ᠠᠮᠢ ᠠᠬᠤᠢ ᠣᠷᠴᠢᠨ ᠲᠣᠭᠣᠷᠢᠨ᠎ᠤ ᠶᠠᠮᠤᠨ 3 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠲᠤᠯᠭᠠᠭᠤᠷᠢᠯᠠᠬᠤ 》 ᠪᠡᠷ ᠬᠠᠷᠠᠯᠲᠠ ᠪᠣᠯᠭᠠᠵᠤ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲᠧᠮ᠎ᠢ ᠲᠦᠷᠭᠡᠳᠬᠡᠨ ᠪᠠᠢᠭᠤᠯᠤᠨ᠎ᠠ ᠭᠡᠵᠦ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠵᠤᠷᠭᠠᠨ᠎ᠤ ᠳᠠᠷᠤᠭ᠎ᠠ ᠵᠢᠶᠠᠩ ᠾᠥᠸᠧ ᠬᠤᠸᠠ ᠢᠯᠡᠳᠬᠡᠪᠡ᠃
ᠵᠢᠶᠠᠩ ᠾᠦᠸᠸ᠋ ᠬᠤᠸᠠ᠂ 《 ᠦᠵᠡᠰᠬᠦᠯᠡᠩᠲᠦ ᠰᠠᠢᠬᠠᠨ ᠳᠤᠮᠳᠠᠳᠤ ᠤᠯᠤᠰ ᠬᠠᠮᠢᠭ᠎ᠠ ᠦᠵᠡᠰᠬᠦᠯᠡᠩᠲᠦ ᠰᠠᠢᠬᠠᠨ ᠪᠣᠯᠬᠤ᠎ᠶᠢ ᠬᠢᠨᠠᠨ ᠬᠡᠮᠵᠢᠭᠰᠡᠨ ᠲᠣᠭ᠎ᠠ ᠪᠠᠷᠢᠮᠲᠠ ᠲᠠᠨ᠎ᠳᠤ ᠬᠡᠯᠡᠵᠦ ᠥᠭᠬᠦ 》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲᠧᠮ᠎ᠤᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠤᠨ᠎ᠠ ᠭᠡᠵᠦ ᠢᠯᠡᠳᠬᠡᠪᠡ᠃
ᠨᠢᠭᠡ᠎ᠳᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ 《 ᠵᠢᠰᠦ ᠴᠢᠷᠠᠢ 》 ᠶ᠋ᠢ ᠲᠤᠰᠬᠠᠬᠤ 《 ᠲᠣᠯᠢ 》 ᠪᠣᠯᠬᠤ ᠬᠡᠷᠡᠭᠲᠡᠢ᠃ ᠠᠭᠠᠷ ᠮᠠᠨᠳᠠᠯ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠬᠥᠷᠥᠰᠥ ᠰᠢᠷᠣᠢ᠂ ᠱᠤᠤᠭᠢᠶᠠᠨ᠂ ᠳᠠᠯᠠᠢ ᠲᠠᠩᠭᠢᠰ᠂ ᠠᠮᠢ ᠠᠬᠤᠢ ᠵᠡᠷᠭᠡ ᠡᠯᠧᠮᠧᠨ᠋ᠲ᠎ᠢ ᠪᠦᠷᠬᠦᠭᠰᠡᠨ᠂ ᠪᠠᠢᠷᠢᠰᠢᠯ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠪᠦᠬᠦ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠲᠣᠣᠷ᠎ᠢ ᠪᠠᠢᠭᠤᠯᠤᠨ᠎ᠠ᠃
