2025 ᠣᠨ᠎ᠤ 4 ᠰᠠᠷ᠎ᠠ᠎ᠶᠢᠨ 1᠎ᠦ ᠡᠳᠦᠷ᠂ ᠭᠧᠷᠮᠠᠨ᠎ᠤ ᠤᠯᠠᠨ ᠤᠯᠤᠰ᠎ᠤᠨ ᠬᠠᠮᠲᠤᠷᠠᠯᠴᠠᠭᠠᠨ᠎ᠤ ᠪᠠᠢᠭᠤᠯᠤᠮᠵᠢ ( GIZ ) ᠵᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠲᠦᠷᠦᠯ ᠵᠦᠢᠯ ( NDCI )᠎ᠤᠨ ᠲᠦᠷᠦᠯ ᠵᠦᠢᠯ᠎ᠦᠨ ᠡᠷᠬᠢᠯᠡᠭᠴᠢ Paul Recknagel᠂ ᠳᠡᠭᠡᠳᠦ ᠲᠡᠰ᠎ᠤᠨ ᠲᠦᠷᠦᠯ ᠵᠦᠢᠯ᠎ᠦᠨ ᠵᠥᠪᠯᠡᠭᠴᠢ ᠴᠧᠨ ᠢ ᠰᠢᠩ ᠨᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠦ ᠠᠢᠯᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠯᠦ᠍ᠭᠡ ᠡᠮᠦᠨᠡᠬᠢ ᠬᠤᠭᠤᠴᠠᠭᠠᠨ᠎ᠤ ᠬᠠᠮᠲᠤᠷᠠᠯᠴᠠᠭᠠᠨ᠎ᠤ ᠦᠷ᠎ᠡ ᠪᠦᠲᠦᠭᠡᠯ᠎ᠦᠨ ᠲᠤᠬᠠᠢ ᠲᠣᠪᠴᠢ ᠡᠷᠭᠢᠴᠡᠭᠦᠯᠦᠯ ᠬᠢᠵᠦ ᠂ ᠡᠭᠦᠨ᠎ᠦ ᠬᠠᠮᠲᠤ GIZ ᠵᠢᠨ ᠬᠣᠶᠠᠳᠤᠭᠠᠷ ᠬᠤᠭᠤᠴᠠᠭᠠᠨ᠎ᠤ ᠬᠠᠮᠲᠤᠷᠠᠯᠴᠠᠭᠠᠨ᠎ᠤ ᠲᠦᠷᠦᠯ ᠵᠦᠢᠯ᠎ᠦᠨ ᠲᠥᠯᠥᠪᠯᠡᠭᠡ᠎ᠶᠢ ᠰᠢᠰᠲᠧᠮ᠎ᠲᠠᠢ ᠣᠯᠣᠯᠴᠠᠵᠤ᠂ ᠬᠣᠶᠠᠷ ᠲᠠᠯ᠎ᠠ᠎ᠪᠠᠷ᠎ᠢᠶᠠᠨ ᠬᠣᠶᠠᠳᠤᠭᠠᠷ ᠬᠤᠭᠤᠴᠠᠭᠠᠨ᠎ᠤ ᠬᠠᠮᠲᠤᠷᠠᠯᠴᠠᠭᠠᠨ᠎ᠤ ᠲᠦᠷᠦᠯ ᠵᠦᠢᠯ ᠨᠢ ᠤᠯᠠᠭᠠᠨᠴᠠᠪ ᠬᠤᠳᠠ᠎ᠶᠢᠨ ᠲᠡᠮᠦᠷ᠎ᠦᠨ ᠬᠠᠢᠯᠤᠰᠢ᠎ᠶᠢᠨ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠡᠨᠧᠷᠭᠢ᠎ᠶᠢᠨ ᠪᠦᠲᠦᠴᠡ᠂ ᠡᠬᠢ ᠪᠠᠶᠠᠯᠢᠭ᠋᠎ᠢ ᠣᠷᠴᠢᠯᠳᠤᠭᠤᠯᠤᠨ ᠠᠰᠢᠭ᠍ᠯᠠᠬᠤ᠂ ᠬᠠᠩᠭᠠᠯᠭ᠎ᠠ᠎ᠶᠢᠨ ᠬᠡᠯᠬᠢᠶ᠎ᠡ᠎ᠶᠢᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠭᠤᠷᠠᠭᠤᠯᠬᠤ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠣᠷᠣᠨ ᠨᠤᠲᠤᠭ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠦ ᠦᠢᠯᠡᠴᠢᠯᠡᠵᠦ᠂ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠶᠢ ᠪᠡᠶᠡᠯᠡᠭᠦᠯᠬᠦ᠎ᠶᠢ ᠳᠡᠮᠵᠢᠨ᠎ᠡ ᠭᠡᠵᠦ ᠵᠥᠪᠰᠢᠶᠡᠷᠡᠪᠡ᠃
