤᠯᠵᠤ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂ ᠮᠡᠳᠡᠭᠦᠯᠬᠦ ᠬᠦᠷᠢᠶ᠎ᠡ

      ᠮᠡᠳᠡᠭᠦᠯᠦᠭᠰᠡᠨ ᠳᠦᠷᠦᠯ ᠵᠦᠢ᠍ᠯ᠎ᠨᠢ ᠡᠷᠬᠡᠪᠰᠢ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢᠨ ᠨᠠᠢ᠍ᠮᠠᠨ ᠶᠡᠬᠡ ᠭᠣᠣᠯᠳᠠᠯᠭ᠎ᠠ᠎ᠲᠠᠢ ᠬᠠᠮᠲᠤᠷᠠᠯᠴᠠᠭ᠋ᠠᠨ᠎ᠤ ᠬᠦᠷᠢᠶᠡᠨ᠎ᠳᠠᠬᠢ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ ᠵᠢᠨ ᠬᠦᠷᠢᠶ᠎ᠡ ᠵᠢᠴᠢ ᠠᠭᠤᠯᠤᠭᠳᠠᠬᠤᠨ᠎ᠲᠠᠢ ᠨᠡᠢ᠌ᠴᠡᠭᠰᠡᠨ ᠪᠠᠶ᠋ᠢᠬᠤ ᠬᠡᠷᠡᠭᠲᠡᠢ᠂ ᠳᠦᠷᠦᠯ ᠵᠦᠢ᠍ᠯ᠎ᠤᠨ ᠮᠡᠳᠡᠭᠡ ᠵᠠᠩᠭᠢ ᠵᠢ ᠴᠥᠮ ᠢᠯᠡ ᠪᠣᠯᠭ᠋ᠠᠬᠤ ᠬᠡᠷᠡᠭᠲᠡᠢ (ᠳᠠᠭ᠋ᠠᠯᠳᠤᠭᠤᠯᠤᠯ 1 ᠵᠢ ᠦᠵᠡ)᠃

      ᠬᠣᠶᠠᠷ᠂ ᠮᠡᠳᠡᠭᠦᠯᠬᠦ ᠳᠦᠷᠦᠯ ᠵᠦᠢ᠍ᠯ

      ᠲᠥᠷᠥᠯ ᠵᠦᠢ᠍ᠯ᠎ᠤᠨ ᠬᠥᠮᠥᠷᠭᠡ᠎ᠳᠤ ᠦᠷ᠎ᠡ ᠪᠦᠲᠦᠭᠡᠯ᠎ᠤᠨ ᠬᠥᠮᠥᠷᠭᠡ ᠪᠠ ᠨᠡᠪᠴᠢᠭᠦᠯᠬᠦ ᠬᠥᠮᠥᠷᠭᠡ ᠪᠠᠭᠲᠠᠨ᠎ᠠ᠃ 2022 ᠣᠨ᠎ᠤ 6 ᠰᠠᠷ᠎ᠠ᠎ᠠᠴᠠ ᠰᠡᠭᠦᠯᠡᠷ ᠲᠥᠷᠥᠯ ᠵᠦᠢ᠍ᠯ ᠲᠣᠭᠲᠠᠭ᠋ᠠᠭᠰᠠᠨ᠂ ᠶᠠᠭ ᠬᠡᠷᠡᠭᠵᠢᠭᠦᠯᠵᠦ ᠪᠠᠢ᠌ᠭ᠎ᠠ ᠪᠤᠶᠤ ᠬᠡᠷᠡᠭᠵᠢᠭᠦᠯᠵᠦ ᠳᠠᠭᠤᠰᠤᠭᠰᠠᠨ ᠲᠥᠷᠥᠯ ᠵᠦᠢ᠍ᠯ᠎ᠢ ᠦᠷ᠎ᠡ ᠪᠦᠲᠦᠭᠡᠯ᠎ᠤᠨ ᠬᠥᠮᠥᠷᠭᠡ᠎ᠳᠤ ᠮᠡᠳᠡᠭᠦᠯᠵᠦ ᠪᠣᠯᠣᠨ᠎ᠠ (ᠳᠠᠭ᠋ᠠᠯᠳᠤᠭᠤᠯᠤᠯ 2᠎ᠢ ᠲᠠᠭᠯᠠᠨ᠎ᠠ); ᠣᠳᠣᠬᠠᠨ᠎ᠳᠤ ᠲᠥᠷᠥᠯ ᠵᠦᠢ᠍ᠯ ᠵᠶ᠋ᠠᠷ ᠲᠣᠭᠲᠠᠭ᠋ᠠᠭ᠋ᠠᠳᠤᠢ ᠮᠥᠷᠲᠡᠭᠡᠨ ᠡᠬᠢ ᠪᠠᠶᠠᠯᠢᠭ᠎ᠲᠠᠢ ᠵᠣᠯᠭ᠋ᠠᠭᠤᠯᠵᠤ ᠪᠠᠶ᠋ᠢᠭ᠋ᠠᠳ ᠭᠤᠷᠪᠠᠨ ᠲᠠᠯ᠎ᠠ ᠵᠢᠨ ᠪᠤᠶᠤ ᠤᠯᠠᠨ ᠲᠠᠯ᠎ᠠ ᠵᠢᠨ ᠬᠠᠮᠲᠤᠷᠠᠯᠴᠠᠭ᠎ᠠ ᠵᠢ ᠥᠷᠨᠢᠭᠦᠯᠬᠦ ᠲᠥᠷᠥᠯ ᠵᠦᠢ᠍ᠯ᠎ᠨᠢ ᠨᠡᠪᠴᠢᠭᠦᠯᠬᠦ ᠬᠥᠮᠥᠷᠭᠡ ᠵᠢ ᠭᠤᠶᠤᠴᠢᠯᠠᠨ ᠮᠡᠳᠡᠭᠦᠯᠦᠨ᠎ᠡ (ᠳᠠᠭ᠋ᠠᠯᠳᠤᠭᠤᠯᠤᠯ 3 ᠵᠢ ᠲᠠᠭᠯᠠᠵᠤ᠂ ᠥᠯᠢᠭᠡᠷ ᠬᠦᠰᠦᠨᠦᠭᠲᠦ ᠵᠢᠨ ᠡᠯᠧᠺᠲᠷᠣᠨ ᠬᠡᠪᠯᠡᠯ᠎ᠢ ᠤᠯᠤᠰ᠎ᠤᠨ ᠬᠠᠮᠲᠤᠷᠠᠭᠰᠠᠨ ᠠᠯᠪᠠᠨ ᠰᠦᠯᠵᠢᠶ᠎ᠡ᠎ᠠᠴᠠ ᠪᠠᠭᠤᠯᠭ᠋ᠠᠨ ᠠᠪᠴᠤ ᠪᠣᠯᠣᠨ᠎ᠠ)᠃

