ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠤᠨ᠎ᠠ · ᠬᠣᠯᠪᠤᠭ᠋ᠠᠯᠠᠨ ᠬᠥᠳᠡᠯᠦᠯᠴᠡᠵᠦ ᠵᠣᠯᠭ᠋ᠠᠭᠤᠯᠬᠤ ᠵᠢ ᠴᠢᠩᠭ᠋ᠠᠳᠬᠠᠵᠤ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠮᠢᠶᠠᠷᠬᠤ ᠳᠦᠷᠢᠮ᠎ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠲᠠᠢ᠌ᠯᠤᠮᠵᠢ
ᠨᠡᠶ᠋ᠢᠲᠡᠯᠡᠭᠰᠡᠨ ᠴᠠᠭ᠄ 2023-12-26

      ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠪᠣᠯ ᠣᠨᠣᠴᠠᠲᠠᠢ᠎ᠪᠠᠷ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢᠨ ᠴᠢᠬᠤᠯᠠ ᠦᠨᠳᠦᠰᠦᠯᠡᠯ ᠮᠥᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠵᠢᠨ ᠴᠢᠬᠤᠯᠠ ᠲᠤᠯᠭ᠋ᠠᠭᠤᠷᠢᠯᠠᠯ ᠮᠥᠨ᠃ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠬᠤ ᠵᠢ ᠠᠬᠢᠭᠤᠯᠬᠤ ᠪᠣᠯ 《ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》 《ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠠᠢ᠌ᠳᠠᠪᠤᠷᠢᠵᠢᠭᠤᠯᠬᠤ ᠵᠢᠨ ᠬᠡᠷᠡᠭᠴᠡᠭᠡ ᠮᠥᠨ᠃

      2023 ᠣᠨ᠎ᠤ 3 ᠰᠠᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ 《ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》 (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠯᠪᠠᠨ ᠭᠡᠷ᠎ᠤᠨ ᠬᠢᠨᠠᠨ ᠬᠡᠮᠵᠢᠬᠦ [2023] 5 ᠲᠣᠭ᠋ᠠᠲᠤ) (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠷᠲᠡᠭᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠵᠢ ᠴᠢᠩᠭ᠋ᠠᠳᠬᠠᠬᠤ᠂ ᠬᠠᠤᠯᠢ ᠬᠡᠷᠡᠭᠵᠢᠭᠦᠯᠵᠦ ᠬᠢᠨᠠᠨ ᠬᠡᠮᠵᠢᠵᠦ ᠬᠠᠮᠢᠶᠠᠷᠬᠤ ᠲᠣᠭᠲᠠᠴᠠ ᠵᠢ ᠰᠢᠯᠢᠳᠡᠭᠵᠢᠭᠦᠯᠬᠦ ᠪᠠ ᠲᠤᠯᠭ᠋ᠠᠭᠤᠷᠢᠯᠠᠨ ᠪᠠᠲᠤᠯᠠᠬᠤ ᠵᠢ ᠴᠢᠩᠭ᠋ᠠᠳᠬᠠᠬᠤ ᠵᠡᠷᠭᠡ ᠭᠤᠷᠪᠠᠨ ᠲᠠᠯ᠎ᠠ᠎ᠠᠴᠠ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠬᠤ ᠵᠢ ᠰᠢᠯᠢᠳᠡᠭᠵᠢᠭᠦᠯᠬᠦ᠎ᠳᠤ ᠱᠠᠭ᠋ᠠᠷᠳᠠᠯᠭ᠎ᠠ ᠳᠤᠷᠠᠳᠴᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠬᠦ᠎ᠳᠤ ᠨᠡᠩ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠪᠠ᠃

      ᠨᠢᠭᠡ᠂ 《ᠮᠡᠳᠡᠭᠳᠡᠯ》᠎ᠤᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠬᠤ

      (ᠨᠢᠭᠡ) ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠨᠠᠢ᠌ᠳᠠᠪᠤᠷᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠵᠦ ᠬᠢᠨᠠᠵᠤ ᠬᠠᠮᠢᠶᠠᠷᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠬᠡᠷᠡᠭᠴᠡᠭᠡ ᠱᠠᠭ᠋ᠠᠷᠳᠠᠯᠭ᠎ᠠ ᠮᠥᠨ᠃

      2020 ᠣᠨ᠎ᠤ ᠵᠢᠯ᠎ᠤᠨ ᠡᠴᠦᠰ ᠪᠣᠯᠲᠠᠯ᠎ᠠ᠂ ᠮᠠᠨ᠎ᠤ ᠤᠯᠤᠰ ᠲᠣᠭᠲᠠᠮᠠᠯ ᠪᠣᠬᠢᠷᠲᠤᠯ᠎ᠤᠨ ᠡᠬᠢ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠪᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠨᠢ ᠨᠢᠭᠡᠨᠲᠡ ᠲᠣᠭᠲᠠᠮᠠᠯ ᠪᠣᠬᠢᠷᠲᠤᠯ᠎ᠤᠨ ᠡᠬᠢ ᠵᠢᠨ ᠬᠠᠮᠢᠶᠠᠷᠤᠯᠲᠠ ᠵᠢᠨ ᠭᠣᠣᠯᠯᠠᠬᠤ ᠳᠦᠷᠢᠮ ᠪᠣᠯᠵᠤ᠂ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠪᠠ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠥᠭᠡᠳ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠠᠵᠢᠯ᠎ᠳᠤ ᠨᠡᠩ ᠰᠢᠨ᠎ᠡ ᠨᠡᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》 《ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠢ ᠭᠦᠨᠵᠡᠭᠡᠢ ᠰᠠᠶ᠋ᠢᠲᠤᠷ ᠬᠢᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠵᠢᠴᠢ ᠬᠣᠯᠪᠣᠭᠳᠠᠯ ᠪᠦᠬᠦᠢ ᠳᠦᠷᠢᠮ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢᠨ ᠲᠥᠯᠥᠭᠡ᠂ ᠬᠥᠨᠳᠡᠯᠡᠨ᠎ᠤ ᠲᠠᠯ᠎ᠠ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠨᠠᠪᠲᠠᠷᠡᠭᠦᠯᠵᠦ᠂ ᠬᠠᠮᠢᠶᠠᠷᠤᠯᠲᠠ ᠵᠢᠨ ᠪᠢᠲᠡᠭᠦᠦ ᠴᠠᠭ᠋ᠠᠷᠢᠭ᠎ᠢ ᠪᠤᠢ ᠪᠣᠯᠭ᠋ᠠᠪᠠ; ᠭᠤᠯᠳᠤ ᠴᠢᠭᠯᠡᠯ᠎ᠤᠨ ᠲᠠᠯ᠎ᠠ᠎ᠪᠠᠷ᠂ ᠤᠯᠤᠰ᠂ ᠮᠤᠵᠢ᠂ ᠬᠣᠲᠠ ᠰᠢᠶᠠᠨ᠎ᠢ ᠨᠠᠪᠲᠠᠷᠡᠭᠦᠯᠵᠦ᠂ ᠱᠠᠲᠤ ᠬᠤᠪᠢᠶᠠᠨ ᠬᠠᠷᠢᠭᠤᠴᠠᠵᠤ᠂ ᠬᠠᠮᠵᠢᠯᠴᠠᠨ ᠠᠬᠢᠭᠤᠯᠪᠠ᠃

      (ᠬᠣᠶᠠᠷ) ᠥᠭᠡᠷᠡᠴᠢᠯᠡᠯᠲᠡ ᠵᠢᠨ 《ᠰᠡᠭᠦᠯᠴᠢ ᠵᠢᠨ ᠬᠠᠭ᠋ᠠᠰ》᠎ᠢ ᠰᠠᠶ᠋ᠢᠲᠤᠷ ᠬᠢᠵᠦ᠂ ᠪᠣᠬᠢᠷᠲᠤᠯ᠎ᠤᠨ ᠡᠬᠢ ᠰᠤᠷᠪᠤᠯᠵᠢ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢᠨ ᠬᠡᠷᠡᠭᠴᠡᠭᠡ ᠵᠢ ᠭᠦᠢ᠍ᠴᠡᠳ ᠪᠠᠳᠠᠷᠠᠭᠤᠯᠬᠤ

      ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠰᠢᠭᠤᠳ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠣᠨ᠎ᠠ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠦᠴᠦᠲᠡᠢ ᠭᠠᠷᠳᠠᠴᠠ ᠪᠣᠯᠣᠨ᠎ᠠ᠃ ᠣᠲᠣ ᠨᠢᠭᠡᠨᠲᠡ ᠥᠭᠡᠷᠡᠴᠢᠯᠡᠨ ᠰᠠᠢ᠌ᠵᠢᠷᠠᠭᠤᠯᠬᠤ ᠡᠯ᠎ᠡ ᠵᠦᠢ᠍ᠯ᠎ᠤᠨ ᠬᠠᠷᠠᠯᠲᠠ ᠵᠢᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠬᠠᠮᠢᠶᠠᠷᠤᠯᠲᠠ ᠵᠢᠨ ᠭᠣᠣᠯᠳᠠᠯᠭ᠎ᠠ ᠵᠢ ᠳᠣᠷᠣᠭᠰᠢ ᠰᠢᠯᠵᠢᠭᠦᠯᠵᠦ᠂ ᠰᠢᠶᠠᠨ᠎ᠤ ᠱᠠᠲᠤᠨ᠎ᠤ ᠬᠢᠨᠠᠨ ᠬᠡᠮᠵᠢᠬᠦ ᠪᠠᠢ᠌ᠭᠤᠯᠤᠮᠵᠢ ᠵᠢᠨ ᠭᠣᠣᠯ ᠡᠭᠦᠷᠭᠡ ᠴᠢᠳᠠᠪᠤᠷᠢ ᠵᠢ ᠬᠠᠤᠯᠢ ᠬᠡᠷᠡᠭᠵᠢᠭᠦᠯᠦᠯᠲᠡ ᠵᠢ ᠬᠢᠨᠠᠨ ᠬᠡᠮᠵᠢᠬᠦ ᠪᠣᠯᠭ᠋ᠠᠨ ᠲᠣᠬᠢᠷᠠᠭᠤᠯᠪᠠ᠂ ᠭᠡᠪᠡᠴᠦ ᠰᠢᠶᠠᠨ᠎ᠤ ᠱᠠᠲᠤᠨ᠎ᠤ ᠬᠢᠨᠠᠨ ᠬᠡᠮᠵᠢᠬᠦ ᠪᠠᠢ᠌ᠭᠤᠯᠤᠮᠵᠢ ᠵᠢᠨ ᠴᠢᠳᠠᠪᠤᠷᠢ ᠬᠢᠭᠡᠳ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ᠎ᠨᠢ ᠪᠠᠰᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ ᠵᠢ ᠬᠢᠨᠠᠨ ᠬᠡᠮᠵᠢᠬᠦ ᠪᠣᠳᠠᠲᠠᠢ ᠡᠭᠦᠷᠭᠡ ᠪᠠ ᠬᠡᠷᠡᠭᠵᠢᠭᠦᠯᠬᠦ ᠲᠣᠭᠲᠠᠴᠠ᠎ᠨᠢ ᠪᠠᠰᠠ ᠲᠡᠢ᠌ᠮᠦ ᠲᠣᠳᠣᠷᠬᠠᠢ ᠪᠢᠰᠢ ᠪᠠᠢ᠌ᠨ᠎ᠠ᠃ ᠡᠢ᠌ᠮᠦ᠎ᠠᠴᠠ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢ ᠬᠡᠷᠡᠭᠵᠢᠭᠦᠯᠦᠭᠰᠡᠨ ᠪᠠᠶ᠋ᠢᠳᠠᠯ᠎ᠲᠠᠢ ᠤᠶᠠᠯᠳᠤᠭᠤᠯᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠲᠣᠭᠲᠠᠮᠠᠯ ᠪᠣᠬᠢᠷᠲᠤᠯ᠎ᠤᠨ ᠡᠬᠢ ᠵᠢᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠬᠡᠷᠡᠭᠵᠢᠭᠦᠯᠬᠦ ᠲᠣᠭᠲᠠᠴᠠ ᠵᠢ ᠲᠣᠳᠣᠷᠬᠠᠢ᠌ᠯᠠᠨ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ᠂ ᠣᠷᠴᠢᠨ ᠲᠣᠭᠣᠷᠢᠨ᠎ᠤ ᠬᠢᠨᠠᠨ ᠬᠡᠮᠵᠢᠬᠦ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠵᠢᠨ ᠬᠠᠮᠲᠤ᠂ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠰᠢᠶᠠᠨ᠎ᠤ ᠱᠠᠲᠤᠨ᠎ᠤ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠵᠦ᠂ ᠲᠣᠭᠲᠠᠮᠠᠯ ᠪᠣᠬᠢᠷᠲᠤᠯ᠎ᠤᠨ ᠡᠬᠢ ᠵᠢᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠬᠠᠮᠢᠶᠠᠷᠤᠯᠲᠠ ᠵᠢᠨ ᠬᠦᠴᠦᠨ ᠴᠢᠳᠠᠪᠤᠷᠢ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠬᠤ ᠬᠠᠷᠠᠯᠲᠠ ᠵᠢ ᠪᠡᠶᠡᠯᠡᠭᠦᠯᠦᠨ᠎ᠡ᠃

      (ᠭᠤᠷᠪᠠ) ᠦᠷᠭᠦᠯᠵᠢᠯᠡᠨ ᠦᠨᠳᠦᠰᠦ ᠰᠠᠭᠤᠷᠢ ᠵᠢ ᠪᠠᠲᠤᠳᠬᠠᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠬᠡᠷᠡᠭᠴᠡᠭᠡ ᠱᠠᠭ᠋ᠠᠷᠳᠠᠯᠭ᠎ᠠ

      ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠪᠣᠯ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠰᠢᠰᠲ᠋ᠧᠮ᠎ᠤᠨ ᠴᠢᠩᠭ᠎ᠠ ᠬᠦᠴᠦᠲᠡᠢ ᠲᠤᠯᠭ᠋ᠠᠭᠤᠷᠢᠯᠠᠯ ᠮᠥᠨ᠂ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠵᠢ ᠪᠦᠲᠦᠮᠵᠢᠲᠡᠢ ᠬᠡᠷᠡᠭᠵᠢᠭᠦᠯᠬᠦ᠎ᠳᠤ ᠰᠠᠭᠤᠷᠢ ᠴᠢᠳᠠᠪᠤᠷᠢ ᠵᠢᠨ ᠳᠡᠭᠡᠭᠰᠢᠯᠡᠯᠲᠡ᠎ᠳᠤ ᠲᠦᠰᠢᠭᠯᠡᠨ᠎ᠡ᠃ ᠨᠢᠭᠡ᠎ᠳᠤ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠵᠦ᠂ ᠲᠤᠬᠠᠢ ᠵᠢᠨ ᠲᠠᠯᠠᠪᠤᠷ᠎ᠲᠤ ᠲᠦᠷᠭᠡᠨ ᠲᠣᠭ᠎ᠠ ᠭᠠᠷᠭ᠋ᠠᠬᠤ ᠵᠢ ᠪᠡᠶᠡᠯᠡᠭᠦᠯᠵᠦ᠂ ᠬᠠᠤᠯᠢ᠎ᠠᠴᠠ ᠵᠥᠷᠢᠴᠡᠨ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠵᠢ ᠲᠦᠷᠭᠡᠨ ᠪᠠᠢ᠌ᠴᠠᠭ᠋ᠠᠨ ᠰᠢᠢ᠍ᠳᠪᠦᠷᠢᠯᠡᠬᠦ᠎ᠳᠤ ᠲᠤᠯᠭ᠋ᠠᠭᠤᠷᠢᠯᠠᠨ᠎ᠠ; ᠬᠣᠶᠠᠷ᠎ᠲᠤ᠂ ᠥᠪᠡᠷᠲᠡᠭᠡᠨ ᠬᠢᠨᠠᠨ ᠬᠡᠮᠵᠢᠬᠦ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠵᠦ᠂ 《ᠦᠨᠡᠨ᠎ᠢ ᠪᠠᠲᠤᠯᠠᠬᠤ》 《ᠬᠤᠳᠠᠯ ᠬᠠᠭᠤᠷᠮᠠᠭ ᠦᠢ᠍ᠯᠡᠳᠬᠦᠨ᠎ᠳᠤ ᠴᠣᠬᠢᠯᠲᠠ ᠥᠭᠬᠦ》 ᠵᠢ ᠬᠠᠮᠵᠢᠯᠴᠠᠨ ᠬᠦᠴᠦᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠷᠲᠡᠭᠡᠨ ᠬᠢᠨᠠᠨ ᠬᠡᠮᠵᠢᠬᠦ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢ ᠠᠬᠢᠭᠤᠯᠤᠨ᠎ᠠ; ᠭᠤᠷᠪᠠ᠎ᠳᠤ᠂ ᠪᠣᠬᠢᠷᠲᠤᠯ᠎ᠤᠨ ᠡᠬᠢ ᠰᠤᠷᠪᠤᠯᠵᠢ ᠵᠢᠨ ᠮᠡᠳᠡᠭᠡ ᠵᠠᠩᠭᠢ ᠵᠢ ᠶᠡᠷᠦᠩᠬᠡᠢ᠌ᠯᠡᠨ ᠵᠠᠳᠠᠯᠵᠤ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠬᠢᠨᠠᠨ ᠬᠡᠮᠵᠢᠬᠦ (ᠠᠦ᠋ᠲ᠋ᠣ᠋ ᠬᠢᠨᠠᠨ ᠬᠡᠮᠵᠢᠯᠲᠡ ᠵᠢ ᠪᠠᠭᠲᠠᠭ᠋ᠠᠨ᠎ᠠ)᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢ ᠶᠡᠷᠦᠩᠬᠡᠢ᠌ᠯᠡᠨ ᠬᠡᠷᠡᠭᠯᠡᠬᠦ᠂ ᠲᠣᠭ᠎ᠠ ᠪᠠᠷᠢᠮᠲᠠ ᠵᠢᠨ ᠡᠨᠧᠷᠭᠢ ᠣᠯᠭᠣᠬᠤ᠎ᠳᠤ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠪᠠ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠣᠨᠣᠴᠠᠲᠠᠢ ᠴᠣᠬᠢᠯᠲᠠ ᠥᠭᠬᠦ ᠵᠢ ᠪᠡᠶᠡᠯᠡᠭᠦᠯᠦᠨ᠎ᠡ᠃ ᠡᠭᠦᠨ᠎ᠳᠤ ᠬᠠᠮᠢᠶᠠᠷᠤᠯᠲᠠ ᠵᠢᠨ ᠲᠣᠭᠲᠠᠴᠠ᠂ ᠬᠢᠨᠠᠨ ᠬᠡᠮᠵᠢᠬᠦ ᠮᠡᠷᠭᠡᠵᠢᠯ᠂ ᠮᠡᠳᠡᠭᠡ ᠵᠠᠩᠭᠢ ᠵᠢᠨ ᠲᠠᠪᠴᠠᠩ᠂ ᠠᠵᠢᠯᠲᠠᠨ᠎ᠤ ᠡᠩᠨᠡᠭᠡ᠂ ᠤᠯᠠᠨ ᠨᠠᠢ᠌ᠳᠠ ᠵᠢᠨ ᠣᠷᠤᠯᠴᠠᠯᠭ᠎ᠠ ᠵᠡᠷᠭᠡ ᠲᠠᠯ᠎ᠠ᠎ᠠᠴᠠ ᠪᠠᠲᠤᠯᠠᠬᠤ ᠴᠢᠬᠤᠯᠠᠲᠠᠢ ᠶᠤᠮ᠃

      ᠬᠣᠶᠠᠷ᠂ 《ᠮᠡᠳᠡᠭᠳᠡᠯ》᠎ᠤᠨ ᠭᠣᠣᠯ ᠠᠭᠤᠯᠭ᠎ᠠ ᠵᠢ ᠣᠨᠣᠪᠴᠢᠲᠠᠢ ᠡᠵᠡᠮᠰᠢᠬᠦ

      (ᠨᠢᠭᠡ) ᠥᠪᠡᠷᠲᠡᠭᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠵᠢ ᠴᠢᠩᠭ᠋ᠠᠳᠬᠠᠨ᠂ ᠬᠠᠮᠢᠶᠠᠷᠤᠯᠲᠠ ᠵᠢᠨ ᠪᠢᠲᠡᠭᠦᠦ ᠴᠠᠭ᠋ᠠᠷᠢᠭ᠎ᠢ ᠪᠤᠢ ᠪᠣᠯᠭ᠋ᠠᠬᠤ

ᠪᠣᠬᠢᠷᠲᠤᠯ ᠭᠠᠳᠠᠭᠰᠢᠯᠠᠭᠤᠯᠬᠤ ᠨᠢᠭᠡᠴᠢ ᠥᠪᠡᠰᠦᠪᠡᠨ ᠬᠢᠨᠠᠨ ᠬᠡᠮᠵᠢᠬᠦ ᠪᠣᠯ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠮᠥᠨ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠬᠠᠮᠢᠶᠠᠷᠤᠯᠲᠠ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠪᠦᠲᠦᠮᠵᠢᠲᠡᠢ᠎ᠪᠠᠷ ᠬᠣᠯᠪᠣᠯᠳᠤᠭᠤᠯᠤᠨ᠂ ᠬᠠᠮᠢᠶᠠᠷᠤᠯᠲᠠ ᠵᠢᠨ ᠪᠢᠲᠡᠭᠦᠦ ᠴᠠᠭ᠋ᠠᠷᠢᠭ᠎ᠢ ᠪᠤᠢ ᠪᠣᠯᠭ᠋ᠠᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠬᠠᠤᠯᠢ ᠲᠣᠭᠲᠠᠭ᠋ᠠᠯ ᠶᠣᠰᠣᠭ᠋ᠠᠷ ᠥᠪᠡᠰᠦᠪᠡᠨ ᠬᠢᠨᠠᠨ ᠬᠡᠮᠵᠢᠬᠦ ᠵᠢ ᠬᠠᠮᠵᠢᠯᠴᠠᠨ ᠠᠬᠢᠭᠤᠯᠵᠤ᠂ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠵᠢ ᠵᠢᠷᠤᠮᠵᠢᠭᠤᠯᠤᠨ ᠠᠵᠢᠯᠯᠠᠭᠤᠯᠤᠨ᠎ᠠ᠃

      《ᠮᠡᠳᠡᠭᠳᠡᠯ》᠎ᠳᠤ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠥᠪᠡᠰᠦᠪᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠲᠣᠭᠲᠠᠭ᠋ᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠠᠯᠠᠭ᠎ᠠ ᠮᠥᠴᠢᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠬᠢᠨᠠᠨ ᠬᠠᠮᠢᠶᠠᠷᠬᠤ ᠲᠣᠭᠲᠠᠴᠠ ᠵᠢ ᠲᠣᠳᠣᠷᠬᠠᠢ ᠲᠣᠭᠲᠠᠭ᠋ᠠᠪᠠ᠃

