ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠵᠢᠭᠤᠯᠵᠤ᠂ 《ᠪᠥᠬᠥ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ᠎ᠤᠨ ᠲᠥᠰᠥᠯ (2023 — 2025 ᠣᠨ)》 (ᠳᠣᠷᠣᠭᠰᠢ 《ᠠᠵᠢᠯ᠎ᠤᠨ ᠲᠥᠰᠥᠯ》 ᠭᠡᠵᠦ ᠲᠣᠪᠴᠢᠯᠠᠨ᠎ᠠ)᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠲᠠᠢ ᠬᠠᠮᠲᠤᠷᠠᠨ ᠠᠩᠬᠠᠳᠠᠭᠴᠢ ᠪᠦᠯᠦᠭ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠬᠢᠨᠠᠨ ᠬᠡᠮᠵᠢᠬᠦ ᠥᠷᠲᠡᠭᠡ (ᠳᠣᠷᠣᠭᠰᠢ ᠶᠡᠷᠦᠩᠬᠡᠢ᠌ᠯᠡᠭᠰᠡᠨ ᠥᠷᠲᠡᠭᠡ ᠭᠡᠵᠦ ᠲᠣᠪᠴᠢᠯᠠᠨ᠎ᠠ) ᠵᠢ ᠰᠢᠯᠢᠨ ᠰᠣᠩᠭᠣᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ᠃ ᠣᠷᠣᠨ ᠨᠤᠲᠤᠭ᠎ᠤᠨ᠎ᠬᠢᠨ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠵᠶ᠋ᠡᠷ ᠬᠢᠨᠠᠨ ᠲᠣᠭᠲᠠᠭ᠋ᠠᠯᠭ᠋ᠠᠬᠤ᠂ ᠲᠤᠬᠠᠢ ᠵᠢᠨ ᠭᠠᠵᠠᠷ᠎ᠲᠤᠨᠢ ᠳᠠᠬᠢᠨ ᠬᠢᠨᠠᠬᠤ᠂ ᠲᠤᠰᠬᠠᠢ ᠰᠡᠳᠦᠪ ᠵᠶ᠋ᠡᠷ ᠬᠢᠨᠠᠨ ᠵᠥᠪᠯᠡᠭᠦᠯᠬᠦ᠎ᠪᠠᠷ ᠳᠡᠮᠵᠢᠨ᠂ ᠬᠠᠮᠤᠭ ᠡᠴᠦᠰ᠎ᠲᠤ ᠪᠡᠭᠡᠵᠢᠩ᠎ᠤᠨ ᠮᠢ ᠶᠦᠨ ᠤᠰᠤᠨ ᠴᠥᠭᠥᠷᠥᠮ᠎ᠤᠨ ᠥᠷᠲᠡᠭᠡ (ᠨᠤᠭᠤ ᠭᠠᠵᠠᠷ)᠂ ᠥᠪᠥᠷ ᠮᠣᠩᠭᠣᠯ᠎ᠤᠨ ᠬᠥᠯᠥᠨ ᠪᠣᠢ᠌ᠷ ᠥᠷᠲᠡᠭᠡ (ᠡᠪᠡᠰᠦᠲᠦ ᠭᠠᠵᠠᠷ)᠂ ᠵᠧᠵᠢᠶᠠᠩ᠎ᠤᠨ ᠵᠢᠨ ᠬᠤᠸᠠ ᠱᠠᠩ ᠬᠤᠸᠠᠩ ᠥᠷᠲᠡᠭᠡ (ᠤᠢ ᠰᠢᠭᠤᠢ) ᠵᠡᠷᠭᠡ 55 ᠶᠡᠷᠦᠩᠬᠡᠢ᠌ᠯᠡᠭᠰᠡᠨ ᠥᠷᠲᠡᠭᠡ ᠵᠢ ᠨᠢᠭᠡᠳᠦᠭᠡᠷ ᠪᠦᠯᠦᠭ᠎ᠤᠨ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠬᠢᠨᠠᠨ ᠬᠡᠮᠵᠢᠬᠦ ᠥᠷᠲᠡᠭᠡ᠎ᠪᠠᠷ ᠲᠣᠭᠲᠠᠭ᠋ᠠᠪᠠ᠃ ᠪᠥᠬᠥ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ᠎ᠳᠤ ᠣᠷᠣᠭᠤᠯᠵᠤ᠂ ᠠᠮᠢ ᠠᠬᠤᠢ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ᠎ᠤᠨ ᠡᠭᠦᠷᠭᠡ ᠵᠢ ᠳᠠᠭ᠋ᠠᠭ᠋ᠠᠨ ᠠᠪᠴᠤ᠂ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠯᠠᠪᠳᠠᠭᠤᠨ ᠪᠠᠲᠤᠲᠠᠢ ᠨᠢᠭᠡ ᠠᠯᠬᠤᠮ᠎ᠢ ᠠᠯᠬᠤᠪᠠ᠃
ᠶᠡᠷᠦᠩᠬᠡᠢ᠌ᠯᠡᠭᠰᠡᠨ ᠥᠷᠲᠡᠭᠡ ᠪᠣᠯ ᠪᠥᠬᠥ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠣᠷᠣᠨ ᠪᠦᠰᠡ ᠵᠢᠨ ᠠᠮᠢ ᠠᠬᠤᠢ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠪᠠ ᠦᠨᠡᠯᠡᠬᠦ ᠠᠵᠢᠯ᠎ᠤᠨ ᠳᠤᠮᠳᠠ 《ᠡᠵᠡᠮᠳᠡᠬᠦ ᠴᠢᠨᠠᠷᠲᠠᠢ》 ᠦᠢ᠍ᠯᠡᠳᠦᠯ᠎ᠢ ᠪᠠᠳᠠᠷᠠᠭᠤᠯᠵᠤ᠂ ᠭᠣᠣᠯ ᠡᠭᠦᠷᠭᠡ᠎ᠨᠢ 《ᠥᠯᠢᠭᠡᠷ ᠭᠠᠵᠠᠷ᠎ᠤᠨ ᠬᠢᠨᠠᠨ ᠬᠡᠮᠵᠢᠯᠲᠡ᠂ ᠲᠣᠭ᠎ᠠ ᠪᠠᠷᠢᠮᠲᠠ ᠬᠤᠷᠠᠮᠳᠤᠭᠤᠯᠬᠤ; ᠲᠡᠭᠷᠢ ᠭᠠᠵᠠᠷ᠎ᠢ ᠨᠢᠭᠡ ᠴᠣᠭᠴᠠᠵᠢᠭᠤᠯᠬᠤ᠂ ᠭᠠᠵᠠᠷ ᠳᠡᠭᠡᠷ᠎ᠡ᠎ᠠᠴᠠ ᠰᠢᠯᠭ᠋ᠠᠨ ᠪᠠᠲᠤᠯᠠᠬᠤ; ᠠᠰᠠᠭᠤᠳᠠᠯ᠎ᠢ ᠢᠯᠡᠷᠡᠭᠦᠯᠬᠦ᠂ ᠦᠢ᠍ᠯᠡᠴᠢᠯᠡᠭᠡ ᠵᠢ ᠬᠢᠨᠠᠨ ᠬᠠᠮᠢᠶᠠᠷᠬᠤ; ᠲᠤᠰᠬᠠᠢ ᠰᠡᠳᠦᠪ ᠵᠶ᠋ᠡᠷ ᠰᠤᠳᠤᠯᠵᠤ᠂ ᠴᠢᠳᠠᠪᠤᠷᠢᠲᠠᠨ᠎ᠢ ᠬᠥᠮᠥᠵᠢᠭᠦᠯᠬᠦ》 ᠪᠣᠯᠣᠨ᠎ᠠ᠃ 《ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠶᠠᠮᠤᠨ ᠬᠣᠷᠢᠶ᠎ᠠ ᠵᠢᠨ ᠠᠯᠪᠠᠨ᠎ᠤ ᠪᠢᠴᠢᠯ ᠰᠦᠯᠵᠢᠶ᠎ᠡ (ᠠᠯᠪᠠᠨ᠎ᠤ ᠰᠦᠯᠵᠢᠶ᠎ᠡ)᠂ ᠠᠷᠠᠳ᠎ᠤᠨ ᠡᠳᠦᠷ᠎ᠤᠨ ᠰᠣᠨᠢᠨ᠂ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ᠂ ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ ᠵᠡᠷᠭᠡ ᠵᠠᠭᠤᠴᠢᠯᠠᠭᠤᠷ᠎ᠤᠳ ᠥᠷᠭᠡᠨ ᠵᠶ᠋ᠡᠷ ᠮᠡᠳᠡᠭᠡᠯᠡᠵᠦ᠂ ᠭᠦᠨᠵᠡᠭᠡᠢ ᠤᠬᠠᠭᠤᠯᠤᠨ ᠲᠤᠭᠤᠰᠢᠯᠠᠭᠤᠯᠬᠤ ᠲᠠᠢ᠌ᠯᠤᠮᠵᠢ ᠥᠷᠨᠢᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠦᠬᠦᠢ ᠨᠢᠭᠡᠴᠢ᠂ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ 200 ᠰᠢᠬᠠᠮ ᠨᠢᠭᠡᠴᠢ ᠭᠤᠶᠤᠴᠢᠯᠠᠨ ᠮᠡᠳᠡᠭᠦᠯᠬᠦ ᠠᠵᠢᠯ᠎ᠳᠤ ᠢᠳᠡᠪᠬᠢᠲᠡᠢ ᠣᠷᠣᠯᠴᠠᠵᠠᠢ᠃
