ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2023 ᠣᠨ᠎ᠤ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠨ ᠪᠣᠯᠪᠠᠰᠤᠷᠠᠯ᠎ᠤᠨ ᠠᠩᠭᠢ (ᠬᠣᠶᠠᠳᠤᠭ᠋ᠠᠷ ᠬᠤᠭᠤᠴᠠᠭ᠎ᠠ) ᠤᠷᠤᠭᠰᠢᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2023-12-19

      ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠪᠠ ᠦᠨᠡᠯᠡᠬᠦ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠵᠤᠷᠭ᠋ᠠᠨ᠎ᠠᠴᠠ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠣᠷᠴᠢᠨ ᠠᠬᠤᠢ ᠵᠢᠨ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠳᠣᠷᠣᠭᠰᠢ 《ᠶᠡᠷᠦᠩᠬᠡᠢ ᠥᠷᠲᠡᠭᠡ》 ᠭᠡᠵᠦ ᠲᠣᠪᠴᠢᠯᠠᠨ᠎ᠠ)᠎ᠠᠴᠠ ᠳᠠᠭ᠋ᠠᠭ᠋ᠠᠨ ᠡᠷᠭᠢᠯᠡᠭᠰᠡᠨ 2023 ᠣᠨ᠎ᠤ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠨ ᠪᠣᠯᠪᠠᠰᠤᠷᠠᠯ᠎ᠤᠨ ᠠᠩᠭᠢ (ᠬᠣᠶᠠᠳᠤᠭ᠋ᠠᠷ ᠬᠤᠭᠤᠴᠠᠭ᠎ᠠ) ᠵᠢ 8 ᠰᠠᠷ᠎ᠠ ᠵᠢᠨ 22᠎ᠤᠨ ᠡᠳᠦᠷ᠎ᠠᠴᠠ 24᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠤᠷᠤᠭᠰᠢᠲᠠᠢ ᠡᠷᠭᠢᠯᠡᠵᠦ᠂ ᠪᠥᠬᠥ ᠤᠯᠤᠰ᠎ᠤᠨ ᠬᠢᠨᠠᠨ ᠬᠡᠮᠵᠢᠯᠲᠡ ᠵᠢᠨ ᠰᠢᠰᠲ᠋ᠧᠮ᠎ᠤᠨ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠨ ᠠᠵᠢᠯ ᠡᠷᠭᠢᠯᠡᠵᠦ ᠪᠠᠢ᠌ᠭ᠎ᠠ 76 ᠬᠠᠮᠢᠶ᠎ᠠ ᠪᠦᠬᠦᠢ ᠠᠵᠢᠯᠲᠠᠨ ᠪᠣᠯᠪᠠᠰᠤᠷᠠᠯ᠎ᠳᠤ ᠣᠷᠣᠯᠴᠠᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠵᠤᠷᠭ᠋ᠠᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠭᠠᠵᠠᠷ᠎ᠤᠨ ᠭᠣᠣᠯᠯᠠᠨ ᠬᠠᠮᠢᠶᠠᠷᠤᠭᠴᠢ ᠾᠧ ᠵᠢᠨ᠂ ᠶᠡᠷᠦᠩᠬᠡᠢ ᠥᠷᠲᠡᠭᠡ ᠵᠢᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠠᠰᠤᠭ᠎ᠤᠨ ᠡᠷᠬᠢᠯᠡᠭᠴᠢ ᠯᠥᠸᠧ ᠬᠠᠢ ᠵᠢᠶᠠᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ ᠳᠠᠷᠤᠭ᠎ᠠ ᠠᠶᠤᠩᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠳᠡᠳ᠋ ᠳᠠᠷᠤᠭ᠎ᠠ ᠼᠦᠢ ᠵᠢᠨ ᠵᠢᠶᠠᠩ ᠪᠤᠯᠪᠠᠰᠤᠷᠠᠯ ᠡᠬᠢᠯᠡᠬᠦ ᠶᠣᠰᠣᠯᠠᠯ᠎ᠳᠤ ᠣᠷᠣᠯᠴᠠᠵᠠᠢ᠃

      ᠴᠢᠨᠠᠷ ᠰᠠᠢ᠌ᠲᠠᠢ ᠪᠤᠯᠪᠠᠰᠤᠷᠠᠯ᠎ᠤᠨ ᠦᠷ᠎ᠡ ᠪᠦᠲᠦᠮᠵᠢ ᠵᠢ ᠪᠠᠲᠤᠯᠠᠬᠤ ᠵᠢᠨ ᠲᠥᠯᠥᠭᠡ᠂ ᠶᠡᠷᠦᠩᠬᠡᠢ ᠥᠷᠲᠡᠭᠡ᠎ᠠᠴᠠ ᠪᠤᠯᠪᠠᠰᠤᠷᠠᠯ᠎ᠤᠨ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠨ ᠨᠠᠷᠢᠨ ᠨᠢᠮᠪᠠᠢ ᠲᠣᠬᠢᠷᠠᠭᠤᠯᠵᠠᠢ᠃ ᠬᠢᠴᠢᠶᠡᠯ᠎ᠳᠤ ᠤᠨᠤᠯ᠎ᠤᠨ ᠲᠠᠢ᠌ᠯᠤᠮᠵᠢ ᠪᠠ ᠪᠣᠳᠠᠲᠠᠢ ᠪᠣᠯᠪᠠᠰᠤᠷᠠᠯ᠎ᠤᠨ ᠵᠢᠯᠣᠭᠣᠳᠤᠯᠭ᠎ᠠ ᠵᠢ ᠤᠶᠠᠯᠳᠤᠭᠤᠯᠵᠤ᠂ ᠤᠨᠤᠯ᠎ᠤᠨ ᠬᠢᠴᠢᠶᠡᠯ᠎ᠳᠤ ᠠᠮᠢ ᠠᠬᠤᠢ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ᠎ᠤᠨ ᠲᠥᠰᠥᠯ᠎ᠤᠨ ᠲᠠᠢ᠌ᠯᠤᠮᠵᠢ᠂ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ᠂ ᠶᠠᠰᠤ ᠴᠢᠨᠠᠷ᠎ᠤᠨ ᠡᠵᠡᠮᠳᠡᠯ᠂ ᠦᠨᠡᠯᠡᠬᠦ ᠠᠷᠭ᠎ᠠ ᠵᠢᠨ ᠲᠠᠢ᠌ᠯᠤᠮᠵᠢ᠂ ᠮᠤᠵᠢ ᠵᠢᠨ ᠬᠡᠪᠴᠢᠶᠡᠨ᠎ᠤ ᠲᠡᠷᠢᠭᠦᠨ᠎ᠤ ᠲᠤᠷᠰᠢᠯᠭ᠎ᠠ ᠵᠢᠨ ᠰᠣᠯᠢᠯᠴᠠᠭ᠎ᠠ ᠵᠡᠷᠭᠡ ᠠᠭᠤᠯᠭ᠎ᠠ ᠵᠢ ᠬᠠᠮᠤᠷᠪᠠ; ᠪᠣᠳᠠᠲᠤ ᠦᠢ᠍ᠯᠡᠳᠦᠯᠭᠡ ᠵᠢᠨ ᠬᠢᠴᠢᠶᠡᠯ᠎ᠨᠢ ᠭᠣᠣᠯᠳᠠᠭᠤ ᠨᠡᠢ᠌ᠲᠡᠯᠢᠭ ᠠᠮᠢ ᠠᠬᠤᠢ ᠵᠢᠨ ᠰᠢᠰᠲ᠋ᠧᠮ᠎ᠤᠨ ᠬᠢᠨᠠᠨ ᠬᠡᠮᠵᠢᠬᠦ ᠶᠠᠪᠤᠴᠠ ᠵᠢᠴᠢ ᠵᠢᠯᠣᠭᠣᠴᠢ ᠦᠭᠡᠢ ᠨᠢᠰᠬᠡᠯ᠎ᠤᠨ ᠬᠢᠨᠠᠨ ᠬᠡᠮᠵᠢᠬᠦ ᠠᠷᠭ᠎ᠠ ᠵᠡᠷᠭᠡ ᠵᠢᠨ ᠲᠣᠭᠣᠷᠢᠨ᠎ᠳᠤ ᠵᠢᠭ᠋ᠠᠨ ᠰᠤᠷᠭ᠋ᠠᠯᠲᠠ ᠵᠢᠨ ᠦᠵᠡᠭᠦᠯᠭᠡ ᠪᠠ ᠲᠤᠬᠠᠢ ᠵᠢᠨ ᠲᠠᠯᠠᠪᠤᠷ᠎ᠤᠨ ᠠᠵᠢᠯᠯᠠᠭ᠎ᠠ ᠵᠢ ᠶᠠᠪᠤᠭᠳᠠᠭᠤᠯᠪᠠ᠃ ᠪᠣᠳᠠᠲᠠᠢ ᠪᠣᠯᠪᠠᠰᠤᠷᠠᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠤᠨᠤᠯ᠎ᠤᠨ ᠬᠢᠴᠢᠶᠡᠯ᠎ᠤᠨ ᠪᠤᠯᠪᠠᠰᠤᠷᠠᠯ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠪᠣᠯᠪᠠᠰᠤᠷᠠᠯ᠎ᠳᠤ ᠲᠤᠬᠠᠢ ᠵᠢᠨ ᠭᠠᠵᠠᠷ᠎ᠤᠨ ᠲᠥᠯᠥᠭᠡᠯᠡᠬᠦ ᠴᠢᠨᠠᠷᠲᠠᠢ ᠤᠷᠭᠤᠮᠠᠯ᠎ᠤᠨ ᠬᠡᠪ ᠵᠠᠭᠪᠤᠷ᠎ᠢ ᠪᠡᠯᠡᠳᠬᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠦᠷᠭᠦᠯᠵᠢ ᠬᠠᠷᠠᠭᠳᠠᠳᠠᠭ ᠭᠠᠳᠠᠨ᠎ᠠ᠎ᠠᠴᠠ ᠣᠷᠣᠵᠤ ᠢᠷᠡᠭᠰᠡᠨ ᠤᠷᠭᠤᠮᠠᠯ᠎ᠤᠨ ᠭᠠᠷ ᠳᠡᠪᠲᠡᠷ》 ᠵᠡᠷᠭᠡ ᠵᠢ ᠲᠠᠷᠬᠠᠭ᠋ᠠᠵᠤ᠂ ᠰᠤᠷᠤᠯᠭ᠋ᠠᠲᠠᠳ᠎ᠤᠨ ᠲᠠᠷᠠᠭ᠋ᠠᠴᠢ ᠵᠢᠨ ᠲᠤᠬᠠᠢ ᠵᠢᠨ ᠲᠠᠯᠠᠪᠤᠷ᠎ᠲᠤ ᠪᠣᠳᠠᠰ᠎ᠤᠨ ᠲᠥᠷᠥᠯ᠎ᠤᠨ ᠬᠢᠨᠠᠨ ᠲᠣᠭᠲᠠᠭ᠋ᠠᠯᠲᠠ ᠬᠢᠬᠦ ᠵᠢ ᠰᠤᠷᠤᠯᠴᠠᠬᠤ᠎ᠳᠤ ᠭᠦᠢ᠍ᠴᠡᠳ ᠪᠡᠯᠡᠳᠬᠡᠯ ᠬᠢᠵᠡᠢ᠃ ᠲᠣᠰ ᠤᠳᠠᠭ᠋ᠠᠨ᠎ᠤ ᠪᠤᠯᠪᠠᠰᠤᠷᠠᠯ ᠵᠶ᠋ᠠᠷ ᠳᠡᠮᠵᠢᠨ᠂ ᠪᠤᠯᠪᠠᠰᠤᠷᠠᠯ᠎ᠳᠤ ᠣᠷᠣᠯᠴᠠᠭᠰᠠᠳ ᠠᠮᠢ ᠠᠬᠤᠢ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ᠎ᠤᠨ ᠰᠡᠳᠬᠢᠮᠵᠢ᠂ ᠬᠢᠨᠠᠨ ᠬᠡᠮᠵᠢᠬᠦ ᠮᠡᠷᠭᠡᠵᠢᠯ᠎ᠤᠨ ᠬᠢᠷᠢ ᠬᠡᠮᠵᠢᠶ᠎ᠡ᠂ ᠶᠠᠰᠤ ᠴᠢᠨᠠᠷ᠎ᠢ ᠡᠵᠡᠮᠳᠡᠬᠦ ᠪᠠ ᠦᠨᠡᠯᠡᠬᠦ ᠮᠡᠷᠭᠡᠵᠢᠯ ᠵᠡᠷᠭᠡ ᠲᠠᠯ᠎ᠠ᠎ᠪᠠᠷ ᠴᠥᠮ ᠢᠯᠡᠳᠲᠡ ᠣᠯᠣᠯᠲᠠ ᠪᠠ ᠳᠡᠭᠡᠭᠰᠢᠯᠡᠯᠲᠡ᠎ᠲᠠᠢ ᠪᠣᠯᠤᠭᠰᠠᠨ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠤᠨ᠎ᠠ · ᠬᠣᠯᠪᠤᠭ᠋ᠠᠯᠠᠨ ᠬᠥᠳᠡᠯᠦᠯᠴᠡᠵᠦ ᠵᠣᠯᠭ᠋ᠠᠭᠤᠯᠬᠤ ᠵᠢ ᠴᠢᠩᠭ᠋ᠠᠳᠬᠠᠵᠤ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠮᠢᠶᠠᠷᠬᠤ ᠳᠦᠷᠢᠮ᠎ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠲᠠᠢ᠌ᠯᠤᠮᠵᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠰᠢᠯᠭ᠋ᠠᠷᠠᠭᠤᠯᠬᠤ ᠪᠣᠯᠪᠠᠰᠤᠷᠠᠯ᠎ᠤᠨ ᠠᠩᠭᠢ ᠵᠢᠨ ᠤᠨᠤᠯ᠎ᠤᠨ ᠰᠢᠯᠭ᠋ᠠᠯᠲᠠ ᠵᠢ ᠵᠣᠬᠢᠶᠠᠨ ᠪᠠᠢ᠌ᠭᠤᠯᠪᠠ
 
             蒙ICP备05000248号