ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠠ ᠦᠨᠡᠯᠡᠬᠦ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠲᠦᠯᠬᠢᠨ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 14᠎ᠤ ᠡᠳᠦᠷ᠎ᠠᠴᠠ 15᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠯᠲᠠ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠳᠠᠭ᠋ᠠᠭ᠋ᠠᠨ ᠡᠷᠭᠢᠯᠡᠭᠰᠡᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠯᠲᠠ ᠬᠡᠮᠵᠢᠯᠲᠡ ᠪᠠ ᠦᠨᠡᠯᠡᠯᠲᠡ ᠵᠢᠨ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠬᠢᠯᠡᠪᠡ᠃ 10 ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ 43 ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ 143 ᠬᠥᠮᠥᠨ ᠪᠣᠯᠪᠠᠰᠤᠷᠠᠯ᠎ᠳᠤ ᠣᠷᠣᠯᠴᠠᠪᠠ᠃
ᠪᠣᠯᠪᠠᠰᠤᠷᠠᠯ᠎ᠤᠨ ᠠᠩᠭᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭ᠋ᠠᠭᠤᠯᠢ ᠣᠳᠣᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠯᠲᠠ ᠬᠡᠮᠵᠢᠯᠲᠡ ᠵᠢᠨ ᠶᠡᠷᠦᠩᠬᠡᠢ ᠥᠷᠲᠡᠭᠡ ᠵᠡᠷᠭᠡ ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ 2023 ᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠬᠤᠪᠢᠷᠠᠯᠲᠠ᠂ EQDI ᠪᠠᠷᠢᠮᠵᠢᠶ᠎ᠠ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠵᠢᠨ ᠬᠤᠪᠢᠷᠠᠯᠲᠠ ᠵᠢ ᠬᠢᠨᠠᠨ ᠬᠡᠮᠵᠢᠬᠦ ᠪᠠ ᠮᠠᠭ᠋ᠠᠳᠯᠠᠨ ᠲᠣᠭᠲᠠᠭ᠋ᠠᠬᠤ ᠵᠡᠷᠭᠡ ᠭᠣᠣᠯᠳᠠᠯᠭ᠎ᠠ᠎ᠲᠠᠢ ᠠᠭᠤᠯᠭ᠎ᠠ᠎ᠳᠤ ᠨᠠᠷᠢᠨ ᠲᠠᠢ᠌ᠯᠤᠮᠵᠢ ᠬᠢᠭᠰᠡᠨ᠎ᠤ ᠬᠠᠮᠲᠤ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠲᠤᠬᠠᠢ ᠵᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠵᠢᠯ ᠵᠶ᠋ᠠᠨ ᠥᠷᠨᠢᠭᠦᠯᠬᠦ᠎ᠳᠤ ᠵᠢᠯᠣᠭᠣᠳᠤᠯᠭ᠎ᠠ ᠪᠠ ᠬᠠᠪᠰᠤᠷᠤᠯᠭ᠎ᠠ ᠬᠠᠩᠭ᠋ᠠᠭᠰᠠᠨ ᠪᠠᠢ᠌ᠨ᠎ᠠ᠃
ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠠᠮᠵᠢᠭᠤᠯᠤᠨ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠵᠦ ᠦᠨᠡᠯᠡᠬᠦ ᠠᠵᠢᠯ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠣᠢ᠌ᠯᠠᠭ᠋ᠠᠵᠤ᠂ ᠬᠣᠶ᠋ᠢᠰᠢᠳᠠ ᠵᠢᠨ ᠠᠵᠢᠯ᠎ᠤᠨ ᠴᠢᠷᠮᠠᠢ᠌ᠬᠤ ᠴᠢᠭᠯᠡᠯ᠎ᠢ ᠲᠣᠳᠣᠷᠬᠠᠢ᠌ᠯᠠᠨ᠂ ᠬᠤᠷᠠᠯ᠎ᠤᠨ ᠳᠠᠷᠠᠭ᠎ᠠ ᠰᠤᠷᠬᠤ ᠪᠠ ᠬᠡᠷᠡᠭᠯᠡᠬᠦ ᠵᠢ ᠤᠶᠠᠯᠳᠤᠭᠤᠯᠤᠨ᠂ ᠰᠣᠷᠣᠭᠰᠠᠨ ᠵᠶ᠋ᠠᠨ ᠬᠡᠷᠡᠭᠯᠡᠵᠦ᠂ 2024 ᠣᠨ᠎ᠤ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠠ ᠦᠨᠡᠯᠡᠬᠦ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠦᠨᠡᠨ ᠬᠦ᠌ ᠠᠬᠢᠭᠤᠯᠤᠨ᠎ᠠ ᠭᠡᠵᠦ ᠪᠣᠯᠪᠠᠰᠤᠷᠠᠯ᠎ᠳᠤ ᠣᠷᠣᠯᠴᠠᠭᠰᠠᠳ ᠢᠯᠡᠳᠬᠡᠵᠡᠭᠡᠪᠡ᠃