ᠬᠣᠶᠠᠷ᠎ᠲᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠬᠦ 《 ᠲᠤᠷᠰᠢᠭᠤᠯᠴᠢ ᠴᠡᠷᠢᠭ 》 ᠪᠣᠯᠬᠤ ᠬᠡᠷᠡᠭᠲᠡᠢ᠃ ᠳᠠᠭᠠᠭᠤᠯᠢ ᠤᠳᠤ᠂ ᠵᠢᠯᠣᠭᠣᠴᠢ ᠦᠭᠡᠢ ᠨᠢᠰᠬᠡᠯ᠂ ᠵᠢᠯᠣᠭᠣᠴᠢ ᠦᠭᠡᠢ ᠣᠩᠭᠣᠴᠠ᠂ ᠠᠶᠠᠯᠠᠯ᠎ᠤᠨ ᠲᠡᠷᠭᠡ᠂ ᠠᠦ᠋ᠲ᠋ᠣ᠋ ᠦᠷᠳᠡᠭᠡ ᠵᠡᠷᠭᠡ ᠡᠯ᠎ᠡ ᠵᠦᠢᠯ᠎ᠦᠨ ᠬᠢᠨᠠᠨ ᠬᠡᠮᠵᠢᠬᠦ ᠮᠡᠷᠭᠡᠵᠢᠯ᠎ᠦᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭᠯᠡᠵᠦ᠂ ᠣᠷᠴᠢᠨ ᠲᠣᠭᠣᠷᠢᠨ᠎ᠤ ᠪᠣᠬᠢᠷᠲᠤᠯ᠎ᠤᠨ ᠭᠦᠢᠴᠡᠳᠬᠡᠬᠦ ᠲᠣᠭ᠎ᠠ᠂ ᠥᠳᠬᠡᠴᠡ᠂ ᠨᠠᠢᠷᠠᠯᠭ᠎ᠠ ᠵᠢᠴᠢ ᠡᠯ᠎ᠡ ᠲᠦᠷᠦᠯ᠎ᠦᠨ ᠭᠠᠳᠠᠭᠰᠢᠯᠠᠭᠤᠯᠤᠯᠲᠠ᠎ᠶᠢᠨ ᠡᠬᠢ ᠰᠤᠷᠪᠤᠯᠵᠢ᠎ᠶᠢᠨ ᠪᠦᠷᠢᠯᠳᠦᠯ᠎ᠦᠨ ᠣᠨᠴᠠᠯᠢᠭ᠋ ᠪᠠ ᠬᠤᠪᠢ ᠨᠡᠮᠡᠷᠢ᠎ᠶᠢᠨ ᠨᠤᠷᠮ᠎ᠠ᠎ᠶᠢ ᠴᠢᠷᠮᠠᠢᠨ ᠲᠣᠳᠣᠷᠬᠠᠢᠯᠠᠨ᠎ᠠ᠃ ᠭᠤᠷᠪᠠ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠡᠮᠦᠷ ᠠᠷᠮᠢ᠎ᠶᠢᠨ ᠬᠣᠰᠢᠭᠤᠴᠢ ᠠᠩᠭᠢ ᠪᠣᠯᠬᠤ ᠬᠡᠷᠡᠭᠲᠡᠢ᠃
ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠦ ᠬᠠᠷᠢᠶᠠᠯᠠᠭᠳᠠᠬᠤ ᠬᠢᠨᠠᠨ ᠬᠡᠮᠵᠢᠬᠦ ᠪᠠᠢᠭᠤᠯᠤᠮᠵᠢ 6.93 ᠲᠦᠮᠡᠨ ᠬᠥᠮᠥᠨ ᠪᠠᠢᠵᠤ᠂ ᠥᠨᠳᠥᠷ ᠰᠤᠷᠤᠯᠭ᠎ᠠ᠎ᠶᠢᠨ ᠨᠠᠮᠲᠠᠷ᠎ᠲᠠᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠢᠶᠡᠷ ᠣᠨᠴᠠᠯᠢᠭ᠋᠎ᠢᠶᠠᠨ ᠪᠣᠯᠭᠠᠭᠰᠠᠨ ᠮᠡᠳᠡᠯᠭᠡ ᠬᠤᠷᠠᠭᠰᠠᠨ ᠬᠡᠯᠪᠡᠷᠢ᠎ᠶᠢᠨ᠂ ᠮᠡᠷᠭᠡᠵᠢᠯ ᠬᠤᠷᠠᠭᠰᠠᠨ ᠬᠡᠯᠪᠡᠷᠢ᠎ᠶᠢᠨ ᠴᠢᠳᠠᠪᠤᠷᠢᠲᠠᠨ᠎ᠤ ᠡᠩᠨᠡᠭᠡ ᠪᠣᠯᠬᠤ ᠬᠡᠷᠡᠭᠲᠡᠢ᠃