      ᠭᠤᠷᠪᠠ᠂ ᠬᠠᠮᠢᠶ᠎ᠠ ᠪᠦᠬᠦᠢ ᠱᠠᠭ᠋ᠠᠷᠳᠠᠯᠭ᠎ᠠ

      ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠱᠠᠭ᠋ᠠᠷᠳᠠᠯᠭ᠎ᠠ ᠵᠢ ᠦᠨᠳᠦᠰᠦᠯᠡᠨ᠂ ᠲᠥᠷᠥᠯ ᠵᠦᠢ᠍ᠯ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠬᠤ᠂ ᠠᠩᠬ᠎ᠠ ᠬᠢᠨᠠᠬᠤ ᠵᠢᠴᠢ ᠪᠠᠲᠤᠯᠠᠨ ᠲᠠᠨᠢᠯᠴᠠᠭᠤᠯᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠪᠠᠲᠤᠯᠠᠨ ᠲᠠᠨᠢᠯᠴᠠᠭᠤᠯᠬᠤ ᠪᠢᠴᠢᠭ ᠭᠠᠷᠭ᠋ᠠᠵᠤ ᠥᠭᠭᠦᠨ᠎ᠡ᠃ ᠲᠠᠨᠢᠯᠴᠠᠭᠤᠯᠭ᠎ᠠ ᠵᠢᠨ ᠪᠢᠴᠢᠭ᠂ ᠭᠤᠶᠤᠴᠢᠯᠠᠯ᠎ᠤᠨ ᠬᠦᠰᠦᠨᠦᠭᠲᠦ / ᠮᠡᠳᠡᠭᠦᠯᠬᠦ ᠬᠦᠰᠦᠨᠦᠭᠲᠦ ᠵᠢᠨ ᠡᠯᠧᠺᠲᠷᠣᠨ ᠬᠡᠪᠯᠡᠯ᠎ᠢ ᠢᠮᠧᠯ ᠵᠶ᠋ᠠᠷ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠲᠤ ᠨᠢᠭᠡᠳᠦᠯᠲᠡᠢ ᠲᠠᠨᠢᠯᠴᠠᠭᠤᠯᠤᠨ ᠮᠡᠳᠡᠭᠦᠯᠵᠦ ᠬᠥᠮᠥᠷᠭᠡ᠎ᠳᠤ ᠣᠷᠣᠭᠤᠯᠤᠨ᠎ᠠ᠂ ᠲᠣᠰ ᠮᠡᠳᠡᠭᠳᠡᠯ ᠣᠷᠳᠣ ᠬᠤᠭᠤᠴᠠᠭ᠎ᠠ᠎ᠪᠠᠷ ᠬᠦᠴᠦᠨ᠎ᠲᠠᠢ᠃ ᠬᠥᠮᠥᠷᠭᠡ᠎ᠳᠤ ᠣᠷᠣᠭᠤᠯᠬᠤ ᠲᠥᠷᠥᠯ ᠵᠦᠢ᠍ᠯ᠎ᠳᠤ᠂ ᠤᠯᠤᠰ᠎ᠤᠨ ᠤᠯᠠᠨ ᠤᠯᠤᠰ᠎ᠤᠨ ᠬᠥᠭᠵᠢᠯᠲᠡ ᠵᠢᠨ ᠬᠠᠮᠲᠤᠷᠠᠯᠴᠠᠭ᠋ᠠᠨ᠎ᠤ ᠵᠠᠬᠢᠷᠭ᠎ᠠ᠎ᠠᠴᠠ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ᠂ ᠪᠡᠯᠡ ᠮᠥᠩᠭᠥ ᠵᠡᠷᠭᠡ ᠲᠠᠯ᠎ᠠ ᠵᠢᠨ ᠳᠡᠮᠵᠢᠯᠭᠡ ᠦᠵᠡᠭᠦᠯᠬᠦ ᠵᠢᠨ ᠬᠠᠮᠲᠤ᠂ ᠬᠥᠮᠥᠷᠭᠡ᠎ᠳᠤ ᠣᠷᠣᠭᠤᠯᠬᠤ ᠲᠥᠷᠥᠯ ᠵᠦᠢ᠍ᠯ᠎ᠤᠨ ᠠᠬᠢᠴᠠ ᠵᠢᠨ ᠪᠠᠶ᠋ᠢᠳᠠᠯ ᠵᠡᠷᠭᠡ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠴᠤᠭᠯᠠᠭᠤᠯᠤᠨ᠎ᠠ᠂ ᠬᠠᠮᠵᠢᠯᠴᠠᠬᠤ ᠵᠢ ᠬᠦᠰᠡᠵᠦ ᠪᠠᠢ᠌ᠨ᠎ᠠ᠃