ᠨᠢᠭᠡᠳᠦᠭᠡᠷ ᠪᠦᠯᠦᠭ᠎ᠤᠨ ᠶᠡᠷᠦᠩᠬᠡᠢ᠌ᠯᠡᠭᠰᠡᠨ ᠥᠷᠲᠡᠭᠡᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠶ᠋ᠡᠷ ᠲᠦᠷᠦᠭᠦᠯᠡᠭᠦᠯᠦᠭᠰᠡᠨ᠎ᠨᠢ 33 ᠪᠠᠢ᠌ᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠭ᠋ᠠᠭᠤᠯᠤᠭᠰᠠᠨ᠎ᠨᠢ 17᠂ ᠪᠤᠰᠤᠳ ᠨᠢᠭᠡᠴᠢ ᠵᠢᠨ ᠳᠠᠭ᠋ᠠᠭᠤᠯᠤᠭᠰᠠᠨ᠎ᠨᠢ 5 ᠪᠠᠢ᠌ᠵᠤ᠂ ᠣᠢ ᠰᠢᠭᠤᠢ᠂ ᠴᠢᠭᠢᠭᠯᠢᠭ ᠭᠠᠵᠠᠷ᠂ ᠡᠪᠡᠰᠦᠲᠦ ᠭᠠᠵᠠᠷ᠂ ᠡᠯᠡᠰᠦᠨ ᠴᠥᠯ᠂ ᠲᠡᠯᠡᠢ ᠲᠠᠩᠭᠢᠰ᠂ ᠬᠣᠲᠠ᠂ ᠲᠠᠷᠢᠶᠠᠨ ᠭᠠᠵᠠᠷ ᠵᠡᠷᠭᠡ ᠭᠣᠣᠯ ᠪᠣᠯᠬᠤ ᠠᠮᠢ ᠠᠬᠤᠢ ᠵᠢᠨ ᠰᠢᠰᠲ᠋ᠧᠮ᠎ᠤᠨ ᠲᠥᠷᠥᠯ ᠬᠡᠯᠪᠡᠷᠢ ᠵᠢ ᠬᠠᠮᠤᠷᠴᠤ᠂ ᠮᠠᠨ᠎ᠤ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ 44 ᠭᠣᠣᠯᠳᠠᠯᠭ᠎ᠠ᠎ᠲᠠᠢ ᠣᠷᠣᠨ ᠪᠦᠰᠡ ᠵᠢᠴᠢ ᠪᠤᠰᠤᠳ ᠴᠢᠬᠤᠯᠠ ᠠᠮᠢ ᠠᠬᠤᠢ ᠵᠢᠨ ᠣᠷᠣᠨ ᠪᠦᠰᠡ ᠪᠠ ᠬᠥᠮᠥᠨ ᠲᠥᠷᠥᠯᠬᠢᠲᠡᠨ᠎ᠤ ᠠᠵᠢᠯᠯᠠᠭ᠋ᠠᠨ᠎ᠤ ᠡᠷᠴᠢᠮ ᠵᠶ᠋ᠡᠷ ᠴᠢᠩᠭ᠎ᠠ ᠬᠣᠲᠠ ᠵᠢᠨ ᠪᠥᠭᠡᠮᠨᠡᠷᠡᠯ᠎ᠢ ᠬᠠᠮᠤᠷᠤᠭᠰᠠᠨ ᠪᠠᠢ᠌ᠨ᠎ᠠ᠃
ᠳᠠᠷᠠᠭ᠋ᠠᠴᠢ ᠵᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠤᠯᠠᠨ ᠡᠰᠢᠲᠦ ᠬᠠᠮᠲᠤᠷᠠᠯᠴᠠᠭ᠋ᠠᠨ᠎ᠤ ᠠᠷᠭ᠎ᠠ ᠵᠠᠮ᠎ᠢ ᠥᠷᠭᠡᠳᠬᠡᠵᠦ ᠭᠤᠶᠤᠴᠢᠯᠠᠨ ᠮᠡᠳᠡᠭᠦᠯᠬᠦ ᠪᠠ ᠰᠢᠯᠢᠨ ᠰᠣᠩᠭᠣᠬᠤ ᠵᠢ ᠦᠷᠭᠦᠯᠵᠢᠯᠡᠨ ᠵᠣᠬᠢᠶᠠᠨ ᠪᠠᠢ᠌ᠭᠤᠯᠵᠤ᠂ ᠨᠡᠩ ᠤᠯᠠᠨ ᠰᠢᠯᠢᠳᠡᠭ ᠥᠷᠲᠡᠭᠡ ᠵᠢ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠲᠣᠣᠷ᠎ᠲᠤ ᠣᠷᠣᠭᠤᠯᠬᠤ ᠵᠢ ᠠᠬᠢᠭᠤᠯᠵᠤ᠂ ᠬᠠᠮᠤᠭ ᠡᠴᠦᠰ᠎ᠲᠤ ᠮᠤᠵᠢ ᠣᠷᠣᠨ᠂ ᠭᠣᠣᠯᠳᠠᠯᠭ᠎ᠠ᠎ᠲᠠᠢ ᠵᠢᠴᠢ ᠰᠡᠷᠭᠡᠭ ᠣᠷᠣᠨ ᠪᠦᠰᠡ ᠵᠢ ᠪᠦᠷᠬᠦᠭᠦᠯᠬᠦ ᠵᠢ ᠪᠡᠶᠡᠯᠡᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠴᠢ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠪᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠳᠡᠮᠵᠢᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