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠨᠠᠨ ᠬᠡᠮᠵᠢᠬᠦ ᠰᠢᠰᠲᠧᠮ᠎ᠤᠨ ᠪᠠᠢᠭᠤᠯᠤᠯᠲᠠ᠎ᠶᠢᠨ ᠲᠠᠯ᠎ᠠ᠎ᠪᠠᠷ ᠦᠷᠭᠦᠯᠵᠢᠯᠡᠨ ᠬᠦᠴᠦᠯᠡᠪᠡ᠃ 《 ᠣᠷᠣᠨ ᠪᠦᠰᠡ᠎ᠶᠢᠨ ᠠᠮᠢ ᠠᠬᠤᠢ᠎ᠶᠢᠨ ᠶᠠᠰᠤ ᠴᠢᠨᠠᠷ᠎ᠢ ᠦᠨᠡᠯᠡᠬᠦ ᠠᠷᠭ᠎ᠠ ( ᠲᠤᠷᠰᠢᠨ ᠬᠡᠷᠡᠭᠵᠢᠭᠦᠯᠬᠦ ) 》᠎ᠶᠢ ᠳᠠᠷᠤᠮᠠᠯᠯᠠᠨ ᠲᠠᠷᠬᠠᠭᠠᠵᠤ᠂ 《 ᠪᠥᠬᠥ ᠤᠯᠤᠰ᠎ᠤᠨ ᠠᠮᠢ ᠠᠬᠤᠢ᠎ᠶᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ᠎ᠤᠨ ᠲᠥᠰᠥᠯ ( 2023 ︱ 2025 ᠣᠨ ) 》᠎ᠢ ᠲᠣᠭᠲᠠᠭᠠᠨ ᠬᠡᠷᠡᠭᠵᠢᠭᠦᠯᠵᠦ ᠂ ᠨᠢᠭᠡᠨᠲᠡ 《 ᠠᠮᠢ ᠠᠬᠤᠢ᠎ᠶᠢᠨ ᠶᠠᠰᠤ ᠴᠢᠨᠠᠷ᠎ᠢ ᠶᠡᠷᠦᠩᠬᠡᠢᠯᠡᠨ ᠬᠢᠨᠠᠨ ᠬᠡᠮᠵᠢᠬᠦ ᠥᠷᠲᠡᠭᠡ + ᠥᠯᠢᠭᠡᠷ ᠭᠠᠵᠠᠷ 》᠎ᠤᠨ ᠠᠮᠢ ᠠᠬᠤᠢ᠎ᠶᠢᠨ ᠶᠠᠰᠤ ᠴᠢᠨᠠᠷ᠎ᠢ ᠬᠢᠨᠠᠨ ᠬᠡᠮᠵᠢᠬᠦ ᠲᠣᠣᠷ᠎ᠢ ᠠᠩᠬ᠎ᠠ ᠠᠯᠬᠤᠮ ᠪᠠᠢᠭᠤᠯᠤᠨ ᠪᠦᠷᠢᠯᠳᠦᠭᠦᠯᠪᠡ ᠃ ᠵᠢᠱ᠌ᠢᠯᠲᠡ᠎ᠪᠡᠷ ᠪᠥᠬᠥ ᠤᠯᠤᠰ᠎ᠤᠨ ᠠᠮᠢ ᠠᠬᠤᠢ᠎ᠶᠢᠨ ᠶᠠᠰᠤ ᠴᠢᠨᠠᠷ᠎ᠤᠨ ᠶᠡᠷᠦᠩᠬᠡᠢᠯᠡᠭᠰᠡᠨ ᠥᠷᠲᠡᠭᠡ᠎ᠶᠢᠨ ᠲᠣᠭ᠎ᠠ 200 ᠣᠷᠴᠢᠮ ᠬᠦᠷᠴᠦ ᠂ 31 ᠮᠤᠵᠢ ᠣᠷᠣᠨ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ ᠵᠢᠴᠢ ᠠᠮᠢ ᠠᠬᠤᠢ᠎ᠶᠢᠨ ᠬᠠᠮᠠᠭᠠᠯᠠᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠭᠣᠣᠯᠳᠠᠯᠭ᠎ᠠ᠎ᠲᠠᠢ ᠣᠷᠣᠨ ᠪᠦᠰᠡ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ᠂ ᠤᠯᠤᠰ᠎ᠤᠨ ᠴᠡᠴᠡᠷᠯᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢ ᠬᠠᠮᠤᠷᠤᠨ᠎ᠠ ᠃ ᠲᠣᠣᠷ᠎ᠤᠨ ᠠᠷᠭ᠎ᠠ᠎ᠶᠢ ᠬᠡᠷᠡᠭᠯᠡᠨ ᠪᠦᠬᠦ ᠤᠯᠤᠰ᠎ᠲᠤ ᠨᠡᠢ᠍ᠢᠳᠡ 1.64 ᠲᠦᠮᠡᠨ ᠦᠯᠢᠭᠡᠷ ᠶᠠᠩᠵᠤ᠎ᠶᠢᠨ ᠭᠠᠵᠠᠷ᠎ᠢ ᠪᠠᠢᠷᠢᠯᠠᠭᠤᠯᠵᠤ᠂ ᠰᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠨᠢᠭᠡᠴᠢ᠎ᠶᠢ ᠪᠦᠬᠦᠨ᠎ᠢ ᠬᠠᠮᠤᠷᠬᠤ᠎ᠶᠢ ᠦᠨᠳᠦᠰᠦᠨ᠎ᠳᠡᠭᠡᠨ ᠪᠡᠶᠡᠯᠡᠭᠦᠯᠪᠡ᠃ ᠡᠭᠦᠨ᠎ᠦ ᠵᠡᠷᠭᠡ᠎ᠳᠦ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭᠠᠭᠤᠯᠢ ᠣᠳᠣᠨ᠎ᠤ ᠠᠯᠤᠰ ᠰᠡᠷᠡᠯ᠎ᠦᠨ ᠬᠢᠨᠠᠨ ᠬᠡᠮᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠣᠳᠣᠬᠠᠨ᠎ᠳᠤ ᠨᠢᠭᠡᠨᠲᠡ ᠣᠷᠴᠢᠨ ᠲᠣᠭᠣᠷᠢᠨ ᠪᠠ ᠠᠭᠠᠷ ᠮᠠᠨᠳᠠᠯ᠎ᠤᠨ ᠬᠣᠶᠠᠷ ᠰᠢᠷᠢᠰ ᠲᠣᠭᠣᠷᠢᠯᠲᠠ᠎ᠶᠢᠨ ᠵᠠᠮ᠎ᠳᠠᠬᠢ 7 ᠳᠠᠭᠠᠭᠤᠯᠢ ᠣᠲᠣ᠌᠎ᠲᠠᠢ ᠪᠣᠯᠵᠤ ᠂ ᠣᠯᠠᠨ ᠣᠲᠣ᠌ ᠬᠣᠯᠪᠤᠭᠠᠯᠠᠨ ᠬᠥᠳᠡᠯᠦᠯᠴᠡᠭᠰᠡᠨ ᠣᠬᠣᠷ ᠦᠶᠡᠯᠡᠯ᠎ᠲᠠᠢ ᠂ ᠥᠨᠳᠥᠷ ᠪᠦᠷᠬᠦᠴᠡ᠎ᠲᠠᠢ ᠂ ᠥᠨᠳᠥᠷ ᠢᠯᠭᠠᠮᠵᠢᠲᠠᠢ ᠠᠮᠢ ᠠᠬᠤᠢ ᠣᠷᠴᠢᠨ ᠲᠣᠭᠣᠷᠢᠨ᠎ᠤ ᠳᠠᠭᠠᠭᠤᠯᠢ ᠣᠳᠣᠨ᠎ᠤ ᠠᠯᠤᠰ ᠰᠡᠷᠡᠯ᠎ᠦᠨ ᠬᠢᠨᠠᠨ ᠬᠡᠮᠵᠢᠬᠦ ᠰᠢᠰᠲᠧᠮ᠎ᠢ ᠠᠩᠬ᠎ᠠ ᠠᠯᠬᠤᠮ ᠪᠠᠢᠭᠤᠯᠤᠭᠰᠠᠨ ᠪᠠᠢᠨ᠎ᠠ ᠃
ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠲᠠᠯ᠎ᠠ᠎ᠪᠠᠷ ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠬᠤᠳᠠᠯ᠎ᠢᠶᠠᠷ ᠵᠣᠬᠢᠶᠠᠨ ᠬᠠᠭᠤᠷᠮᠠᠭ᠎ᠢᠶᠠᠷ ᠵᠣᠬᠢᠶᠠᠬᠤ᠎ᠳᠤ ᠢᠮᠠᠭᠲᠠ 《 ᠥᠴᠥᠬᠡᠨ ᠴᠦ᠍ ᠠᠭᠤᠴᠢᠯᠠᠬᠤ ᠦᠭᠡᠢ 