      ᠬᠠᠷᠢᠯᠴᠠᠬᠤ ᠬᠥᠮᠥᠨ᠄ ᠯᠢᠦ ᠽᠢ ᠢᠦᠢ    ᠬᠠᠷᠢᠯᠴᠠᠬᠤ ᠤᠲᠠᠰᠤ᠄ 0471 — 4632301

      ᠢᠮᠧᠯ᠄ nmgydqhc@126.com

      ᠳᠠᠭ᠋ᠠᠯᠳᠤᠭᠤᠯᠤᠯ᠄ 1. ᠪᠥᠬᠥ ᠪᠥᠮᠪᠥᠷᠴᠡᠭ᠎ᠤᠨ ᠬᠥᠭᠵᠢᠯᠲᠡ ᠵᠢᠨ ᠲᠥᠷᠥᠯ ᠵᠦᠢ᠍ᠯ᠎ᠤᠨ ᠬᠥᠮᠥᠷᠭᠡ ᠵᠢᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)

      2. ᠦᠷ᠎ᠡ ᠪᠦᠲᠦᠭᠡᠯ᠎ᠤᠨ ᠬᠥᠮᠥᠷᠭᠡ ᠵᠢᠨ ᠳᠦᠷᠦᠯ ᠵᠦᠢ᠍ᠯ᠎ᠢ ᠭᠤᠶᠤᠴᠢᠯᠠᠬᠤ ᠬᠦᠰᠦᠨᠦᠭᠲᠦ

      3. ᠨᠡᠪᠴᠢᠭᠦᠯᠬᠦ ᠬᠥᠮᠥᠷᠭᠡ ᠵᠢᠨ ᠲᠥᠷᠥᠯ ᠵᠦᠢ᠍ᠯ᠎ᠤᠨ ᠮᠡᠳᠡᠭᠦᠯᠬᠦ ᠬᠦᠰᠦᠨᠦᠭᠲᠦ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

            ᠠᠮᠢ ᠠᠬᠤᠢ ᠣᠷᠴᠢᠨ ᠲᠣᠭᠣᠷᠢᠨ᠎ᠤ ᠲᠢᠩᠬᠢᠮ

               2024 ᠣᠨ᠎ᠤ 1 ᠰᠠᠷ᠎ᠠ ᠵᠢᠨ 2᠎ᠤᠨ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠠᠮᠢ ᠠᠬᠤᠢ ᠣᠷᠴᠢᠨ ᠲᠣᠭᠣᠷᠢᠨ᠎ᠤ ᠳᠤᠭᠤᠢ᠌ᠯᠠᠩ᠎ᠤᠨ ᠠᠵᠢᠯ᠎ᠤᠨ ᠠᠬᠢᠭᠤᠯᠬᠤ ᠬᠤᠷᠠᠯ ᠬᠤᠷᠠᠯᠳᠤᠪᠠ
 
             蒙ICP备05000248号