ᠲᠠᠢᠯᠪᠤᠷᠢ ᠄ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠭᠧᠷᠮᠠᠨ᠎ᠤ ᠬᠣᠯᠪᠣᠭᠠᠨ᠎ᠤ ᠣᠷᠴᠢᠨ ᠲᠣᠭᠣᠷᠢᠨ ᠂ ᠪᠠᠢᠭᠠᠯᠢ᠎ᠶᠢᠨ ᠬᠠᠮᠠᠭᠠᠯᠠᠯᠲᠠ ᠪᠠ ᠴᠥᠮ᠎ᠡ᠎ᠶᠢᠨ ᠠᠮᠤᠷ ᠲᠦᠪᠰᠢᠨ᠎ᠦ ᠶᠠᠮᠤᠨ 2020 ᠣᠨ᠎ᠤ 5 ᠰᠠᠷ᠎ᠠ᠎ᠳᠤ ᠠᠷᠪᠠᠳᠤᠭᠠᠷ ᠤᠳᠠᠭᠠᠨ᠎ᠤ ᠳᠤᠮᠳᠠᠳᠤ ᠭᠧᠷᠮᠠᠨ᠎ᠤ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ᠎ᠶᠢᠨ ᠠᠵᠢᠯ᠎ᠤᠨ ᠳᠤᠭᠤᠢᠯᠠᠩ᠎ᠤᠨ ᠬᠤᠷᠠᠯ ᠳᠡᠭᠡᠷ᠎ᠡ 《 ᠳᠤᠮᠳᠠᠳᠤ ᠭᠧᠷᠮᠠᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢᠨ ᠬᠠᠮᠲᠤᠷᠠᠯᠴᠠᠭ᠎ᠠ ︱ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ᠎ᠶᠢ ᠳᠡᠮᠵᠢᠬᠦ ᠬᠡᠷᠡᠭᠵᠢᠭᠦᠯᠬᠦ ᠲᠥᠷᠥᠯ ᠵᠦᠢᠯᠡᠰ 》 ᠥᠷᠨᠢᠭᠦᠯᠬᠦ᠎ᠶᠢ ᠬᠠᠮᠲᠤ᠎ᠪᠠᠷ ᠵᠥᠪᠰᠢᠶᠡᠷᠡᠪᠡ ᠃ ᠡᠭᠦᠨ᠎ᠦ ᠬᠠᠮᠲᠤ ᠭᠧᠷᠮᠠᠨ᠎ᠤ ᠤᠯᠠᠨ ᠤᠯᠤᠰ᠎ᠤᠨ ᠬᠠᠮᠲᠤᠷᠠᠯᠴᠠᠭᠠᠨ᠎ᠤ ᠪᠠᠢᠭᠤᠯᠤᠮᠵᠢ ( GIZ) ᠵᠢᠴᠢ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠᠢᠯᠳᠤᠬᠤ ᠪᠣᠳᠣᠯᠭ᠎ᠠ᠎ᠶᠢᠨ ᠰᠤᠳᠤᠯᠭᠠᠨ ᠪᠣᠯᠣᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠥᠪ ( NCSC )᠎ᠢ ᠳᠤᠮᠳᠠᠳᠤ ᠭᠧᠷᠮᠠᠨ ᠬᠣᠶᠠᠷ ᠲᠠᠯ᠎ᠠ᠎ᠶᠢᠨ ᠲᠦᠷᠦᠭᠦᠯᠡᠨ ᠬᠢᠬᠦ ᠨᠢᠭᠡᠴᠢ᠎ᠶᠢᠨ ᠬᠤᠪᠢ᠎ᠪᠠᠷ ᠲᠤᠰ ᠲᠦᠷᠦᠯ ᠵᠦᠢᠯ᠎ᠢ ᠬᠡᠷᠡᠭᠵᠢᠭᠦᠯᠬᠦ᠎ᠶᠢ ᠬᠠᠷᠢᠭᠤᠴᠠᠨ᠎ᠠ᠃ ᠲᠥᠷᠥᠯ ᠵᠦᠢᠯ᠎ᠢ ᠬᠡᠷᠡᠭᠵᠢᠭᠦᠯᠬᠦ ᠬᠤᠭᠤᠴᠠᠭ᠎ᠠ ᠨᠢ 2020 ᠣᠨ᠎ᠤ 12 ᠰᠠᠷ᠎ᠠ ᠠᠴᠠ 2025 ᠣᠨ᠎ᠤ 12 ᠰᠠᠷ᠎ᠠ ᠪᠣᠯᠲᠠᠯ᠎ᠠ ᠃ 2021 ᠣᠨ᠎ᠤ 1 ᠳ᠋ᠦ᠍ᠭᠡᠷ ᠰᠠᠷ᠎ᠠ᠎ᠳᠤ ᠂ ᠳᠤᠮᠳᠠᠳᠤ ᠭᠧᠷᠮᠠᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢᠨ ᠬᠠᠮᠲᠤᠷᠠᠯᠴᠠᠭᠠᠨ᠎ᠤ ᠵᠢᠯᠤᠭᠣᠳᠬᠤ ᠺᠣᠮᠢᠰ᠎ᠤᠨ ᠲᠣᠭᠲᠠᠭᠠᠭᠰᠠᠨ᠎ᠢᠶᠠᠷ ᠂ GIZ ᠪᠣᠯᠣᠨ NCSC ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠲᠤᠷᠰᠢᠯᠲᠠ᠎ᠶᠢᠨ ᠣᠷᠣᠨ ᠪᠦᠰᠡ ᠪᠣᠯᠭᠠᠨ ᠬᠡᠰᠡᠭ ᠡᠭᠦᠷᠭᠡ᠎ᠳᠦ ᠣᠷᠣᠭᠤᠯᠬᠤ᠎ᠪᠠᠷ ᠲᠣᠭᠲᠠᠪᠠ᠃