4 ᠰᠠᠷ᠎ᠠ᠎ᠶᠢᠨ 7᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠭᠠᠵᠠᠷ᠎ᠤᠨ ᠨᠠᠮ᠎ᠤᠨ ᠡᠭᠦᠷ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ᠎ᠦᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠡᠢ᠃
ᠨᠠᠮ᠎ᠤᠨ ᠡᠭᠦᠷ᠎ᠦᠨ ᠱᠦᠵᠢ ᠨᠠᠮ᠎ᠤᠨ ᠭᠡᠰᠢᠭᠦᠨ᠎ᠢ ᠳᠠᠭᠠᠭᠤᠯᠤᠨ ᠪᠦᠯᠦᠭ ᠳᠠᠷᠠᠭᠠᠯᠠᠨ 《 ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠢ᠎ᠶᠢᠨ ᠫᠢᠩ᠎ᠤᠨ ᠥᠭᠦᠯᠡᠯᠲᠡ᠎ᠶᠢᠨ ᠲᠡᠭᠦᠪᠦᠷᠢ 》᠎ᠳᠡᠬᠢ ᠲᠤᠰᠬᠠᠢ ᠰᠡᠳᠦᠪ 1-3᠎ᠶᠢ ᠰᠤᠷᠤᠯᠴᠠᠵᠤ᠂ ᠨᠠᠮ᠎ᠤᠨ ᠭᠡᠰᠢᠭᠦᠳ᠎ᠲᠦ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ᠎ᠢ ᠭᠦᠨᠵᠡᠭᠡᠢ ᠣᠢᠯᠠᠭᠠᠭᠤᠯᠵᠤ᠂ ᠰᠢᠨ᠎ᠡ ᠴᠠᠭ ᠦᠶ᠎ᠡ᠎ᠶᠢᠨ ᠰᠤᠷᠲᠠᠯ᠎ᠤᠨ ᠪᠠᠢᠭᠤᠯᠤᠯᠲᠠ᠎ᠶᠢᠨ ᠴᠢᠭᠯᠡᠯ ᠪᠣᠯᠣᠨ ᠱᠠᠭᠠᠷᠳᠠᠯᠭ᠎ᠠ᠎ᠶᠢ ᠤᠯᠠᠮ ᠴᠢᠨᠠᠭᠰᠢᠳᠠ ᠲᠣᠳᠣᠷᠬᠠᠢᠯᠠᠪᠠ; 《 ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠰᠠᠨᠠᠭᠤᠯᠤᠮᠵᠢ 》᠎ᠶᠢ ᠤᠯᠠᠮᠵᠢᠯᠠᠵᠤ ᠂ ᠪᠥᠬᠥ ᠨᠠᠮ᠎ᠤᠨ ᠭᠡᠰᠢᠭᠦᠳ᠎ᠦᠨ ᠰᠤᠷᠤᠯᠴᠠᠯᠭ᠎ᠠ ᠬᠥᠮᠦᠵᠢᠯ᠎ᠦᠨ ᠵᠠᠩᠭᠢᠯᠠᠭ᠎ᠠ᠎ᠶᠢᠨ ᠭᠣᠭᠴᠣᠭ᠎ᠠ᠎ᠶᠢ ᠣᠨᠣᠪᠴᠢᠲᠠᠶ ᠡᠵᠡᠮᠰᠢᠬᠦ᠎ᠶᠢ ᠦᠨᠡᠨ ᠬᠦ᠌ ᠪᠠᠲᠤᠯᠠᠵᠤ ᠂ ᠲᠠᠷᠠᠭᠠᠴᠢ᠎ᠶᠢᠨ ᠠᠵᠢᠯ᠎ᠢ ᠥᠷᠨᠢᠭᠦᠯᠬᠦ᠎ᠳᠦ ᠲᠣᠳᠣᠷᠬᠠᠢ ᠵᠢᠯᠣᠭᠣᠳᠤᠯᠭ᠎ᠠ ᠬᠠᠩᠭᠠᠪᠠ ; ᠰᠦᠨ ᠱᠤᠤ ᠴᠧᠩ ᠱᠦᠵᠢ᠎ᠶᠢᠨ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠵᠢᠨ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ᠎ᠤ ᠵᠣᠷᠢᠭ᠋ ᠰᠠᠨᠠᠭ᠎ᠠ᠎ᠶᠢ ᠬᠠᠮᠲᠤ᠎ᠪᠠᠷ ᠰᠤᠷᠤᠯᠴᠠᠵᠤ᠂ ᠲᠡᠭᠦᠨ᠎ᠦ ᠳᠣᠲᠣᠷᠠᠬᠢ ᠡᠯᠪᠡᠭ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠨᠠᠮ᠎ᠤᠨ ᠡᠭᠦᠷ᠎ᠦᠨ ᠨᠠᠮ᠎ᠤᠨ ᠭᠡᠰᠢᠭᠦᠨ᠎ᠢ ᠪᠣᠳᠠᠲᠠᠢ ᠠᠵᠢᠯᠯᠠᠬᠤ ᠠᠵᠢᠯ᠎ᠤᠨ ᠰᠤᠷᠲᠠᠯ᠎ᠢ ᠴᠢᠨᠠᠭᠰᠢᠳᠠ ᠳᠠᠪᠲᠠᠨ ᠪᠣᠯᠪᠠᠰᠤᠷᠠᠭᠤᠯᠬᠤ᠎ᠶᠢ ᠱᠠᠭᠠᠷᠳᠠᠵᠠᠢ᠃
ᠰᠤᠷᠤᠯᠴᠠᠯᠭ᠎ᠠ ᠲᠡᠭᠦᠰᠦᠭᠰᠡᠨ᠎ᠦ ᠲᠠᠷᠠᠭ᠎ᠠ᠂ ᠨᠠᠮ᠎ᠤᠨ ᠡᠭᠦᠷ᠎ᠦᠨ ᠨᠠᠮ᠎ᠤᠨ ᠭᠡᠰᠢᠭᠦᠨ ᠪᠣᠯᠣᠨ ᠨᠠᠮ᠎ᠳᠤ ᠣᠷᠣᠬᠤ ᠢᠳᠡᠪᠬᠢᠲᠡᠨ ᠨᠠᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠭᠠᠵᠠᠷ᠎ᠤᠨ ᠨᠠᠮ᠎ᠤᠨ ᠡᠭᠦᠷ᠎ᠦᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠰᠠᠬᠢᠯᠭ᠎ᠠ ᠪᠠᠲᠤ᠎ᠶᠢᠨ ᠬᠥᠪᠴᠢ᠎ᠶᠢ ᠴᠠᠭ ᠢᠮᠠᠭᠲᠠ ᠴᠢᠩᠭᠠᠷᠠᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠰᠡᠳᠬᠢᠯ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠰᠢᠩᠭᠡᠭᠡᠵᠦ᠂ ᠪᠣᠳᠠᠲᠠᠢ ᠨᠠᠢᠳᠠᠪᠤᠷᠢᠵᠢᠭᠤᠯᠤᠨ᠎ᠠ; ᠬᠢᠨᠠᠨ ᠰᠢᠯᠭᠠᠬᠤ ᠠᠵᠢᠯ᠎ᠤᠨ ᠳᠤᠮᠳᠠ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠠᠰᠠᠭᠤᠳᠠᠯ᠎ᠢ ᠰᠢᠢᠳᠪᠦᠷᠢᠯᠡᠬᠦ᠎ᠪᠡᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤ ᠯᠤᠭ᠎ᠠ᠎ᠶᠢᠨ ᠣᠯᠣᠯᠴᠠᠭ᠎ᠠ ᠬᠠᠷᠢᠯᠴᠠᠭ᠎ᠠ᠎ᠪᠠᠨ ᠴᠢᠩᠭᠠᠳᠬᠠᠨ᠎ᠠ; ᠠᠵᠢᠯ᠎ᠤᠨ ᠰᠤᠷᠲᠠᠯ᠎ᠢᠶᠠᠨ ᠲᠠᠰᠤᠷᠠᠯᠲᠠ ᠦᠭᠡᠢ ᠰᠠᠢᠵᠢᠷᠠᠭᠤᠯᠵᠤ᠂ ᠬᠢᠨᠠᠨ ᠬᠡᠮᠵᠢᠬᠦ ᠠᠵᠢᠯ᠎ᠤᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠦᠢᠯᠡᠰ᠎ᠲᠦ ᠮᠡᠷᠡᠢᠨ ᠠᠵᠢᠯᠯᠠᠨ᠎ᠠ ᠭᠡᠵᠦ ᠢᠯᠡᠷᠬᠡᠢᠯᠡᠵᠡᠭᠡᠪᠡ᠃