ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠰᠢᠯᠭ᠋ᠠᠷᠠᠭᠤᠯᠬᠤ ᠪᠣᠯᠪᠠᠰᠤᠷᠠᠯ᠎ᠤᠨ ᠠᠩᠭᠢ ᠵᠢᠨ ᠤᠨᠤᠯ᠎ᠤᠨ ᠰᠢᠯᠭ᠋ᠠᠯᠲᠠ ᠵᠢ ᠵᠣᠬᠢᠶᠠᠨ ᠪᠠᠢ᠌ᠭᠤᠯᠪᠠ
ᠨᠡᠶ᠋ᠢᠲᠡᠯᠡᠭᠰᠡᠨ ᠴᠠᠭ᠄ 2024-05-27

      ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠤ ᠣᠷᠣᠯᠴᠠᠬᠤ ᠲᠤᠰᠬᠠᠢ ᠮᠡᠷᠭᠡᠵᠢᠯ᠎ᠤᠨ ᠠᠵᠢᠯᠲᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠡᠩᠨᠡᠭᠡ ᠵᠢ ᠵᠣᠬᠢᠶᠠᠨ ᠪᠠᠢ᠌ᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ 4 ᠰᠠᠷ᠎ᠠ ᠵᠢᠨ 15᠎ᠤ ᠡᠳᠦᠷ 《ᠠᠯᠤᠰ᠎ᠠᠴᠠ + ᠲᠤᠬᠠᠢ ᠵᠢᠨ ᠲᠠᠯᠠᠪᠠᠶ》 ᠵᠢᠨ ᠠᠷᠭ᠎ᠠ ᠬᠡᠯᠪᠡᠷᠢ᠎ᠪᠠᠷ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠵᠢᠨ ᠭᠡᠰᠢᠭᠦᠳ᠎ᠤᠨ ᠤᠨᠤᠯ᠎ᠤᠨ ᠰᠢᠯᠭ᠋ᠠᠯᠲᠠ ᠵᠢ ᠵᠣᠬᠢᠶᠠᠨ ᠲᠣᠰ ᠤᠳᠠᠭ᠋ᠠᠨ᠎ᠤ ᠰᠢᠯᠭ᠋ᠠᠯᠲᠠ᠎ᠳᠤ 1 ᠭᠣᠣᠯ ᠰᠢᠯᠭ᠋ᠠᠯᠲᠠ ᠵᠢᠨ ᠲᠠᠯᠠᠪᠠᠶ ᠪᠠ 11 ᠬᠤᠪᠢᠶᠠᠷᠢ ᠰᠢᠯᠭ᠋ᠠᠯᠲᠠ ᠵᠢᠨ ᠲᠠᠯᠠᠪᠠᠶ ᠭᠠᠷᠭ᠋ᠠᠵᠤ᠂ ᠨᠠᠢ᠌ᠳᠠ 257 ᠲᠠᠮᠢᠷᠴᠢᠨ ᠣᠷᠣᠯᠴᠠᠨ᠎ᠠ᠃
      ᠲᠣᠰ ᠤᠳᠠᠭ᠋ᠠᠨ᠎ᠤ ᠰᠢᠯᠭ᠋ᠠᠯᠲᠠ ᠵᠢ ᠡᠪᠬᠡᠮᠡᠯ ᠦᠭᠡᠢ ᠬᠡᠯᠪᠡᠷᠢ᠎ᠪᠠᠷ ᠶᠠᠪᠤᠭᠳᠠᠭᠤᠯᠤᠨ᠎ᠠ᠂ ᠠᠭᠤᠯᠭ᠎ᠠ᠎ᠨᠢ ᠤᠯᠠᠨ ᠨᠠᠢ᠌ᠳᠠ ᠵᠢᠨ ᠰᠠᠭᠤᠷᠢ᠂ ᠲᠤᠷᠰᠢᠯᠲᠠ ᠵᠢᠨ ᠵᠠᠳᠠᠯᠤᠯᠲᠠ᠂ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠠᠦ᠋ᠲ᠋ᠣ᠋ ᠬᠢᠨᠠᠨ ᠬᠡᠮᠵᠢᠬᠦ ᠵᠡᠷᠭᠡ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠬᠣᠯᠪᠣᠭᠳᠠᠨ᠎ᠠ᠃ ᠡᠭᠦᠨ᠎ᠠᠴᠠ 24 ᠲᠠᠮᠢᠷᠴᠢᠨ᠎ᠢ ᠰᠣᠩᠭᠣᠨ ᠭᠠᠷᠭ᠋ᠠᠵᠤ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠢᠴᠢ ᠳᠥᠷᠪᠡᠳᠦᠭᠡᠷ ᠬᠤᠭᠤᠴᠠᠭ᠋ᠠᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠥᠷᠥᠢ᠌ᠴᠡᠭᠡᠨ᠎ᠠᠴᠠ ᠡᠮᠦᠨᠡᠬᠢ 16 ᠲᠠᠮᠢᠷᠴᠢᠨ᠎ᠲᠠᠢ ᠬᠠᠮᠲᠤ᠎ᠪᠠᠷ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠪᠠᠢ᠌ᠭᠤᠯᠬᠤ᠎ᠪᠠᠷ ᠲᠥᠯᠥᠪᠯᠡᠵᠦ ᠪᠤᠢ᠃
