ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 103 ᠵᠢᠯ᠎ᠤᠨ ᠤᠢ ᠵᠢ ᠪᠡᠯᠭᠡᠯᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠵᠢᠨ ᠲᠥᠯᠥᠭᠡ᠂ 7 ᠰᠠᠷ᠎ᠠ ᠵᠢᠨ 1᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ ᠨᠠᠮ᠎ᠤᠨ ᠡᠭᠦᠷ 《ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠵᠤ ᠨᠠᠮᠴᠢ ᠴᠢᠨᠠᠷ᠎ᠢ ᠴᠢᠩᠭ᠋ᠠᠳᠬᠠᠵᠤ ᠤᠭ ᠰᠠᠨᠠᠭ᠎ᠠ᠎ᠪᠠᠨ ᠪᠢᠴᠢᠵᠦ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠵᠢᠨ ᠳᠤᠮᠳᠠ᠂ ᠨᠢᠭᠡ ᠤᠳᠠᠭ᠎ᠠ ᠵᠢᠨ ᠰᠤᠷᠤᠯᠴᠠᠯᠭ᠎ᠠ᠂ ᠨᠢᠭᠡ ᠰᠡᠷᠡᠮᠵᠢ ᠵᠢᠨ ᠹᠢᠯᠢᠮ᠂ ᠨᠢᠭᠡ ᠤᠳᠠᠭ᠎ᠠ ᠵᠢᠨ ᠰᠣᠯᠢᠯᠴᠠᠭ᠎ᠠ ᠨᠡᠪᠲᠡᠷᠡᠯᠴᠡᠭᠡ᠎ᠪᠠᠷ ᠳᠠᠮᠵᠢᠨ᠂ ᠪᠦᠬᠦ ᠨᠠᠮ᠎ᠤᠨ ᠭᠡᠰᠢᠭᠦᠨ ᠨᠥᠬᠥᠳ᠎ᠤᠨ ᠰᠠᠬᠢᠯᠭ᠎ᠠ ᠪᠠᠲᠤ ᠵᠢᠨ ᠤᠬᠠᠮᠰᠠᠷ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠢ᠌ᠴᠢᠨ ᠪᠡᠬᠢᠯᠡᠯᠲᠡ ᠵᠢ ᠪᠡᠬᠢᠵᠢᠭᠦᠯᠵᠦ᠂ ᠡᠯ᠎ᠡ ᠨᠠᠮ᠎ᠤᠨ ᠭᠡᠰᠢᠭᠦᠨ ᠨᠥᠬᠥᠳ᠎ᠢ ᠵᠣᠷᠢᠭᠵᠢᠭᠤᠯᠤᠨ ᠰᠢᠨ᠎ᠡ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠭᠦᠯᠵᠦ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠦᠵᠡᠯ ᠰᠠᠨᠠᠭ᠋ᠠᠨ᠎ᠤ ᠠᠤᠭ᠎ᠠ ᠬᠦᠴᠦᠨ ᠵᠶ᠋ᠡᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠪᠠ᠃
ᠠᠷᠠᠳ᠎ᠤᠨ ᠡᠳᠦᠷ᠎ᠤᠨ ᠰᠣᠨᠢᠨ᠎ᠤ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠤᠶ᠎ᠠ》 ᠭᠡᠬᠦ ᠠᠷᠠᠳ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠥᠭᠦᠯᠡᠯ᠎ᠢ ᠰᠤᠷᠤᠯᠴᠠᠬᠤ᠎ᠪᠠᠷ ᠳᠠᠮᠵᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠭᠠᠷᠤᠢ ᠵᠢᠯ᠎ᠤᠨ ᠶᠡᠷᠦ ᠪᠤᠰᠤ ᠵᠢᠨ ᠥᠩᠭᠡᠷᠡᠯᠲᠡ ᠵᠢ ᠡᠷᠭᠢᠴᠡᠭᠦᠯᠬᠦ ᠵᠢᠨ ᠤᠯᠠᠮ ᠵᠶ᠋ᠠᠷ ᠨᠠᠮ᠎ᠤᠨ ᠲᠡᠦᠬᠡᠨ᠎ᠠᠴᠠ ᠡᠷᠡᠯᠬᠡᠭᠯᠡᠨ ᠤᠷᠤᠭᠰᠢᠯᠠᠬᠤ ᠬᠦᠴᠦᠨ᠎ᠢ ᠣᠢ᠌ᠯᠠᠭ᠋ᠠᠪᠠ; 