ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠵᠢᠷᠭᠤᠳᠤᠭ᠋ᠠᠷ ᠤᠳᠠᠭ᠋ᠠᠨ᠎ᠤ ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-10-14

      9 ᠰᠠᠷ᠎ᠠ ᠵᠢᠨ 13᠎ᠤ ᠡᠳᠦᠷ᠂ ᠵᠢᠷᠭᠤᠳᠤᠭ᠋ᠠᠷ ᠤᠳᠠᠭ᠋ᠠᠨ᠎ᠤ ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ᠎ᠤᠨ ᠬᠤᠷᠠᠯᠳᠤᠭ᠋ᠠᠨ ᠺᠠᠮᠪᠤᠵᠠ ᠵᠢᠨ ᠫᠨᠤᠮ ᠫᠧᠨ᠎ᠳᠤ ᠬᠤᠷᠠᠯᠳᠤᠪᠠ᠃ ᠬᠤᠷᠠᠯ᠎ᠠᠴᠠ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠠᠬᠢᠴᠠ ᠵᠢ ᠰᠣᠯᠢᠯᠴᠠᠭᠰᠠᠨ ᠪᠥᠭᠡᠳ 2030 ᠣᠨ᠎ᠤ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠦᠷᠢᠶᠡᠨ᠎ᠤ ᠬᠠᠮᠲᠤᠷᠠᠯᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠲᠤᠬᠠᠢ ᠬᠠᠮᠲᠤ ᠵᠢᠨ ᠲᠠᠨᠢᠯᠲᠠ᠎ᠲᠠᠢ ᠪᠣᠯᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠵᠤᠤ ᠶᠢᠩ ᠮᠢᠨ ᠸᠢᠳᠢᠤ᠋᠎ᠪᠠᠷ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠳᠤᠮᠳᠠᠳᠤ ᠵᠢᠨ ᠲᠠᠯ᠎ᠠ᠎ᠠᠴᠠ᠂ ᠬᠠᠮᠤᠭ᠎ᠤᠨ ᠲᠣᠮᠣ ᠬᠥᠭᠵᠢᠵᠦ ᠪᠠᠢ᠌ᠭ᠎ᠠ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠨᠠᠭᠦᠷᠡᠰᠦᠲᠦ᠋ᠷᠦᠭᠴᠢ ᠵᠢᠨ ᠣᠷᠬᠢᠯ ᠬᠡᠮᠵᠢᠭᠳᠡᠯ᠎ᠳᠤ ᠬᠦᠷᠬᠦ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠂ ᠠᠮᠢ ᠠᠬᠤᠢ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ ᠢᠳᠡᠪᠬᠢᠲᠡᠢ ᠠᠬᠢᠯᠲᠠ᠎ᠲᠠᠢ ᠪᠣᠯᠵᠠᠢ᠃ ᠳᠤᠮᠳᠠᠳᠤ ᠤᠯᠤᠰ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠠᠬᠢᠭᠤᠯᠵᠤ᠂ ᠳᠡᠳ᠋ ᠣᠷᠣᠨ ᠪᠦᠰᠡ ᠵᠢᠨ ᠡᠯ᠎ᠡ ᠤᠯᠤᠰ᠎ᠯᠤᠭ᠎ᠠ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ᠎ᠳᠤ ᠰᠢᠨ᠎ᠡ ᠠᠵᠠ ᠲᠣᠬᠢᠶᠠᠯ ᠬᠠᠩᠭ᠋ᠠᠨ᠎ᠠ ᠭᠡᠵᠦ ᠵᠢᠭ᠋ᠠᠵᠤ ᠭᠠᠷᠭ᠋ᠠᠪᠠ᠃
      ᠳᠤᠮᠳᠠᠳᠤ ᠵᠢᠨ ᠲᠠᠯ᠎ᠠ ᠵᠢᠨ᠎ᠬᠢᠨ᠂ ᠳᠡᠳ᠋ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠲᠣᠭᠲᠠᠴᠠ ᠪᠠᠢ᠌ᠭᠤᠯᠤᠭᠳᠠᠭᠰᠠᠨ 30 ᠭᠠᠷᠤᠢ ᠵᠢᠯ᠎ᠤᠨ ᠲᠤᠷᠰᠢ᠂ ᠣᠷᠴᠢᠨ ᠲᠣᠭᠣᠷᠢᠨ ᠪᠣᠯᠣᠨ ᠦᠷᠭᠦᠯᠵᠢᠯᠡᠬᠦ ᠬᠥᠭᠵᠢᠯᠲᠡ ᠵᠢᠨ ᠬᠦᠷᠢᠶᠡᠨ᠎ᠳᠤ ᠠᠯᠢ ᠤᠯᠠᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠋ᠠᠨ᠎ᠤ ᠳᠦᠷᠦᠯ ᠵᠦᠢ᠍ᠯ᠎ᠢ ᠥᠷᠨᠢᠭᠦᠯᠵᠦ᠂ ᠳᠡᠳ᠋ ᠣᠷᠣᠨ ᠪᠦᠰᠡ ᠵᠢᠨ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦ ᠬᠥᠭᠵᠢᠯᠲᠡ᠎ᠳᠤ ᠴᠢᠬᠤᠯᠠ ᠦᠢ᠍ᠯᠡᠳᠦᠯ ᠦᠵᠡᠭᠦᠯᠵᠡᠢ ᠭᠡᠵᠦ ᠢᠯᠡᠳᠬᠡᠪᠡ᠃ ᠣᠳᠣᠬᠠᠨ᠎ᠤ ᠡᠳᠦᠷ ᠢᠷᠡᠬᠦᠶ᠎ᠡ ᠬᠡᠴᠡᠭᠦᠳᠡᠵᠦ ᠪᠠᠢ᠌ᠭ᠎ᠠ ᠣᠷᠣᠨ ᠪᠦᠰᠡ ᠵᠢᠨ ᠪᠠ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠠᠰᠠᠭᠤᠳᠠᠯ᠎ᠤᠨ ᠡᠮᠦᠨ᠎ᠡ᠂ ᠰᠢᠨ᠎ᠡ ᠨᠢᠭᠡ ᠬᠤᠭᠤᠴᠠᠭ᠋ᠠᠨ᠎ᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ᠂ ᠡᠯ᠎ᠡ ᠤᠯᠤᠰ᠎ᠤᠨ ᠪᠣᠬᠢᠷᠲᠤᠯ ᠦᠭᠡᠢ ᠬᠥᠭᠵᠢᠯᠲᠡ ᠪᠣᠯᠣᠨ ᠬᠡᠯᠪᠡᠷᠢ᠎ᠪᠠᠨ ᠬᠤᠪᠢᠷᠠᠭᠤᠯᠬᠤ ᠬᠡᠷᠡᠭᠴᠡᠭᠡ᠎ᠳᠤ ᠨᠡᠩ ᠰᠠᠶ᠋ᠢᠲᠤᠷ ᠦᠢ᠍ᠯᠡᠴᠢᠯᠡᠵᠦ᠂ ᠬᠠᠮᠲᠤ᠎ᠪᠠᠷ ᠠᠩᠬᠠᠷᠴᠤ ᠪᠠᠢ᠌ᠭ᠎ᠠ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠥᠷᠢᠰᠥᠯᠳᠦᠭᠡᠨ᠎ᠢ ᠬᠦᠴᠦ᠎ᠪᠠᠨ ᠬᠠᠮᠲᠤᠳᠬᠠᠨ ᠠᠷᠭ᠋ᠠᠴᠠᠭ᠋ᠠᠬᠤ ᠵᠢᠨ ᠬᠠᠮᠲᠤ ᠯᠠᠨᠼᠠᠩᠵᠢᠶᠠᠩ ᠮᠥᠷᠡᠨ — ᠮᠸᠢᠢ᠍ᠭᠤᠩ ᠮᠥᠷᠡᠨ᠎ᠤ ᠬᠠᠮᠲᠤᠷᠠᠯᠴᠠᠭ᠎ᠠ ᠵᠡᠷᠭᠡ ᠲᠣᠭᠲᠠᠴᠠ᠎ᠯᠤᠭ᠎ᠠ ᠬᠠᠮᠵᠢᠯᠴᠠᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠬᠤ ᠵᠢ  ᠰᠠᠨᠠᠭᠤᠯᠵᠤ ᠪᠠᠢ᠌ᠨ᠎ᠠ ᠭᠡᠵᠡᠢ᠃
      ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ᠎ᠤᠨ ᠬᠤᠷᠠᠯ ᠪᠣᠯ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠬᠠᠮᠤᠭ᠎ᠤᠨ ᠳᠡᠭᠡᠳᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠪᠣᠯᠣᠨ᠎ᠠ᠃ ᠲᠤᠰ ᠤᠳᠠᠭ᠎ᠠ ᠵᠢᠨ ᠬᠤᠷᠠᠯ᠎ᠢ ᠺᠠᠮᠪᠤᠵᠠ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠶᠠᠩ · ᠰᠦᠸᠧᠫᠠᠯᠸ᠋ ᠪᠣᠯᠣᠨ ᠠᠽᠢᠶ᠎ᠠ ᠲᠢᠪ᠎ᠤᠨ ᠨᠡᠭᠡᠭᠡᠨ ᠬᠥᠭᠵᠢᠭᠦᠯᠦᠯᠲᠡ ᠵᠢᠨ ᠪᠠᠩᠬᠢ ᠵᠢᠨ ᠳᠡᠳ᠋ ᠳᠠᠷᠤᠭ᠎ᠠ ᠹᠠᠲ᠋ᠢᠮᠠ·ᠶᠠᠰᠮᠢᠩ ᠬᠠᠮᠲᠤᠪᠠᠷ ᠡᠷᠬᠢᠯᠡᠪᠡ᠃ ᠺᠠᠮᠪᠤᠵᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢ᠌ᠳ ᠸᠠᠩ ᠸᠧᠨ ᠪᠢᠨ ᠬᠤᠷᠠᠯ᠎ᠳᠤ ᠣᠷᠣᠯᠴᠠᠪᠠ᠃ ᠺᠠᠮᠪᠤᠵᠠ᠂ ᠳᠤᠮᠳᠠᠳᠤ ᠤᠯᠤᠰ᠂ ᠯᠠᠤᠰ᠂ ᠪᠢᠷᠮᠠ᠂᠎ᠲᠠᠢ ᠤᠯᠤᠰ᠂ ᠸᠢᠶᠧᠲᠨᠠᠮ᠎ᠤᠨ ᠣᠷᠴᠢᠨ ᠲᠣᠭᠣᠷᠢᠨ᠎ᠤ ᠰᠠᠯᠠᠭ᠎ᠠ ᠮᠥᠴᠢᠷ ᠪᠣᠯᠣᠨ ᠬᠥᠭᠵᠢᠯᠲᠡ ᠵᠢᠨ ᠬᠠᠨᠢᠲᠠᠳ᠎ᠤᠨ ᠪᠠᠢ᠌ᠭᠤᠯᠤᠮᠵᠢ ᠵᠢᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃
      ᠬᠤᠷᠠᠯ᠎ᠠᠴᠠ 《ᠵᠢᠷᠭᠤᠳᠤᠭ᠋ᠠᠷ ᠤᠳᠠᠭ᠎ᠠ ᠵᠢᠨ ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ᠎ᠤᠨ ᠬᠠᠮᠲᠤᠷᠠᠭᠰᠠᠨ ᠢᠯᠡᠷᠬᠡᠢ᠌ᠯᠡᠯᠲᠡ》᠂ 《ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠰᠦᠯᠢᠶᠥᠦ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠫᠨᠤᠮ ᠫᠧᠨ᠎ᠤ ᠬᠠᠮᠲᠤᠷᠠᠭᠰᠠᠨ ᠢᠯᠡᠷᠬᠡᠢ᠌ᠯᠡᠯᠲᠡ》 ᠪᠠ 《2030 ᠣᠨ᠎ᠤ ᠮᠸᠢᠢ᠍ᠭᠤᠩ ᠮᠥᠷᠡᠨ᠎ᠤ ᠳᠡᠳ᠋ ᠣᠷᠣᠨ ᠪᠦᠰᠡ ᠵᠢᠨ ᠠᠭᠤᠷ ᠠᠮᠢᠰᠬᠤᠯ᠎ᠢ ᠲᠦᠷᠭᠡᠳᠬᠡᠬᠦ ᠠᠵᠢᠯᠯᠠᠭ᠎ᠠ ᠪᠣᠯᠣᠨ ᠣᠷᠴᠢᠨ ᠲᠣᠭᠣᠷᠢᠨ᠎ᠤ ᠦᠷᠭᠦᠯᠵᠢᠯᠡᠭᠰᠡᠨ ᠪᠠᠢ᠌ᠯᠳᠤᠬᠤ ᠪᠣᠳᠣᠯᠭ᠎ᠠ ᠵᠢᠨ ᠪᠣᠷᠣ ᠲᠥᠯᠥᠪ》᠎ᠢ ᠪᠠᠲᠤᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ ᠬᠥᠬᠡᠬᠣᠲᠠ᠎ᠳᠤ ᠶᠠᠪᠤᠭᠳᠠᠪᠠ
ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠰᠦᠯᠢᠶᠥᠦ ᠵᠢᠨ ᠪᠣᠬᠢᠷᠲᠤᠯ᠎ᠤᠨ ᠵᠠᠰᠠᠭ᠎ᠤᠨ ᠣᠷᠳᠣᠨ᠎ᠤ ᠬᠣᠭᠤᠷᠤᠨᠳᠤᠬᠢ ᠬᠡᠯᠡᠯᠴᠡᠭᠡ ᠬᠢᠬᠦ ᠺᠣᠮᠢᠰ᠎ᠤᠨ ᠲᠠᠪᠤᠳᠤᠭ᠋ᠠᠷ ᠬᠤᠷᠠᠯᠳᠤᠭ᠋ᠠᠨ᠎ᠳᠤ ᠣᠷᠣᠯᠴᠠᠪᠠ
ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠷᠡᠭ ᠶᠠᠪᠤᠳᠠᠯ᠎ᠤᠨ ᠣᠨᠴᠠ ᠡᠯᠴᠢ ᠤᠷᠢᠯᠭ᠎ᠠ᠎ᠪᠠᠷ ᠬᠣᠶᠠᠷ ᠲᠠᠯ᠎ᠠ ᠵᠢᠨ ᠬᠡᠯᠡᠯᠴᠡᠭᠡ ᠬᠢᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠳᠣᠯᠣᠳᠤᠭ᠋ᠠᠷ ᠬᠤᠭᠤᠴᠠᠭ᠋ᠠᠨ᠎ᠤ ᠠᠭᠤᠷ ᠠᠮᠢᠰᠬᠤᠯ᠎ᠤᠨ ᠠᠵᠢᠯᠯᠠᠭ᠋ᠠᠨ᠎ᠤ ᠰᠠᠢ᠌ᠳ᠎ᠤᠨ ᠲᠠᠰ᠎ᠤᠨ ᠬᠤᠷᠠᠯ᠎ᠳᠤ ᠣᠷᠣᠯᠴᠠᠪᠠ
ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠢᠩᠭ᠋ᠠᠫᠤᠷ᠎ᠤᠨ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢᠨ ᠶᠠᠷᠢᠯᠴᠠᠭ᠎ᠠ ᠪᠡᠭᠡᠵᠢᠩ᠎ᠳᠤ ᠶᠠᠪᠤᠭᠳᠠᠪᠠ
 
             蒙ICP备05000248号