ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠰᠦᠯᠢᠶᠥᠦ ᠵᠢᠨ ᠪᠣᠬᠢᠷᠲᠤᠯ᠎ᠤᠨ ᠵᠠᠰᠠᠭ᠎ᠤᠨ ᠣᠷᠳᠣᠨ᠎ᠤ ᠬᠣᠭᠤᠷᠤᠨᠳᠤᠬᠢ ᠬᠡᠯᠡᠯᠴᠡᠭᠡ ᠬᠢᠬᠦ ᠺᠣᠮᠢᠰ᠎ᠤᠨ ᠲᠠᠪᠤᠳᠤᠭ᠋ᠠᠷ ᠬᠤᠷᠠᠯᠳᠤᠭ᠋ᠠᠨ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-12-12

      2024 ᠣᠨ᠎ᠤ 11 ᠰᠠᠷ᠎ᠠ ᠵᠢᠨ 25᠎ᠤ ᠡᠳᠦᠷ᠎ᠠᠴᠠ 12 ᠰᠠᠷ᠎ᠠ ᠵᠢᠨ 2᠎ᠤᠨ ᠡᠳᠦᠷ᠎ᠤᠨ ᠥᠷᠯᠥᠭᠡ ᠪᠣᠯᠲᠠᠯ᠎ᠠ᠂ ᠰᠦᠯᠢᠶᠥᠦ ᠵᠢᠨ ᠪᠣᠬᠢᠷᠲᠤᠯ᠎ᠤᠨ ᠲᠤᠬᠠᠢ ᠵᠠᠰᠠᠭ᠎ᠤᠨ ᠣᠷᠳᠣᠨ᠎ᠤ ᠬᠣᠭᠤᠷᠤᠨᠳᠤᠬᠢ ᠬᠡᠯᠡᠯᠴᠡᠭᠡ ᠬᠢᠬᠦ ᠺᠣᠮᠢᠰ᠎ᠤᠨ ᠲᠠᠪᠤᠳᠤᠭ᠋ᠠᠷ ᠬᠤᠷᠠᠯᠳᠤᠭ᠋ᠠᠨ (INC-5) ᠺᠣᠷᠢᠶᠠ ᠵᠢᠨ ᠹᠦᠱ᠌ᠠᠨ᠎ᠳᠤ ᠬᠤᠷᠠᠯᠳᠤᠪᠠ᠃ 178 ᠪᠦᠷᠢᠯᠳᠦᠬᠦᠨ ᠤᠯᠤᠰ᠎ᠤᠨ 1400 ᠭᠠᠷᠤᠢ ᠬᠡᠯᠡᠯᠴᠡᠭᠡᠷ ᠬᠢᠬᠦ ᠲᠥᠯᠥᠭᠡᠯᠡᠭᠴᠢ ᠵᠢᠴᠢ ᠵᠠᠰᠠᠭ᠎ᠤᠨ ᠣᠷᠳᠣᠨ᠎ᠤ ᠬᠣᠭᠤᠷᠤᠨᠳᠤᠬᠢ ᠵᠣᠬᠢᠶᠠᠨ ᠪᠠᠢ᠌ᠭᠤᠯᠤᠯᠲᠠ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠪᠠᠢ᠌ᠭᠤᠯᠤᠮᠵᠢ᠂ ᠵᠠᠰᠠᠭ᠎ᠤᠨ ᠣᠷᠳᠣᠨ᠎ᠤ ᠪᠤᠰᠤ ᠵᠣᠬᠢᠶᠠᠨ ᠪᠠᠢ᠌ᠭᠤᠯᠤᠯᠲᠠ ᠵᠢᠴᠢ ᠵᠠᠭᠤᠴᠢᠯᠠᠭᠤᠷ᠎ᠤᠨ 2300 ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠭᠥᠸᠧ ᠹᠠᠩ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠭᠠᠳᠠᠭ᠋ᠠᠳᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠥᠴᠢᠷ ᠵᠶ᠋ᠡᠷ ᠪᠦᠷᠢᠯᠳᠦᠭᠰᠡᠨ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ᠎ᠢ ᠳᠠᠭ᠋ᠠᠭᠤᠯᠤᠨ ᠬᠤᠷᠠᠯ᠎ᠳᠤ ᠣᠷᠣᠯᠴᠠᠪᠠ᠃
      INC-5 ᠪᠣᠯ ᠲᠠᠪᠤᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠣᠷᠴᠢᠨ ᠲᠣᠭᠣᠷᠢᠨ᠎ᠤ ᠶᠡᠬᠡ ᠬᠤᠷᠠᠯ᠎ᠤᠨ ᠰᠢᠢ᠍ᠳᠪᠦᠷᠢ ᠵᠢᠨ ᠡᠷᠬᠡ ᠣᠯᠭᠣᠯᠲᠠ᠎ᠪᠠᠷ᠂ ᠰᠦᠯᠢᠶᠥᠦ ᠵᠢᠨ ᠪᠣᠬᠢᠷᠲᠤᠯ᠎ᠤᠨ ᠲᠤᠬᠠᠢ ᠤᠯᠠᠨ ᠤᠯᠤᠰ᠎ᠤᠨ ᠪᠢᠴᠢᠭ ᠬᠠᠷ᠎ᠠ ᠲᠣᠬᠢᠷᠠᠯᠴᠠᠬᠤ ᠬᠠᠮᠤᠭ ᠰᠡᠭᠦᠯᠴᠢ ᠵᠢᠨ ᠬᠤᠷᠠᠯ ᠪᠣᠯᠣᠨ᠎ᠠ᠃ ᠭᠡᠲᠡᠯ᠎ᠡ᠂ ᠬᠣᠶᠠᠷ ᠵᠢᠯ᠎ᠤᠨ ᠬᠤᠭᠤᠴᠠᠭ᠋ᠠᠨ᠎ᠤ 5 ᠡᠭᠡᠯᠵᠢ ᠵᠢᠨ ᠠᠯᠪᠠᠨ ᠶᠣᠰᠣᠨ᠎ᠤ ᠵᠥᠪᠳᠡᠯᠴᠡᠭᠡ᠎ᠪᠠᠷ ᠳᠠᠮᠵᠢᠭ᠋ᠠᠳ᠂ ᠡᠯ᠎ᠡ ᠲᠠᠯ᠎ᠠ ᠵᠢᠨ᠎ᠬᠢᠨ ᠬᠡᠰᠡᠭ ᠵᠠᠩᠭᠢᠯᠠᠭ᠎ᠠ ᠵᠢᠨ ᠰᠡᠳᠦᠪ᠎ᠤᠨ ᠲᠠᠯ᠎ᠠ᠎ᠪᠠᠷ ᠢᠯᠡᠳᠲᠡ ᠵᠥᠷᠢᠯᠳᠦᠭᠡᠨ᠎ᠲᠠᠢ ᠪᠠᠢ᠌ᠵᠤ᠂ ᠡᠴᠦᠰ᠎ᠲᠡᠭᠡᠨ ᠹᠦᠱ᠌ᠠᠨ᠎ᠤ ᠬᠤᠷᠠᠯ ᠳᠡᠭᠡᠷ᠎ᠡ ᠠᠮᠵᠢᠯᠲᠠ᠎ᠲᠠᠢ᠎ᠪᠠᠷ ᠰᠠᠨᠠᠯ ᠨᠢᠭᠡᠳᠴᠦ ᠳᠡᠢ᠌ᠯᠦᠭᠰᠡᠨ ᠦᠭᠡᠢ᠃ ᠬᠤᠷᠠᠯ᠎ᠠᠴᠠ INC-5 ᠬᠤᠷᠠᠯ᠎ᠢ ᠵᠠᠪᠰᠠᠷᠯᠠᠭᠤᠯᠵᠤ᠂ 2025 ᠣᠨ᠎ᠳᠤ ᠬᠤᠭᠤᠴᠠᠭ᠎ᠠ ᠰᠣᠩᠭᠣᠨ ᠦᠷᠭᠦᠯᠵᠢᠯᠡᠨ ᠬᠤᠷᠠᠯ ᠨᠡᠭᠡᠭᠡᠵᠦ᠂ ᠪᠢᠴᠢᠭ ᠬᠠᠷ᠎ᠠ ᠵᠢᠨ ᠲᠤᠬᠠᠢ ᠦᠷᠭᠦᠯᠵᠢᠯᠡᠨ ᠬᠡᠯᠡᠯᠴᠡᠭᠡ ᠬᠢᠬᠦ᠎ᠪᠠᠷ ᠲᠣᠭᠲᠠᠪᠠ᠃