      ᠡᠭᠦᠨ᠎ᠠᠴᠠ ᠭᠠᠳᠠᠨ᠎ᠠ᠂ 《ᠮᠡᠳᠡᠭᠳᠡᠯ》᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠬᠢᠨᠠᠨ ᠬᠡᠮᠵᠢᠬᠦ ᠠᠵᠢᠯ ᠵᠶ᠋ᠠᠨ ᠳᠠᠭᠤᠰᠬᠠᠭᠰᠠᠨ᠎ᠤ ᠳᠠᠷᠠᠭ᠋ᠠᠬᠢ 5 ᠠᠵᠢᠯᠯᠠᠬᠤ ᠡᠳᠦᠷ᠎ᠤᠨ ᠳᠣᠲᠣᠷ᠎ᠠ᠂ ᠪᠥᠬᠥ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠭᠠᠷ ᠵᠶ᠋ᠠᠷ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠢᠯᠡ ᠪᠣᠯᠭ᠋ᠠᠨ᠎ᠠ; 《ᠠᠭ᠋ᠠᠷ ᠮᠠᠨᠳᠠᠯ ᠪᠤᠶᠤ ᠤᠰᠤᠨ᠎ᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠭᠰᠠᠨ ᠦᠭᠡᠢ》 《ᠬᠢᠨᠠᠨ ᠬᠠᠮᠢᠶᠠᠷᠤᠯᠲᠠ᠎ᠠᠴᠠ ᠵᠠᠶ᠋ᠢᠯᠠᠬᠤ ᠠᠷᠭ᠎ᠠ ᠮᠠᠶᠢᠭ ᠵᠶ᠋ᠠᠷ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ》 ᠬᠠᠤᠯᠢ᠎ᠠᠴᠠ ᠵᠥᠷᠢᠴᠡᠭᠰᠡᠨ 2 ᠵᠦᠢ᠍ᠯ᠎ᠤᠨ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠭᠰᠠᠨ ᠪᠠᠶ᠋ᠢᠳᠠᠯ᠎ᠢ ᠤᠯᠠᠮ ᠨᠢᠭᠡ ᠠᠯᠬᠤᠮ ᠲᠣᠳᠣᠷᠬᠠᠢ᠌ᠯᠠᠨ᠎ᠠ᠃

      (ᠬᠣᠶᠠᠷ) ᠬᠠᠤᠯᠢ ᠬᠡᠷᠡᠭᠵᠢᠭᠦᠯᠦᠯᠲᠡ ᠵᠢ ᠬᠢᠨᠠᠨ ᠬᠡᠮᠵᠢᠵᠦ ᠬᠡᠷᠡᠭᠵᠢᠭᠦᠯᠬᠦ ᠵᠢ ᠰᠢᠯᠢᠳᠡᠭᠵᠢᠭᠦᠯᠵᠦ᠂ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠷᠠᠭᠤᠯᠤᠨ᠎ᠠ

      ᠬᠠᠤᠯᠢ ᠬᠡᠷᠡᠭᠵᠢᠭᠦᠯᠦᠯᠲᠡ ᠵᠢ ᠬᠢᠨᠠᠨ ᠬᠡᠮᠵᠢᠬᠦ ᠪᠣᠯ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ ᠲᠤᠯᠭ᠋ᠠᠭᠤᠷᠢᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠵᠢᠨ ᠠᠵᠢᠯ᠎ᠤᠨ ᠪᠦᠷᠢᠯᠳᠦᠬᠦᠨ ᠬᠡᠰᠡᠭ ᠪᠣᠯᠭ᠋ᠠᠵᠤ ᠪᠣᠯᠣᠨ᠎ᠠ᠂ ᠬᠠᠤᠯᠢ ᠬᠡᠷᠡᠭᠵᠢᠭᠦᠯᠬᠦ ᠲᠡᠰ ᠳᠠᠷᠠᠭ᠋ᠠᠯᠠᠯ᠎ᠢ ᠴᠢᠩᠭ᠎ᠠ ᠵᠢᠷᠤᠮᠯᠠᠵᠤ᠂ 《ᠬᠣᠶᠠᠷ᠎ᠢ ᠲᠣᠬᠢᠶᠠᠯᠳᠤᠯ ᠵᠶ᠋ᠠᠷ᠂ ᠨᠢᠭᠡ ᠵᠢ ᠢᠯᠡ ᠪᠣᠯᠭ᠋ᠠᠬᠤ》 ᠬᠢᠨᠠᠨ ᠬᠠᠮᠢᠶᠠᠷᠬᠤ ᠠᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠥᠷᠨᠢᠭᠦᠯᠦᠨ᠎ᠡ᠃ ᠥᠩᠭᠡᠷᠡᠭᠰᠡᠨ᠎ᠤ ᠬᠢᠨᠠᠯᠲᠠ ᠵᠢᠨ ᠴᠢᠨᠠᠷᠲᠠᠢ ᠬᠢᠨᠠᠨ ᠬᠡᠮᠵᠢᠯᠲᠡ᠎ᠲᠠᠢ ᠬᠠᠷᠢᠴᠠᠭᠤᠯᠪᠠᠯ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢ ᠬᠠᠷᠢᠶᠠᠲᠤ ᠣᠷᠣᠨ᠎ᠤ ᠳᠣᠲᠣᠷ᠎ᠠ ᠪᠥᠬᠥ ᠲᠠᠯ᠎ᠠ ᠵᠢ ᠬᠠᠮᠤᠷᠬᠤ ᠠᠷᠭ᠎ᠠ ᠮᠠᠶᠢᠭ ᠵᠶ᠋ᠠᠷ ᠥᠷᠨᠢᠭᠦᠯᠵᠦ ᠪᠣᠯᠬᠤ ᠦᠭᠡᠢ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠳᠤ ᠦᠢ᠍ᠯᠡᠴᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠬᠢᠨᠠᠨ ᠬᠡᠮᠵᠢᠯᠲᠡ ᠵᠢᠨ ᠠᠭᠤᠯᠭ᠎ᠠ ᠪᠠ ᠬᠢᠨᠠᠨ ᠬᠡᠮᠵᠢᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢᠨ ᠬᠠᠨᠳᠤᠯᠭ᠋ᠠᠲᠤ ᠴᠢᠨᠠᠷ᠎ᠢ ᠨᠠᠩ ᠢᠯᠡᠭᠦᠦ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠯᠦᠭᠡ ᠬᠣᠯᠪᠤᠭ᠋ᠠᠯᠠᠨ ᠬᠥᠳᠡᠯᠦᠯᠴᠡᠬᠦ ᠵᠢ ᠨᠠᠩ ᠢᠯᠡᠭᠦᠦ ᠴᠢᠬᠤᠯᠠᠴᠢᠯᠠᠵᠤ᠂ ᠬᠠᠤᠯᠢ ᠵᠢ ᠵᠥᠷᠢᠴᠡᠨ ᠪᠣᠬᠢᠷᠲᠤᠯ ᠭᠠᠳᠠᠭᠰᠢᠯᠠᠭᠤᠯᠬᠤ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠪᠣᠳᠠᠲᠤ ᠦᠷ᠎ᠡ ᠪᠦᠲᠦᠮᠵᠢ ᠵᠢ ᠳᠡᠬᠡᠭᠰᠢᠯᠡᠬᠦᠯᠦᠨ᠎ᠡ᠃ ᠬᠢᠨᠠᠯᠲᠠ ᠲᠠᠯᠪᠢᠯᠲᠠ ᠵᠢᠨ ᠴᠢᠨᠠᠷᠲᠠᠢ ᠬᠢᠨᠠᠨ ᠬᠡᠮᠵᠢᠭᠰᠡᠨ ᠦᠷ᠎ᠡ ᠳ᠋ᠦᠩ᠎ᠢ ᠢᠯᠡ ᠪᠣᠯᠭ᠋ᠠᠬᠤ ᠠᠷᠭ᠎ᠠ ᠮᠠᠶᠢᠭ᠎ᠲᠠᠢ ᠬᠠᠷᠢᠴᠠᠭᠤᠯᠪᠠᠯ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠭᠰᠡᠨ ᠦᠷ᠎ᠡ ᠳ᠋ᠦᠩ᠎ᠢ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠳᠠᠭ᠋ᠠᠯᠳᠤᠭᠤᠯᠤᠨ ᠢᠯᠡ ᠪᠣᠯᠭ᠋ᠠᠵᠤ ᠪᠣᠯᠣᠨ᠎ᠠ᠃

      《ᠮᠡᠳᠡᠭᠳᠡᠯ》᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠪᠠᠶ᠋ᠢᠳᠠᠯ᠎ᠲᠠᠢ ᠤᠶᠠᠯᠳᠤᠭᠤᠯᠤᠨ᠂ ᠤᠯᠤᠰ᠂ ᠮᠤᠵᠢ ᠪᠠ ᠬᠣᠲᠠ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠬᠤ ᠪᠠ ᠪᠣᠳᠠᠲᠠᠢ᠌ᠵᠢᠭᠤᠯᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠪᠠ ᠬᠠᠤᠯᠢ ᠬᠡᠷᠡᠭᠵᠢᠭᠦᠯᠦᠯᠲᠡ ᠵᠢᠨ ᠬᠣᠯᠪᠣᠯᠳᠤᠯ᠎ᠢ ᠴᠢᠩᠭ᠋ᠠᠳᠬᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠤ᠂ ᠡᠯ᠎ᠡ ᠭᠠᠵᠠᠷ᠎ᠤᠨ᠎ᠬᠢᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠭᠡᠳ ᠬᠠᠤᠯᠢ ᠬᠡᠷᠡᠭᠵᠢᠭᠦᠯᠦᠯᠲᠡ ᠵᠢᠨ ᠬᠣᠯᠪᠣᠯᠳᠤᠯ᠎ᠤᠨ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠳᠦᠷᠢᠮ ᠲᠣᠭᠲᠠᠭ᠋ᠠᠬᠤ ᠵᠢ ᠵᠣᠷᠢᠭᠵᠢᠭᠤᠯᠪᠠ᠃

      ᠬᠤᠳᠠ ᠵᠢᠨ ᠲᠡᠰ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠪᠣᠳᠠᠲᠠᠢ ᠪᠠᠶ᠋ᠢᠳᠠᠯ᠎ᠢ ᠪᠣᠳᠣᠯᠬᠢᠯᠠᠵᠤ᠂ ᠬᠤᠳᠠ ᠵᠢᠨ ᠲᠡᠰ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠢᠨᠠᠨ ᠬᠡᠮᠵᠢᠬᠦ ᠴᠢᠳᠠᠪᠤᠷᠢ ᠵᠢᠨ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠵᠣᠬᠢᠰᠲᠠᠢ ᠲᠥᠯᠥᠪᠵᠢᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠵᠦ ᠪᠠᠶ᠋ᠢᠭ᠋ᠠᠳ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠴᠢᠳᠠᠪᠤᠷᠢ ᠵᠢ ᠳᠡᠬᠡᠭᠰᠢᠯᠡᠬᠦᠯᠦᠨ᠎ᠡ; ᠬᠢᠨᠠᠨ ᠬᠡᠮᠵᠢᠬᠦ ᠴᠢᠳᠠᠪᠤᠷᠢ᠎ᠨᠢ ᠬᠦᠷᠦᠯᠴᠡᠬᠦ ᠦᠭᠡᠢ ᠪᠠᠢ᠌ᠪᠠᠯ᠂ ᠬᠣᠲᠠ᠎ᠳᠤ ᠰᠠᠭᠤᠭ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠᠢ᠌ᠭᠤᠯᠤᠮᠵᠢ ᠪᠤᠶᠤ ᠨᠡᠢ᠌ᠭᠡᠮ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠᠢ᠌ᠭᠤᠯᠤᠮᠵᠢ᠎ᠳᠤ ᠨᠠᠶ᠋ᠢᠳᠠᠵᠤ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠡᠭᠦᠷᠭᠡ ᠵᠢ ᠡᠭᠦᠷᠭᠡᠯᠡᠭᠦᠯᠵᠦ ᠪᠣᠯᠣᠨ᠎ᠠ᠂ ᠭᠡᠬᠦ᠎ᠳᠡᠭᠡᠨ ᠠᠳᠠᠯᠢ ᠨᠢᠭᠡᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠷᠲᠡᠭᠡᠨ ᠬᠢᠨᠠᠨ ᠬᠡᠮᠵᠢᠬᠦ ᠵᠢ ᠡᠭᠦᠷᠭᠡᠯᠡᠵᠦ ᠪᠦᠬᠦᠢ ᠬᠢᠨᠠᠨ ᠬᠡᠮᠵᠢᠬᠦ ᠪᠠᠢ᠌ᠭᠤᠯᠤᠮᠵᠢ᠎ᠳᠤ ᠨᠠᠶ᠋ᠢᠳᠠᠵᠤ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢ ᠥᠷᠨᠢᠭᠦᠯᠵᠦ ᠪᠣᠯᠬᠤ ᠦᠭᠡᠢ᠃

      (ᠭᠤᠷᠪᠠ) ᠰᠠᠭᠤᠷᠢ ᠲᠤᠯᠭ᠋ᠠᠭᠤᠷᠢᠯᠠᠯ᠎ᠤᠨ ᠪᠠᠲᠤᠯᠠᠭ᠎ᠠ ᠵᠢ ᠴᠢᠩᠭ᠋ᠠᠷᠠᠭᠤᠯᠵᠤ᠂ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ

      ᠲᠠᠪᠴᠠᠩ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ ᠲᠠᠯ᠎ᠠ᠎ᠪᠠᠷ᠂ 《ᠮᠡᠳᠡᠭᠳᠡᠯ》᠎ᠳᠤ ᠥᠪᠡᠰᠦᠪᠡᠨ ᠬᠢᠨᠠᠨ ᠬᠡᠮᠵᠢᠭᠰᠡᠨ ᠪᠤᠢ ᠪᠦᠬᠦᠢ ᠭᠠᠷ ᠤᠷᠠᠯᠠᠯ᠎ᠤᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠲᠣᠳᠣᠷᠬᠠᠢ ᠲᠣᠭᠲᠠᠭ᠋ᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ ᠪᠥᠬᠥ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠳᠤ 《ᠨᠢᠭᠡ ᠠᠮᠠ》᠎ᠪᠠᠷ ᠭᠠᠷᠬᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ 《ᠨᠢᠭᠡ ᠰᠦᠯᠵᠢᠶ᠎ᠡ》᠎ᠪᠠᠷ ᠲᠠᠭᠯᠠᠨ ᠮᠡᠳᠡᠭᠦᠯᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠮᠡᠳᠡᠭᠡ ᠵᠠᠩᠭᠢ ᠵᠢ 《ᠨᠢᠭᠡ ᠴᠣᠩᠬᠣᠪᠴᠢ》᠎ᠪᠠᠷ ᠢᠯᠡ ᠪᠣᠯᠭ᠋ᠠᠬᠤ ᠵᠢ ᠪᠡᠶᠡᠯᠡᠭᠦᠯᠦᠨ᠎ᠡ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠬᠢᠨᠠᠨ ᠬᠡᠮᠵᠢᠭᠰᠡᠨ ᠮᠡᠳᠡᠭᠡ ᠵᠠᠩᠭᠢ ᠵᠢ ᠲᠠᠬᠢᠨ ᠳᠠᠪᠲᠠᠨ ᠲᠠᠭᠯᠠᠨ ᠮᠡᠳᠡᠭᠦᠯᠬᠦ᠎ᠪᠠᠷ ᠱᠠᠭ᠋ᠠᠷᠳᠠᠵᠤ ᠪᠣᠯᠬᠤ ᠦᠭᠡᠢ᠂ ᠤᠯᠤᠰ᠎ᠠᠴᠠ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠲᠠᠭᠯᠠᠨ ᠮᠡᠳᠡᠭᠦᠯᠦᠭᠰᠡᠨ ᠬᠢᠨᠠᠨ ᠬᠡᠮᠵᠢᠭᠰᠡᠨ ᠮᠡᠳᠡᠭᠡ ᠵᠠᠩᠭᠢ ᠵᠢ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠶ᠋ᠡᠷ ᠳᠠᠮᠵᠢᠭᠤᠯᠵᠤ ᠡᠯ᠎ᠡ ᠱᠠᠲᠤᠨ᠎ᠤ ᠬᠠᠮᠲᠤᠪᠠᠷ ᠡᠳ᠋ᠯᠡᠬᠦ ᠵᠢ ᠪᠡᠶᠡᠯᠡᠭᠦᠯᠦᠨ᠎ᠡ᠃

      ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ᠂ 《ᠮᠡᠳᠡᠭᠳᠡᠯ》᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠱᠠᠭ᠋ᠠᠷᠳᠠᠯᠭ᠎ᠠ ᠵᠢ ᠲᠣᠰ ᠲᠣᠰ ᠳᠤᠷᠠᠳᠤᠨ ᠭᠠᠷᠭ᠋ᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠤᠰᠬᠠᠢ ᠮᠡᠷᠭᠡᠵᠢᠯᠲᠡᠨ᠎ᠤ ᠵᠥᠪᠯᠡᠯ᠎ᠢ ᠪᠠᠢ᠌ᠭᠤᠯᠵᠤ᠂ 2023 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ 45 ᠥᠪᠡᠷᠲᠡᠭᠡᠨ ᠬᠢᠨᠠᠨ ᠬᠡᠮᠵᠢᠬᠦ ᠮᠡᠷᠭᠡᠵᠢᠯ᠎ᠤᠨ ᠵᠦᠭᠯᠡᠭᠦᠷ᠎ᠤᠨ ᠢᠵᠢ ᠪᠦᠷᠢᠳᠦᠭᠰᠡᠨ ᠵᠢᠭ᠋ᠠᠬᠤ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠨ᠎ᠠ; ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠴᠢᠭᠯᠡᠭᠦᠯᠬᠦ ᠴᠢᠨᠠᠷᠲᠠᠢ᠎ᠪᠠᠷ ᠬᠥᠮᠥᠵᠢᠭᠦᠯᠵᠦ᠂ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠢ ᠴᠢᠩᠭ᠋ᠠᠳᠬᠠᠨ᠎ᠠ᠃

      ᠤᠯᠠᠨ ᠨᠠᠢ᠌ᠳᠠ ᠵᠢᠨ ᠣᠷᠣᠯᠴᠠᠬᠤ ᠵᠢ ᠵᠣᠷᠢᠭᠵᠢᠭᠤᠯᠬᠤ ᠲᠠᠯ᠎ᠠ᠎ᠪᠠᠷ᠂ 《ᠮᠡᠳᠡᠭᠳᠡᠯ》᠎ᠳᠤ᠂ ᠨᠡᠢ᠌ᠭᠡᠮ᠎ᠤᠨ ᠪᠦᠯᠬᠦᠮ ᠪᠠ ᠤᠯᠠᠨ ᠨᠠᠢ᠌ᠳᠠ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠵᠦ ᠥᠷᠨᠢᠭᠦᠯᠬᠦ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠲᠠᠯ᠎ᠠ᠎ᠪᠠᠷ᠎ᠬᠢ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃ 《ᠮᠡᠳᠡᠭᠳᠡᠯ》᠎ᠳᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠤᠯᠠᠨ ᠨᠠᠢ᠌ᠳᠠ ᠵᠢᠨ ᠣᠷᠣᠯᠴᠠᠬᠤ ᠪᠠ ᠨᠡᠪᠲᠡᠷᠡᠯᠴᠡᠬᠦ ᠲᠠᠪᠴᠠᠩ᠎ᠢ ᠪᠠᠢ᠌ᠭᠤᠯᠵᠤ᠂ ᠰᠠᠨᠠᠯ ᠵᠶ᠋ᠠᠨ ᠰᠣᠯᠢᠯᠴᠠᠬᠤ ᠪᠠ ᠵᠠᠭ᠋ᠠᠯᠳᠤᠬᠤ ᠠᠷᠭ᠎ᠠ ᠵᠠᠮ᠎ᠢ ᠥᠷᠭᠡᠳᠬᠡᠬᠦ ᠵᠢᠨ ᠬᠠᠮᠲᠤ ᠬᠠᠷᠢᠭᠤ ᠲᠤᠰᠬᠠᠭᠰᠠᠨ ᠰᠠᠨᠠᠯ᠎ᠢ ᠢᠳᠡᠪᠬᠢᠲᠡᠢ᠎ᠪᠠᠷ ᠪᠠᠢ᠌ᠴᠠᠭ᠋ᠠᠨ ᠰᠢᠢ᠍ᠳᠪᠦᠷᠢᠯᠡᠨ᠎ᠡ᠃

      ᠭᠤᠷᠪᠠ᠂ 《ᠮᠡᠳᠡᠭᠳᠡᠯ》᠎ᠤᠨ ᠥᠨᠳᠥᠷ ᠪᠦᠲᠦᠮᠵᠢᠲᠡᠢ ᠬᠡᠷᠡᠭᠵᠢᠭᠦᠯᠦᠭᠳᠡᠬᠦ ᠵᠢ ᠬᠦᠴᠦᠲᠡᠢ ᠠᠬᠢᠭᠤᠯᠬᠤ

      (ᠨᠢᠭᠡ) ᠮᠡᠷᠭᠡᠵᠢᠯ᠎ᠤᠨ ᠬᠠᠪᠰᠤᠷᠤᠨ ᠲᠡᠳᠬᠦᠬᠦ ᠵᠢᠯᠣᠭᠣᠳᠤᠯᠭ᠎ᠠ ᠪᠣᠯᠣᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠎ᠠ

      ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠷᠲᠡᠭᠡᠨ ᠬᠢᠨᠠᠨ ᠬᠡᠮᠵᠢᠵᠦ ᠬᠠᠪᠰᠤᠷᠤᠨ ᠲᠡᠳᠬᠦᠵᠦ ᠵᠢᠯᠤᠭᠣᠳᠬᠤ ᠵᠢ ᠦᠷᠭᠦᠯᠵᠢᠯᠡᠨ ᠰᠠᠶ᠋ᠢᠲᠤᠷ ᠬᠢᠵᠦ᠂ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠷᠠᠭᠤᠯᠤᠨ᠎ᠠ᠃ ᠤᠯᠤᠰ᠎ᠠᠴᠠ ᠣᠷᠣᠨ ᠨᠤᠲᠤᠭ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠵᠦ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠬᠠᠷᠠᠯᠲᠠ᠎ᠪᠠᠷ᠂ ᠮᠤᠵᠢ ᠵᠢᠨ ᠱᠠᠲᠤᠨ᠎ᠤ ᠥᠪᠡᠰᠦᠪᠡᠨ ᠬᠢᠨᠠᠨ ᠬᠡᠮᠵᠢᠵᠦ ᠬᠢᠨᠠᠨ ᠬᠠᠮᠢᠶᠠᠷᠴᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢ ᠴᠢᠩᠭ᠋ᠠᠳᠬᠠᠵᠤ᠂ ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃ ᠮᠤᠵᠢ ᠵᠢᠨ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠥᠪᠡᠷᠲᠡᠭᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠤᠨ ᠰᠤᠭᠤᠴᠢᠨ ᠪᠠᠢ᠌ᠴᠠᠭ᠋ᠠᠵᠤ ᠬᠠᠷᠢᠯᠴᠠᠨ ᠪᠠᠢ᠌ᠴᠠᠭ᠋ᠠᠵᠤ᠂ ᠬᠤᠳᠠ ᠵᠢᠨ ᠱᠠᠲᠤᠨ᠎ᠳᠤ ᠬᠠᠪᠰᠤᠷᠤᠨ ᠲᠡᠳᠬᠦᠵᠦ ᠵᠢᠯᠤᠭᠣᠳᠬᠤ ᠠᠵᠢᠯ ᠥᠷᠨᠢᠭᠦᠯᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ᠎ᠢ ᠳᠡᠯᠭᠡᠷᠡᠭᠦᠯᠦᠨ᠎ᠡ᠃ ᠬᠣᠲᠠ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠦᠨᠡᠮᠯᠡᠯ᠎ᠲᠠᠢ᠎ᠪᠠᠷ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠷᠲᠡᠭᠡᠨ ᠬᠢᠨᠠᠨ ᠬᠡᠮᠵᠢᠬᠦ ᠵᠢᠷᠤᠮᠵᠢᠯ᠎ᠤᠨ ᠴᠢᠨᠠᠷᠲᠠᠢ ᠬᠢᠨᠠᠯᠲᠠ ᠪᠠᠢ᠌ᠴᠠᠭ᠋ᠠᠯᠲᠠ ᠵᠢ ᠥᠷᠨᠢᠭᠦᠯᠦᠨ᠎ᠡ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠵᠢᠯ ᠪᠦᠷᠢ ᠠᠳᠠᠭ᠎ᠲᠠᠭᠠᠨ ᠨᠢᠭᠡ ᠬᠤᠭᠤᠴᠠᠭ᠋ᠠᠨ᠎ᠤ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠮᠡᠷᠭᠡᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠᠢ᠌ᠭᠤᠯᠤᠮᠵᠢ ᠵᠢᠨ ᠠᠵᠢᠯᠲᠠᠨ᠎ᠤ ᠮᠡᠳᠡᠯᠭᠡ ᠵᠢᠨ ᠬᠥᠮᠥᠷᠭᠡ ᠵᠢ ᠰᠢᠨᠡᠳᠬᠡᠵᠦ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠮᠡᠷᠭᠡᠵᠢᠯ᠎ᠤᠨ ᠵᠦᠭᠯᠡᠭᠦᠷ᠎ᠤᠨ ᠢᠵᠢ ᠪᠦᠷᠢᠳᠦᠭᠦᠯᠬᠦ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠷᠠᠭᠤᠯᠵᠤ᠂ ᠥᠪᠡᠰᠦᠪᠡᠨ ᠬᠢᠨᠠᠨ ᠬᠡᠮᠵᠢᠬᠦ ᠵᠢ ᠵᠢᠷᠤᠮᠵᠢᠭᠤᠯᠤᠨ ᠥᠷᠨᠢᠭᠦᠯᠬᠦ᠎ᠳᠤ ᠰᠠᠭᠤᠷᠢ ᠲᠠᠯᠪᠢᠨ᠎ᠠ᠃

      (ᠬᠣᠶᠠᠷ) ᠪᠣᠬᠢᠷᠲᠤᠯ᠎ᠤᠨ ᠡᠬᠢ ᠵᠢ ᠬᠢᠨᠠᠨ ᠬᠡᠮᠵᠢᠭᠰᠡᠨ ᠮᠡᠳᠡᠭᠡ ᠵᠠᠩᠭᠢ ᠵᠢ ᠶᠡᠷᠦᠩᠬᠡᠢ᠌ᠯᠡᠨ ᠵᠠᠳᠠᠯᠵᠤ ᠬᠡᠷᠡᠭᠯᠡᠬᠦ ᠵᠢ ᠠᠬᠢᠭᠤᠯᠤᠨ᠎ᠠ

      ᠪᠣᠬᠢᠷᠲᠤᠯ᠎ᠤᠨ ᠡᠬᠢ ᠵᠢ ᠬᠢᠨᠠᠨ ᠰᠢᠨᠵᠢᠬᠦ ᠮᠡᠳᠡᠭᠡ ᠵᠠᠩᠭᠢ ᠵᠢᠨ ᠥᠪᠡᠰᠦᠪᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠳᠤᠮᠳᠠᠬᠢ ᠬᠡᠷᠡᠭᠯᠡᠯᠲᠡ ᠵᠢ ᠰᠦᠪᠡᠭᠴᠢᠯᠡᠨ ᠥᠷᠨᠢᠭᠦᠯᠵᠦ᠂ ᠪᠣᠬᠢᠷᠲᠤᠯ᠎ᠤᠨ ᠡᠬᠢ ᠵᠢ ᠬᠢᠨᠠᠨ ᠰᠢᠨᠵᠢᠬᠦ ᠮᠡᠳᠡᠭᠡ ᠵᠠᠩᠭᠢ ᠵᠢ ᠶᠡᠷᠦᠩᠬᠡᠢ᠌ᠯᠡᠨ ᠠᠭᠤᠳᠠᠯᠤᠨ ᠵᠠᠳᠠᠯᠬᠤ ᠵᠢ ᠴᠢᠩᠭ᠋ᠠᠷᠠᠭᠤᠯᠤᠨ᠂ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ᠎ᠳᠠᠬᠢ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠠᠬᠢᠭᠤᠯᠵᠤ᠂ ᠬᠠᠪᠰᠤᠷᠤᠨ ᠲᠡᠳᠬᠦᠵᠦ ᠵᠢᠯᠤᠭᠣᠳᠬᠤ ᠴᠢᠭᠯᠡᠭᠦᠯᠬᠦ ᠴᠢᠨᠠᠷ᠎ᠢ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠪᠣᠬᠢᠷᠲᠤᠯ ᠪᠣᠳᠠᠰ᠎ᠤᠨ ᠭᠦᠢ᠍ᠴᠡᠳᠬᠡᠯ ᠲᠣᠭ᠎ᠠ᠂ ᠣᠨᠴᠠᠯᠢᠭᠲᠤ ᠪᠣᠬᠢᠷᠲᠤᠯ ᠪᠣᠳᠠᠰ᠎ᠤᠨ ᠭᠦᠢ᠍ᠴᠡᠳᠬᠡᠯ ᠲᠣᠭ᠎ᠠ᠂ ᠰᠢᠨ᠎ᠡ ᠪᠣᠬᠢᠷᠲᠤᠯ ᠪᠣᠳᠠᠰ᠎ᠤᠨ ᠭᠦᠢ᠍ᠴᠡᠳᠬᠡᠯ ᠲᠣᠭ᠎ᠠ ᠵᠢᠨ ᠭᠠᠳᠠᠭᠰᠢᠯᠠᠭᠤᠯᠤᠯᠲᠠ ᠵᠢᠨ ᠣᠨᠴᠠᠯᠢᠭ ᠰᠢᠨᠵᠢ ᠵᠢᠴᠢ ᠥᠪᠡᠰᠦᠪᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠵᠢᠷᠤᠮᠵᠢᠯᠳᠤ ᠴᠢᠨᠠᠷ᠂ ᠦᠨᠡᠨ ᠪᠣᠳᠠᠲᠤ ᠴᠢᠨᠠᠷ᠂ ᠨᠠᠶ᠋ᠢᠳᠠᠪᠤᠷᠢᠲᠤ ᠴᠢᠨᠠᠷ ᠵᠡᠷᠭᠡ᠎ᠳᠤ ᠵᠠᠳᠠᠯᠤᠯᠲᠠ ᠬᠢᠬᠦ ᠵᠢ ᠴᠢᠩᠭ᠋ᠠᠷᠠᠭᠤᠯᠵᠤ᠂ ᠬᠠᠮᠢᠶᠠᠷᠤᠯᠲᠠ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠬᠠᠩᠭ᠋ᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠶᠡᠬᠡ ᠳᠡᠭᠡᠳᠦ ᠰᠤᠷᠭ᠋ᠠᠭᠤᠯᠢ ᠵᠡᠷᠭᠡ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠣᠬᠢᠷᠲᠤᠯ᠎ᠤᠨ ᠡᠬᠢ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠵᠠᠳᠠᠯᠤᠨ ᠬᠡᠷᠡᠭᠯᠡᠬᠦ ᠵᠢ ᠠᠬᠢᠭᠤᠯᠤᠨ᠎ᠠ᠃