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠭᠣᠣᠯᠳᠠᠯᠭ᠎ᠠ᠎ᠲᠠᠢ ᠪᠦᠯᠦᠭ ᠬᠡᠰᠡᠭ᠎ᠢ ᠰᠤᠷᠤᠯᠴᠠᠬᠤ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ᠎ᠤ ᠳᠦᠷᠢᠮ᠎ᠢ ᠣᠢ᠌ᠯᠠᠭ᠋ᠠᠬᠤ ᠪᠠ ᠡᠵᠡᠮᠰᠢᠬᠦ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠨᠠᠮ᠎ᠤᠨ ᠭᠡᠰᠢᠭᠦᠨ᠎ᠤ ᠰᠠᠬᠢᠯᠭ᠎ᠠ ᠪᠠᠲᠤ ᠵᠢᠨ ᠤᠬᠠᠮᠰᠠᠷ ᠪᠠ ᠶᠣᠰᠣ ᠳᠦᠷᠢᠮ᠎ᠤᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠪᠠ; 《ᠦᠷᠭᠦᠯᠵᠢᠯᠡᠨ ᠬᠦᠴᠦᠯᠡᠨ ᠭᠦᠨᠵᠡᠭᠡᠢ᠌ᠷᠡᠭᠦᠯᠦᠨ ᠠᠬᠢᠭᠤᠯᠬᠤ》 ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠰᠣᠨᠢᠷᠬᠠᠬᠤ᠎ᠪᠠᠷ ᠳᠠᠮᠵᠢᠨ᠂ ᠨᠠᠮ᠎ᠤᠨ ᠭᠡᠰᠢᠭᠦᠨ᠎ᠢ ᠬᠡᠷᠡᠭ ᠶᠠᠪᠤᠳᠠᠯ ᠵᠶ᠋ᠡᠷ ᠲᠣᠯᠢ ᠪᠣᠯᠭ᠋ᠠᠨ ᠪᠢᠰᠢᠷᠡᠨ ᠵᠢᠷᠦᠬᠡᠰᠢᠶᠡᠬᠦ ᠵᠢ ᠣᠢ᠌ᠯᠠᠭ᠋ᠠᠭᠤᠯᠵᠤ᠂ ᠥᠯᠢᠭᠡᠷ ᠳᠠᠭᠤᠷᠢᠶᠠᠯ ᠪᠣᠯᠬᠤ᠎ᠪᠠᠷ ᠴᠢᠷᠮᠠᠢ᠌ᠵᠤ ᠬᠡᠪ ᠰᠤᠷᠲᠠᠯ᠎ᠢ ᠲᠥᠪ ᠪᠣᠯᠭ᠋ᠠᠬᠤ ᠬᠡᠷᠡᠭᠲᠡᠢ ᠭᠡᠳᠡᠭ᠎ᠢ ᠴᠢᠬᠤᠯᠠᠴᠢᠯᠠᠭᠰᠠᠨ ᠪᠠᠢ᠌ᠨ᠎ᠠ; ᠨᠠᠮ᠎ᠤᠨ ᠭᠡᠰᠢᠭᠦᠨ᠎ᠤ ᠰᠣᠯᠢᠯᠴᠠᠭ᠎ᠠ ᠣᠢ᠌ᠯᠠᠭ᠋ᠠᠯᠴᠠᠭ᠎ᠠ᠎ᠪᠠᠷ ᠳᠠᠮᠵᠢᠨ᠂ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠨᠢᠭᠡᠪᠦᠷᠢ ᠵᠢᠨ ᠨᠠᠮᠴᠢ ᠴᠢᠨᠠᠷ᠎ᠢ ᠡᠷᠬᠢᠮᠯᠡᠬᠦ᠂ ᠨᠠᠮ᠎ᠤᠨ ᠰᠠᠬᠢᠯᠭ᠎ᠠ ᠪᠠᠲᠤ ᠵᠢ ᠰᠠᠬᠢᠬᠤ᠂ ᠰᠤᠷᠲᠠᠯ᠎ᠢ ᠲᠥᠪ ᠪᠣᠯᠭ᠋ᠠᠬᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ᠎ᠢ ᠤᠯᠠᠮ ᠴᠢᠨᠠᠭᠰᠢᠳᠠ ᠪᠠᠲᠤᠳᠬᠠᠪᠠ᠃
ᠲᠤᠰ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠭᠦᠨ ᠰᠡᠩᠬᠡᠷᠡᠭᠦᠯᠦᠯ ᠣᠯᠵᠤ᠂ ᠤᠯᠠᠨ ᠵᠶ᠋ᠠᠷ ᠵᠶ᠋ᠠᠨ ᠥᠪᠡᠷ᠎ᠢ᠎ᠪᠠᠨ ᠬᠢᠵᠠᠭ᠋ᠠᠷᠯᠠᠬᠤ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠵᠤ᠂ ᠮᠡᠳᠡᠯᠭᠡ ᠪᠠ ᠦᠢ᠍ᠯᠡ ᠠᠵᠢᠯᠯᠠᠭ᠎ᠠ᠎ᠪᠠᠨ ᠨᠢᠭᠡᠳᠬᠡᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠢ᠌ᠨ᠎ᠠ ᠭᠡᠵᠦ ᠢᠯᠡᠳᠬᠡᠵᠡᠭᠡᠪᠡ᠃