10 ᠰᠠᠷ᠎ᠠ ᠵᠢᠨ 16᠎ᠤ ᠡᠳᠦᠷ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ ᠬᠥᠬᠡᠬᠣᠲᠠ᠎ᠳᠤ ᠶᠠᠪᠤᠭᠳᠠᠪᠠ
ᠳᠤᠮᠳᠠᠳᠤ ᠤᠯᠤᠰ᠎ᠤᠨ ᠠᠵᠢᠯᠯᠠᠬᠤ ᠳᠤᠭᠤᠢ᠌ᠯᠠᠩ᠎ᠤᠨ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ᠂ ᠮᠣᠩᠭᠣᠯ᠎ᠤᠨ ᠠᠵᠢᠯᠯᠠᠬᠤ ᠳᠤᠭᠤᠢ᠌ᠯᠠᠩ᠎ᠤᠨ ᠳᠠᠷᠤᠭ᠎ᠠ᠂ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠲᠥᠷᠥ ᠵᠢᠨ ᠶᠠᠪᠤᠳᠠᠯ᠎ᠤᠨ ᠨᠠᠷᠢᠨ ᠪᠢᠴᠢᠭᠡᠴᠢ ᠮᠦᠩᠬᠡᠳᠦ᠋ᠰᠢᠭ ᠪᠠᠶᠠᠷ᠎ᠤᠨ ᠦᠭᠡ ᠬᠡᠯᠡᠪᠡ᠃
ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠣᠪᠴᠢ ᠲᠡᠮᠳᠡᠭᠯᠡᠯ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠳ᠋ᠦᠩᠨᠡᠬᠦ ᠵᠢᠨ ᠬᠠᠮᠲᠤ ᠠᠵᠤ ᠠᠬᠤᠢ ᠠᠷᠠᠯᠵᠢᠶᠠᠨ᠎ᠤ ᠰᠣᠯᠢᠯᠴᠠᠭ᠎ᠠ᠂ ᠡᠨᠧᠷᠭᠢ ᠵᠢᠨ ᠬᠠᠮᠲᠤᠷᠠᠯᠴᠠᠭ᠎ᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠣᠶᠣᠯ ᠢᠷᠭᠡᠨᠰᠢᠯ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠬᠣᠯᠪᠣᠯᠳᠤᠨ ᠨᠡᠪᠲᠡᠷᠡᠯᠴᠡᠬᠦ ᠵᠡᠷᠭᠡ ᠲᠠᠯ᠎ᠠ ᠵᠢᠨ ᠬᠠᠮᠲᠤᠷᠠᠯᠴᠠᠭ᠋ᠠᠨ᠎ᠤ ᠵᠥᠪᠯᠡᠬᠦ ᠰᠡᠳᠦᠪ᠎ᠤᠨ ᠲᠤᠬᠠᠢ ᠰᠠᠨᠠᠯ ᠨᠢᠭᠡᠲᠡᠢ ᠪᠣᠯᠵᠠᠢ᠃ ᠬᠣᠶᠠᠷ ᠲᠠᠯ᠎ᠠ᠎ᠪᠠᠷ ᠵᠶ᠋ᠠᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠵᠥᠪᠯᠡᠬᠦ ᠠᠵᠢᠯ᠎ᠤᠨ ᠳᠤᠭᠤᠢ᠌ᠯᠠᠩ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠤᠨ ᠲᠣᠪᠴᠢ ᠲᠡᠮᠳᠡᠭᠯᠡᠯ》᠎ᠳᠤ ᠭᠠᠷᠤᠨ ᠦᠰᠦᠭ ᠵᠢᠷᠤᠪᠠ᠃