      (ᠭᠤᠷᠪᠠ) ᠣᠶᠤᠨᠴᠢᠯᠠᠭᠰᠠᠨ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠮᠡᠷᠭᠡᠵᠢᠯ᠎ᠤᠨ ᠰᠤᠳᠤᠯᠤᠨ ᠨᠡᠭᠡᠭᠡᠵᠦ ᠬᠡᠷᠡᠭᠯᠡᠬᠦ ᠵᠢ ᠴᠢᠩᠭ᠋ᠠᠳᠬᠠᠨ᠎ᠠ

      ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠭᠰᠠᠨ ᠮᠥᠬᠥᠯᠢᠭᠲᠦ ᠪᠣᠳᠠᠰ᠂ VOCs ᠪᠠ ᠤᠳᠤᠭ᠎ᠠ ᠤᠨᠢᠶᠠᠷ᠎ᠤᠨ ᠪᠣᠯᠵᠣᠯᠲᠤ ᠲᠣᠭ᠎ᠠ ᠵᠡᠷᠭᠡ ᠵᠢ ᠪᠠᠭᠲᠠᠭ᠋ᠠᠭᠰᠠᠨ ᠲᠦᠷᠭᠡᠨ ᠬᠤᠷᠳᠤᠴᠠᠲᠤ᠂ ᠠᠪᠴᠤ ᠶᠠᠪᠤᠬᠤ᠎ᠳᠤ ᠲᠥᠬᠥᠮ᠂ ᠣᠶᠤᠨᠴᠢᠯᠠᠭᠰᠠᠨ ᠬᠢᠨᠠᠨ ᠬᠡᠮᠵᠢᠯᠲᠡ ᠵᠢᠨ ᠬᠡᠮᠵᠢᠭᠦᠷᠯᠢᠭ᠎ᠢ ᠰᠤᠳᠤᠯᠤᠨ ᠨᠡᠭᠡᠭᠡᠬᠦ ᠪᠠ ᠠᠷᠭ᠎ᠠ ᠵᠢᠨ ᠪᠠᠷᠢᠮᠵᠢᠶᠠᠵᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠠᠪᠴᠤ ᠶᠠᠪᠤᠬᠤ᠎ᠳᠤ ᠲᠥᠬᠥᠮ᠂ ᠣᠶᠤᠨᠴᠢᠯᠠᠭᠰᠠᠨ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠯᠲᠡ ᠵᠢᠨ ᠲᠥᠬᠦᠭᠡᠷᠦᠮᠵᠢ ᠵᠢ ᠲᠣᠬᠢᠷᠠᠭᠤᠯᠤᠨ ᠬᠡᠷᠡᠭᠯᠡᠬᠦ ᠵᠢ ᠴᠢᠩᠭ᠋ᠠᠳᠬᠠᠨ᠎ᠠ᠃ ᠬᠡᠮᠵᠢᠭᠦᠷᠯᠢᠭ᠎ᠤᠨ ᠪᠣᠳᠠᠰ᠎ᠤᠨ ᠬᠣᠯᠪᠣᠭ᠋ᠠᠯᠠᠯ᠎ᠳᠤ ᠰᠠᠭᠤᠷᠢᠯᠠᠭᠰᠠᠨ ᠶᠠᠰᠤ ᠴᠢᠨᠠᠷ᠎ᠤᠨ ᠡᠵᠡᠮᠳᠡᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠲᠤᠬᠠᠢ ᠵᠢᠨ ᠲᠠᠯᠠᠪᠤᠷ᠎ᠤᠨ ᠶᠠᠰᠤ ᠴᠢᠨᠠᠷ᠎ᠤᠨ ᠡᠵᠡᠮᠳᠡᠯ᠎ᠤᠨ ᠪᠦᠷᠢᠨ ᠤᠷᠤᠮ ᠦᠯᠡᠳᠡᠭᠡᠬᠦ ᠵᠢ ᠪᠡᠶᠡᠯᠡᠭᠦᠯᠵᠦ᠂ ᠪᠦᠷᠢᠨ ᠪᠦᠲᠦᠨ ᠭᠡᠷᠡᠴᠢ ᠪᠠᠷᠢᠮᠲᠠ ᠵᠢᠨ ᠬᠡᠯᠬᠢᠶ᠎ᠡ ᠵᠢ ᠬᠠᠳᠠᠭ᠋ᠠᠯᠠᠨ ᠪᠦᠷᠢᠯᠳᠦᠭᠦᠯᠵᠦ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠪᠠᠲᠤᠯᠠᠵᠤ ᠪᠠᠶ᠋ᠢᠭ᠋ᠠᠳ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠬᠡᠷᠡᠭᠴᠡᠭᠡ ᠵᠢ ᠬᠠᠩᠭ᠋ᠠᠨ᠎ᠠ᠃ ᠣᠶᠤᠨᠴᠢᠯᠠᠭᠰᠠᠨ ᠥᠪᠡᠷᠲᠡᠭᠡᠨ ᠬᠢᠨᠠᠨ ᠬᠡᠮᠵᠢᠵᠦ ᠪᠠᠢ᠌ᠴᠠᠭ᠋ᠠᠬᠤ ᠮᠡᠷᠭᠡᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠥᠪᠡᠷᠲᠡᠭᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ ᠪᠠ ᠬᠠᠮᠢᠶᠠᠷᠤᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃

      ᠵᠣᠬᠢᠶᠠᠭᠴᠢ᠄ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ᠂ ᠥᠷᠲᠡᠭᠡᠨ ᠳᠠᠷᠤᠭ᠎ᠠ ᠴᠧᠨ ᠱᠠᠨ ᠷᠥᠩ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠰᠢᠯᠭ᠋ᠠᠷᠠᠭᠤᠯᠬᠤ ᠪᠣᠯᠪᠠᠰᠤᠷᠠᠯ᠎ᠤᠨ ᠠᠩᠭᠢ ᠵᠢᠨ ᠤᠨᠤᠯ᠎ᠤᠨ ᠰᠢᠯᠭ᠋ᠠᠯᠲᠠ ᠵᠢ ᠵᠣᠬᠢᠶᠠᠨ ᠪᠠᠢ᠌ᠭᠤᠯᠪᠠ
 
             蒙ICP备05000248号