      ᠲᠠᠷᠠᠭ᠋ᠠᠴᠢ ᠵᠢᠨ ᠠᠯᠬᠤᠮ᠎ᠳᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ᠎ᠨᠢ ᠤᠨᠤᠯ᠎ᠤᠨ ᠪᠣᠯᠪᠠᠰᠤᠷᠠᠯ᠂ ᠲᠤᠬᠠᠢ ᠵᠢᠨ ᠲᠠᠯᠠᠪᠤᠷ᠎ᠤᠨ ᠪᠣᠳᠠᠲᠠᠢ ᠰᠤᠷᠭ᠋ᠠᠭᠤᠯᠢᠯᠠᠯ᠂ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠭᠦᠨ᠎ᠤ ᠳᠣᠲᠣᠷ᠎ᠠ᠎ᠠᠴᠠ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠨᠥᠬᠥᠴᠡᠯ᠎ᠤᠨ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠤᠷᠤᠯᠳᠤᠭ᠋ᠠᠨ᠎ᠳᠤ ᠣᠷᠣᠯᠴᠠᠬᠤ ᠲᠠᠮᠢᠷᠴᠢᠨ᠎ᠢ ᠰᠣᠩᠭᠣᠨ ᠭᠠᠷᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠤᠨ᠎ᠠ · ᠬᠣᠯᠪᠤᠭ᠋ᠠᠯᠠᠨ ᠬᠥᠳᠡᠯᠦᠯᠴᠡᠵᠦ ᠵᠣᠯᠭ᠋ᠠᠭᠤᠯᠬᠤ ᠵᠢ ᠴᠢᠩᠭ᠋ᠠᠳᠬᠠᠵᠤ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠮᠢᠶᠠᠷᠬᠤ ᠳᠦᠷᠢᠮ᠎ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠲᠠᠢ᠌ᠯᠤᠮᠵᠢ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2023 ᠣᠨ᠎ᠤ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠨ ᠪᠣᠯᠪᠠᠰᠤᠷᠠᠯ᠎ᠤᠨ ᠠᠩᠭᠢ (ᠬᠣᠶᠠᠳᠤᠭ᠋ᠠᠷ ᠬᠤᠭᠤᠴᠠᠭ᠎ᠠ) ᠤᠷᠤᠭᠰᠢᠲᠠᠢ ᠶᠠᠪᠤᠭᠳᠠᠪᠠ
ᠡᠯᠡᠰᠦ ᠲᠣᠭᠣᠰᠣᠨ᠎ᠤ ᠡᠬᠢ ᠰᠤᠷᠪᠤᠯᠵᠢ ᠵᠢ ᠬᠢᠨᠠᠨ ᠬᠡᠮᠵᠢᠵᠦ ᠵᠠᠳᠠᠯᠤᠯᠲᠠ ᠬᠢᠬᠦ ᠵᠢ ᠴᠢᠩᠭ᠋ᠠᠳᠬᠠᠵᠤ ᠴᠦᠯᠯᠡᠷᠬᠡᠭᠵᠢᠯ᠎ᠢ ᠶᠡᠷᠦᠩᠬᠡᠢ᠌ᠯᠡᠨ ᠵᠠᠰᠠᠬᠤ᠎ᠳᠤ ᠬᠦᠴᠦᠨ ᠨᠡᠮᠡᠷᠢᠯᠡᠨ᠎ᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠵᠤᠷᠭ᠋ᠠᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠠᠵᠢᠯ᠎ᠢ ᠵᠣᠯᠭ᠋ᠠᠭᠤᠯᠬᠤ ᠬᠤᠷᠠᠯ ᠬᠢᠪᠡ
ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ ᠬᠢᠨᠠᠨ ᠬᠡᠮᠵᠢᠬᠦ ᠴᠢᠳᠠᠪᠤᠷᠢᠲᠠᠨ᠎ᠢ ᠬᠥᠮᠥᠵᠢᠭᠦᠯᠦᠨ᠎ᠡ
 
             蒙ICP备05000248号