      ᠳᠤᠮᠳᠠᠳᠤ ᠵᠢᠨ ᠲᠠᠯ᠎ᠠ ᠵᠢᠨ᠎ᠬᠢᠨ ᠲᠡᠭᠦᠰᠬᠦ ᠬᠤᠷᠠᠯ᠎ᠳᠤ ᠣᠷᠣᠯᠴᠠᠬᠤ ᠵᠢᠨ ᠬᠠᠮᠲᠤ ᠶᠠᠷᠢᠶ᠎ᠠ ᠲᠠᠯᠪᠢᠵᠤ᠂ ᠳᠤᠮᠳᠠᠳᠤ ᠵᠢᠨ ᠲᠠᠯ᠎ᠠ ᠵᠢᠨ᠎ᠬᠢᠨ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠪᠢᠴᠢᠭ ᠬᠠᠷ᠎ᠠ ᠲᠣᠬᠢᠷᠠᠯᠴᠠᠬᠤ ᠵᠢ ᠠᠬᠢᠭᠤᠯᠬᠤ ᠬᠦᠰᠡᠨ ᠡᠷᠡᠮᠡᠯᠵᠡᠯ ᠡᠪᠦᠷᠯᠡᠨ ᠬᠤᠷᠠᠯ᠎ᠳᠤ ᠣᠷᠣᠯᠴᠠᠵᠤ᠂ ᠲᠥᠰᠥᠯ ᠳᠤᠷᠠᠳᠴᠤ ᠵᠥᠷᠢᠯᠳᠦᠭᠡᠨ᠎ᠢ ᠰᠢᠢ᠍ᠳᠪᠦᠷᠢᠯᠡᠬᠦ᠎ᠪᠠᠷ ᠴᠢᠷᠮᠠᠢ᠌ᠵᠤ᠂ ᠤᠯᠠᠨ ᠲᠠᠯ᠎ᠠ ᠵᠢᠨ᠎ᠬᠢᠨ᠎ᠤ ᠲᠤᠰᠬᠠᠯ᠎ᠢ ᠣᠯᠵᠠᠢ ᠭᠡᠵᠦ ᠵᠢᠭ᠋ᠠᠵᠤ ᠭᠠᠷᠭ᠋ᠠᠪᠠ᠃ ᠡᠯ᠎ᠡ ᠤᠯᠤᠰ᠎ᠤᠨ ᠬᠥᠭᠵᠢᠯᠲᠡ ᠵᠢᠨ ᠱᠠᠲᠤ ᠦᠶ᠎ᠡ᠂ ᠤᠯᠤᠰ᠎ᠤᠨ ᠪᠠᠶ᠋ᠢᠳᠠᠯ ᠪᠠ ᠴᠢᠳᠠᠪᠤᠷᠢ ᠠᠳᠠᠯᠢ ᠪᠤᠰᠤ ᠪᠠᠢ᠌ᠳᠠᠭ ᠪᠣᠯᠬᠣᠷ ᠪᠢᠴᠢᠭ ᠬᠠᠷ᠎ᠠ᠎ᠨᠢ ᠤᠯᠤᠰ᠎ᠤᠨ ᠵᠥᠷᠢᠶ᠎ᠡ ᠵᠢ ᠬᠦᠨᠳᠦᠳᠬᠡᠵᠦ᠂ ᠲᠥᠪ ᠭᠣᠣᠯᠴᠢ ᠪᠠ ᠪᠠᠭᠲᠠᠭ᠋ᠠᠮᠵᠢᠲᠠᠢ ᠪᠠᠶ᠋ᠢᠬᠤ ᠵᠢ ᠢᠯᠡᠷᠡᠭᠦᠯᠵᠦ᠂ ᠨᠡᠢ᠌ᠳᠡᠮ᠎ᠤᠨ ᠬᠦᠯᠢᠶᠡᠨ ᠠᠪᠬᠤ ᠴᠢᠨᠠᠷ ᠪᠠ ᠬᠡᠷᠡᠭᠵᠢᠭᠦᠯᠬᠦ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠪᠣᠳᠣᠯᠬᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠥᠭᠵᠢᠭᠰᠡᠨ ᠤᠯᠤᠰ᠎ᠤᠳ ᠬᠥᠭᠵᠢᠵᠦ ᠪᠠᠢ᠌ᠭ᠎ᠠ ᠤᠯᠤᠰ᠎ᠤᠳ᠎ᠤᠨ ᠭᠡᠷ᠎ᠡ᠎ᠪᠠᠨ ᠭᠦᠢ᠍ᠴᠡᠳᠬᠡᠬᠦ᠎ᠳᠤ ᠪᠡᠯᠡ ᠮᠥᠩᠭᠥ᠂ ᠮᠡᠷᠭᠡᠵᠢᠯ ᠪᠣᠯᠣᠨ ᠴᠢᠳᠠᠪᠤᠷᠢ ᠵᠢᠨ ᠪᠠᠢ᠌ᠭᠤᠯᠤᠯᠲᠠ ᠵᠢᠨ ᠳᠡᠮᠵᠢᠯᠭᠡ ᠬᠠᠩᠭ᠋ᠠᠵᠤ᠂ ᠪᠢᠴᠢᠭ ᠬᠠᠷ᠎ᠠ ᠵᠢ ᠪᠦᠬᠦ ᠪᠥᠮᠪᠥᠷᠴᠡᠭ᠎ᠤᠨ ᠳᠠᠪᠬᠤᠷᠭ᠎ᠠ᠎ᠳᠤ ᠪᠦᠲᠦᠮᠵᠢᠲᠡᠢ ᠬᠡᠷᠡᠭᠵᠢᠭᠦᠯᠬᠦ ᠵᠢ ᠪᠠᠲᠤᠯᠠᠬᠤ ᠬᠡᠷᠡᠭᠲᠡᠢ ᠭᠡᠵᠦ ᠤᠷᠢᠶᠠᠯᠠᠪᠠ᠃ ᠰᠦᠯᠢᠶᠥᠦ ᠵᠢᠨ ᠪᠣᠬᠢᠷᠲᠤᠯ᠎ᠤᠨ ᠪᠦᠬᠦ ᠪᠥᠮᠪᠥᠷᠴᠡᠭ᠎ᠤᠨ ᠥᠷᠢᠰᠥᠯᠳᠦᠭᠡᠨ᠎ᠢ ᠳᠡᠯᠡᠬᠡᠢ ᠨᠡᠢ᠌ᠭᠡᠮ ᠵᠶ᠋ᠡᠷ ᠵᠶ᠋ᠡᠨ ᠬᠠᠮᠲᠤᠷᠠᠯᠴᠠᠨ ᠠᠷᠭ᠋ᠠᠴᠠᠬᠤ ᠬᠡᠷᠡᠭᠲᠡᠢ ᠭᠡᠵᠦ ᠴᠢᠬᠤᠯᠠᠴᠢᠯᠠᠵᠤ᠂ ᠡᠯ᠎ᠡ ᠲᠠᠯ᠎ᠠ ᠵᠢᠨ᠎ᠬᠢᠨ ᠠᠤᠭ᠎ᠠ ᠵᠣᠷᠢᠭ ᠪᠠ ᠪᠣᠳᠠᠲᠠᠢ ᠵᠢ ᠡᠷᠬᠢᠮᠯᠡᠭᠰᠡᠨ ᠰᠦᠯᠢᠶᠥᠦ ᠵᠢᠨ ᠪᠣᠬᠢᠷᠲᠤᠯ᠎ᠤᠨ ᠤᠯᠠᠨ ᠤᠯᠤᠰ᠎ᠤᠨ ᠪᠢᠴᠢᠭ ᠬᠠᠷ᠎ᠠ ᠲᠣᠬᠢᠷᠠᠯᠴᠠᠬᠤ ᠵᠢᠨ ᠲᠥᠯᠥᠭᠡ ᠦᠷᠭᠦᠯᠵᠢᠯᠡᠨ ᠬᠠᠮᠲᠤᠪᠠᠷ ᠴᠢᠷᠮᠠᠢ᠌ᠬᠤ ᠵᠢ ᠤᠷᠢᠶᠠᠯᠠᠪᠠ᠃
      ᠬᠤᠷᠠᠯ᠎ᠤᠨ ᠬᠤᠭᠤᠴᠠᠭ᠋ᠠᠨ᠎ᠳᠤ᠂ ᠳᠤᠮᠳᠠᠳᠤ ᠵᠢᠨ ᠲᠠᠯ᠎ᠠ ᠵᠢᠨ᠎ᠬᠢᠨ INC᠎ᠤᠨ ᠲᠡᠷᠢᠭᠦᠯᠡᠭᠴᠢ ᠯᠦᠶᠢᠰ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠭᠡᠭᠴᠢ ᠡᠷᠬᠢᠯᠡᠭᠴᠢ ᠠᠨᠳᠥᠷᠰᠥᠨ᠂ ᠺᠣᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠵᠤᠤ ᠳ᠋ᠦᠢ ᠯᠢᠶᠧ᠂ ᠹᠷᠠᠨᠼᠢ ᠵᠢᠨ ᠠᠮᠢ ᠠᠬᠤᠢ ᠵᠢᠨ ᠬᠡᠯᠪᠡᠷᠢ ᠵᠢ ᠬᠤᠪᠢᠷᠠᠭᠤᠯᠬᠤ ᠶᠠᠮᠤᠨ᠎ᠤ ᠰᠠᠢ᠌ᠳ ᠤᠷᠵᠢᠶᠠ᠂ ᠬᠠᠩᠭ᠋ᠠᠷᠢ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠠᠨᠢᠺᠸ᠋᠂ ᠤᠷᠤᠰ᠎ᠤᠨ ᠠᠵᠤ ᠦᠢ᠍ᠯᠡᠰ ᠪᠣᠯᠣᠨ ᠠᠷᠠᠯᠵᠢᠶᠠᠨ᠎ᠤ ᠶᠠᠮᠤᠨ᠎ᠤ ᠳᠡᠳ᠋ ᠰᠠᠢ᠌ᠳ ᠮᠢᠬᠠᠢ᠍ᠢ᠍ᠯ ᠵᠡᠷᠭᠡ ᠬᠥᠮᠥᠰ᠎ᠲᠠᠢ ᠬᠣᠶᠠᠷ ᠲᠠᠯ᠎ᠠ ᠵᠢᠨ ᠬᠡᠯᠡᠯᠴᠡᠭᠡ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠷᠡᠭ ᠶᠠᠪᠤᠳᠠᠯ᠎ᠤᠨ ᠣᠨᠴᠠ ᠡᠯᠴᠢ ᠤᠷᠢᠯᠭ᠎ᠠ᠎ᠪᠠᠷ ᠬᠣᠶᠠᠷ ᠲᠠᠯ᠎ᠠ ᠵᠢᠨ ᠬᠡᠯᠡᠯᠴᠡᠭᠡ ᠬᠢᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠳᠣᠯᠣᠳᠤᠭ᠋ᠠᠷ ᠬᠤᠭᠤᠴᠠᠭ᠋ᠠᠨ᠎ᠤ ᠠᠭᠤᠷ ᠠᠮᠢᠰᠬᠤᠯ᠎ᠤᠨ ᠠᠵᠢᠯᠯᠠᠭ᠋ᠠᠨ᠎ᠤ ᠰᠠᠢ᠌ᠳ᠎ᠤᠨ ᠲᠠᠰ᠎ᠤᠨ ᠬᠤᠷᠠᠯ᠎ᠳᠤ ᠣᠷᠣᠯᠴᠠᠪᠠ
ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠢᠩᠭ᠋ᠠᠫᠤᠷ᠎ᠤᠨ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢᠨ ᠶᠠᠷᠢᠯᠴᠠᠭ᠎ᠠ ᠪᠡᠭᠡᠵᠢᠩ᠎ᠳᠤ ᠶᠠᠪᠤᠭᠳᠠᠪᠠ
ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠺᠤᠫᠧᠬᠠᠡᠭᠸᠠ᠎ᠤ ᠠᠭᠤᠷ ᠠᠮᠢᠰᠬᠤᠯ᠎ᠤᠨ ᠰᠠᠢ᠌ᠳ᠎ᠤᠨ ᠳᠡᠰ᠎ᠤᠨ ᠬᠤᠷᠠᠯ᠎ᠳᠤ ᠣᠷᠣᠯᠴᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠭᠦᠢ᠍ᠴᠡᠳᠭᠡᠭᠴᠢ ᠨᠠᠷᠢᠨ ᠪᠢᠴᠢᠭᠡᠴᠢ᠎ᠲᠠᠢ ᠠᠭᠤᠯᠵᠠᠪᠠ
 
             蒙ICP备05000248号