ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠭᠢᠯᠡᠭᠰᠡᠨ 《2024 ᠣᠨ᠎ᠤ ᠪᠥᠬᠥ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ》 ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠪᠠᠰᠤᠷᠠᠯ᠎ᠤᠨ ᠠᠩᠭᠢ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠠᠮᠢᠶ᠎ᠠ ᠪᠦᠬᠦᠢ ᠠᠶ᠋ᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠠᠭ᠋ᠠᠷ ᠮᠠᠨᠳᠠᠯ᠎ᠤᠨ ᠲᠤᠰᠬᠠᠢ ᠪᠡᠯᠡ ᠮᠥᠩᠭᠥ ᠵᠢ ᠬᠠᠷᠢᠭᠤᠴᠠᠬᠤ ᠠᠵᠢᠯᠲᠠᠨ 50 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃
ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠪᠡᠯᠡ ᠮᠥᠩᠭᠥ᠎ᠨᠢ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠵᠢᠨ ᠬᠦᠴᠦᠲᠡᠢ ᠲᠤᠯᠭ᠋ᠠᠭᠤᠷᠢᠯᠠᠯ ᠪᠣᠯᠤᠭᠰᠠᠨ᠎ᠤ ᠬᠤᠪᠢ᠎ᠳᠤ᠂ ᠣᠷᠴᠢᠨ ᠲᠣᠭᠣᠷᠢᠨ᠎ᠤ ᠵᠠᠰᠠᠯᠲᠠ ᠵᠢᠨ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠬᠤ᠎ᠳᠤ ᠲᠤᠢ᠌ᠯ᠎ᠤᠨ ᠴᠢᠬᠤᠯᠠ ᠦᠢ᠍ᠯᠡᠳᠦᠯ᠎ᠲᠠᠢ ᠶᠤᠮ᠃ ᠲᠣᠰ ᠤᠳᠠᠭ᠋ᠠᠨ᠎ᠤ ᠪᠣᠯᠪᠠᠰᠤᠷᠠᠯ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠠᠬᠤᠢ ᠵᠢᠨ ᠲᠥᠯᠦᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠨ ᠲᠣᠭᠣᠷᠢᠨ᠎ᠳᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠠ ᠠᠵᠢᠯ᠎ᠤᠨ ᠪᠣᠳᠠᠲᠤ ᠪᠠᠢ᠌ᠳᠠᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠬᠦᠷᠲᠡᠭᠡᠪᠡ᠃ ᠲᠣᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ᠎ᠨᠢ ᠮᠠᠰᠢ ᠴᠢᠩᠭ᠎ᠠ ᠬᠠᠨᠳᠤᠯᠭ᠋ᠠᠲᠤ ᠴᠢᠨᠠᠷᠲᠠᠢ ᠪᠠᠢ᠌ᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠵᠢᠯ᠎ᠢ ᠳᠠᠬᠢᠨ ᠰᠢᠨ᠎ᠡ ᠳᠡᠭᠲᠡᠷ᠎ᠲᠤ ᠭᠠᠷᠭ᠋ᠠᠬᠤ᠎ᠳᠤ ᠤᠨᠤᠯ᠎ᠤᠨ ᠰᠠᠭᠤᠷᠢ ᠲᠠᠯᠪᠢᠵᠤ ᠥᠭᠭᠦᠭᠰᠡᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠬᠦ᠎ᠳᠤ ᠠᠮᠢ ᠠᠬᠤᠢ ᠣᠷᠴᠢᠨ ᠲᠣᠭᠣᠷᠢᠨ᠎ᠤ ᠰᠠᠭᠤᠷᠢ ᠵᠢ ᠪᠡᠬᠢᠵᠢᠭᠦᠯᠦᠭᠰᠡᠨ ᠪᠠᠢ᠌ᠨ᠎ᠠ᠃