2025 ᠣᠨ᠎ᠤ 3 ᠳ᠋ᠤᠭᠠᠷ ᠰᠠᠷ᠎ᠠ᠎ᠶᠢᠨ 14᠎ᠦ ᠡᠳᠦᠷ᠎ᠦᠨ ᠦᠳᠡ᠎ᠶᠢᠨ ᠬᠣᠢᠨ᠎ᠠ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠂ ᠤᠰᠤᠨ ᠠᠰᠢᠭ᠍ᠯᠠᠯᠲᠠ᠎ᠶᠢᠨ ᠲᠢᠩᠬᠢᠮ᠎ᠲᠠᠢ ᠬᠠᠮᠲᠤᠷᠠᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠥᠷᠲᠡᠭᠡ ᠲᠣᠣᠷ ᠪᠠ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠭᠰᠡᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠶᠠᠪᠤᠳᠠᠯ᠎ᠢ ᠰᠤᠳᠤᠯᠪᠠ ᠃
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠂ ᠤᠰᠤᠨ ᠠᠰᠢᠭ᠍ᠯᠠᠯᠲᠠ᠎ᠶᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ ᠂ ᠡᠯ᠎ᠡ ᠨᠢᠭᠡᠴᠢ ᠣᠳᠣᠬᠠᠨ᠎ᠤ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠠᠵᠢᠯ᠎ᠤᠨ ᠲᠣᠭᠣᠷᠢᠨ᠎ᠳᠤ ᠠᠵᠢᠯ᠎ᠤᠨ ᠠᠬᠢᠴᠠ᠎ᠪᠠᠨ ᠲᠠᠨᠢᠯᠴᠠᠭᠤᠯᠵᠤ ᠂ ᠣᠷᠣᠰᠢᠵᠤ ᠪᠠᠢᠭ᠎ᠠ ᠠᠰᠠᠭᠤᠳᠠᠯ᠎ᠳᠤ ᠵᠠᠳᠠᠯᠤᠯᠲᠠ ᠬᠢᠵᠦ ᠂ ᠲᠠᠷᠠᠭᠠᠴᠢ᠎ᠶᠢᠨ ᠠᠯᠬᠤᠮ᠎ᠤᠨ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠠᠷᠭ᠎ᠠ ᠬᠡᠮᠵᠢᠶ᠎ᠡ᠎ᠶᠢ ᠳᠤᠷᠠᠳᠪᠠ ᠃
ᠬᠤᠷᠠᠯ᠎ᠠᠴᠠ ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ 》᠎ᠢᠶᠡᠷ ᠵᠢᠯᠤᠭᠣᠳᠬᠤ ᠴᠢᠭᠯᠡᠯ ᠪᠠ ᠴᠢᠬᠤᠯᠠ ᠵᠢᠷᠤᠮᠯᠠᠯ ᠪᠣᠯᠭᠠᠵᠤ ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠣᠣᠷ ᠰᠦᠯᠵᠢᠶ᠎ᠡ᠎ᠶᠢᠨ ᠰᠢᠰᠲᠧᠮᠵᠢ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠥᠷᠲᠡᠭᠡ ᠲᠣᠣᠷ ᠪᠠ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠲᠣᠭᠲᠠᠴᠠ᠎ᠶᠢ ᠪᠠᠶ᠋ᠢᠭᠤᠯᠬᠤ ᠬᠡᠷᠡᠭᠲᠡᠢ ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠯᠤᠭ᠎ᠠ ᠢᠳᠡᠪᠬᠢᠲᠡᠢ᠎ᠪᠡᠷ ᠵᠣᠯᠭᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠶᠢᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠰᠦᠯᠵᠢᠶᠡᠨ ᠥᠷᠲᠡᠭᠡ᠎ᠳᠦ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠵᠦ ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠥᠨᠳᠥᠷ ᠪᠦᠳᠦᠮᠵᠢᠳᠡᠢ ᠬᠡᠷᠡᠭᠯᠡᠬᠦ᠎ᠶᠢ ᠠᠬᠢᠭᠤᠯᠬᠤ ᠬᠡᠷᠡᠭᠲᠡᠢ ; ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠥᠷᠲᠡᠭᠡ ᠲᠣᠣᠷ ᠪᠠ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠭᠰᠡᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠵᠥᠪᠯᠡᠯᠴᠡᠭᠡᠷ᠎ᠢ ᠲᠦᠷᠭᠡᠬᠡᠨ ᠲᠣᠭᠲᠠᠭᠠᠵᠤ ᠂ ᠬᠠᠮᠲᠤ᠎ᠪᠠᠷ ᠡᠳ᠋ᠯᠡᠬᠦ ᠲᠣᠭ᠎ᠠ ᠪᠠᠷᠢᠮᠲᠠ᠎ᠶᠢᠨ ᠠᠭᠤᠯᠭ᠎ᠠ᠎ᠶᠢ ᠲᠣᠳᠣᠷᠬᠠᠢᠯᠠᠨ ᠂ ᠳᠠᠪᠲᠠᠮᠵᠢ ᠤᠳᠠᠭ᠎ᠠ ᠂ ᠬᠠᠮᠲᠤ᠎ᠪᠠᠷ ᠡᠳ᠋ᠯᠡᠬᠦ ᠠᠷᠭ᠎ᠠ ᠮᠠᠶᠢᠭ᠋ ᠂ ᠠᠮᠤᠷ ᠲᠦᠪᠰᠢᠨ᠎ᠦ ᠲᠠᠰ ᠵᠡᠷᠭᠡ ᠦᠨᠳᠦᠰᠦᠨ ᠮᠡᠳᠡᠭᠡ ᠵᠠᠩᠭᠢ᠎ᠶᠢ ᠰᠢᠨᠡᠳᠬᠡᠵᠦ ᠂ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠵᠦ ᠬᠡᠷᠡᠭᠯᠡᠬᠦ ᠠᠵᠢᠯ᠎ᠤᠨ ᠪᠠᠷᠢᠮᠵᠢᠶᠠᠵᠢᠯᠲᠠ ᠂ ᠵᠢᠷᠦᠮᠵᠢᠯᠲᠡ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ ᠃