》 ᠪᠠᠢᠬᠤ᠎ᠶᠢ ᠪᠠᠷᠢᠮᠲᠠᠯᠠᠪᠠ ᠃ ᠵᠢᠶᠠᠩ ᠾᠦᠸᠸ᠋ ᠬᠤᠸᠠ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠪᠣᠯ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠢᠳᠠᠯ᠎ᠢ ᠪᠤᠰᠤᠳᠴᠢ᠎ᠪᠠᠷ ᠦᠨᠡᠯᠡᠬᠦ᠂ ᠪᠣᠬᠢᠷᠲᠤᠯ᠎ᠢ ᠵᠠᠰᠠᠭᠰᠠᠨ ᠪᠠ ᠠᠮᠢ ᠠᠬᠤᠢ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠲᠤᠰᠬᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠪᠣᠯᠣᠨ ᠰᠢᠢᠳᠪᠦᠷᠢᠲᠦ ᠪᠣᠳᠣᠯᠭ᠎ᠠ᠎ᠶᠢ ᠬᠡᠷᠡᠭᠵᠢᠭᠦᠯᠬᠦ᠎ᠶᠢᠨ ᠦᠨᠳᠦᠰᠦᠨ ᠦᠨᠳᠦᠰᠦᠯᠡᠯ ᠮᠥᠨ᠃ ᠣᠳᠣᠬᠠᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ᠎ᠶᠢᠨ ᠲᠣᠭ᠎ᠠ ᠪᠠᠷᠢᠮᠲᠠ ᠨᠢ ᠨᠠᠢᠳᠠᠪᠤᠷᠢᠲᠠᠢ᠂ ᠢᠲᠡᠭᠡᠮᠵᠢᠲᠡᠢ ᠪᠠᠢᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠲᠡᠮᠵᠢ᠎ᠶᠢᠨ ᠲᠥᠷᠥᠭᠳᠡᠯ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠨ᠎ᠠ ᠭᠡᠵᠦ ᠴᠢᠬᠤᠯᠠᠴᠢᠯᠠᠪᠠ᠃
ᠳᠦᠷᠢᠮ᠎ᠦᠨ ᠪᠠᠢᠭᠤᠯᠤᠯᠲᠠ᠎ᠶᠢᠨ ᠲᠠᠯ᠎ᠠ᠎ᠪᠠᠷ᠂ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠳᠦᠷᠢᠮ 》᠎ᠢ ᠡᠷᠲᠡᠬᠡᠨ ᠨᠡᠢᠲᠡᠯᠡᠬᠦ᠎ᠶᠢ ᠢᠳᠡᠪᠬᠢᠲᠡᠢ ᠠᠬᠢᠭᠤᠯᠪᠠ᠃ ᠬᠠᠤᠯᠢ ᠪᠠᠷᠢᠬᠤ ᠶᠠᠮᠤᠨ᠎ᠤ ᠬᠦᠴᠦᠲᠡᠢ ᠳᠡᠮᠵᠢᠯᠭᠡ ᠳᠣᠣᠷ᠎ᠠ᠂ 2024 ᠣᠨ᠎ᠤ 12 ᠰᠠᠷ᠎ᠠ ᠠᠴᠠ 2025 ᠣᠨ᠎ᠤ 1 ᠰᠠᠷ᠎ᠠ ᠪᠣᠯᠲᠠᠯ᠎ᠠ ᠂ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠳᠦᠷᠢᠮ ( ᠲᠥᠰᠥᠯ᠎ᠦᠨ ᠰᠠᠨᠠᠯ ᠬᠤᠷᠢᠶᠠᠬᠤ ᠨᠣᠣᠷᠠᠭ ) 》᠎ᠳᠤ ᠢᠯᠡ᠎ᠪᠡᠷ ᠰᠠᠨᠠᠯ ᠬᠤᠷᠢᠶᠠᠪᠠ ᠃ ᠣᠳᠣᠬᠠᠨ᠎ᠳᠤ ᠨᠢᠭᠡᠨᠲᠡ 400 ᠰᠢᠬᠠᠮ ᠵᠦᠢᠯ᠎ᠦᠨ ᠪᠦᠲᠦᠭᠡᠯᠴᠢ ᠴᠢᠨᠠᠷᠲᠠᠢ ᠰᠠᠨᠠᠯ᠎ᠢ ᠬᠦᠯᠢᠶᠡᠨ ᠠᠪᠴᠠᠢ᠃
ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠯ᠎ᠠ᠎ᠪᠠᠷ᠂ DeepSeek ᠵᠢᠡᠷ ᠲᠥᠯᠥᠭᠡᠯᠡᠭᠦᠯᠦᠭᠰᠡᠨ ᠵᠣᠬᠢᠶᠠᠮᠠᠯ ᠤᠶᠤᠨ ᠴᠢᠳᠠᠪᠤᠷᠢ᠎ᠪᠠᠷ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠦ ᠬᠦᠴᠦ ᠨᠡᠮᠡᠷᠢᠯᠡᠬᠦ ᠣᠶᠤᠨᠴᠢᠯᠠᠭᠰᠠᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠠᠩᠬ᠎ᠠ ᠠᠯᠬᠤᠮ ᠬᠡᠷᠡᠭᠯᠡᠵᠡᠢ᠃ ᠣᠢᠷ᠎ᠠ᠎ᠳᠤ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠦᠯᠵᠢᠶᠡᠨ᠎ᠦ ᠲᠤᠭᠠᠴᠢᠯᠠᠯᠳᠠ᠎ᠶᠢᠨ ᠬᠡᠯᠪᠡᠷᠢ᠎ᠶᠢ ᠬᠤᠪᠢᠷᠠᠭᠤᠯᠬᠤ ᠲᠥᠰᠥᠯ 》᠎ᠢ ᠳᠠᠷᠤᠮᠠᠯᠯᠠᠨ ᠲᠠᠷᠬᠠᠭᠠᠪᠠ ᠂ ᠡᠨᠡ ᠨᠢ ᠬᠢᠨᠠᠨ ᠬᠡᠮᠵᠢᠯᠲᠡ᠎ᠶᠢᠨ ᠲᠤᠭᠠᠴᠢᠯᠠᠯᠳᠠ᠎ᠶᠢᠨ ᠬᠡᠯᠪᠡᠷᠢ᠎ᠶᠢ ᠬᠤᠪᠢᠷᠠᠭᠤᠯᠬᠤ ᠪᠣᠳᠠᠲᠠᠢ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠢᠨ᠎ᠠ ᠃
《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠪᠠᠷᠠᠯᠠᠬᠤᠶ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲᠧᠮ᠎ᠢ ᠲᠦᠷᠭᠡᠨ ᠪᠠᠢᠭᠤᠯᠵᠤ᠂ ᠨᠡᠩ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠨᠢᠭᠡ ᠴᠣᠭᠴᠠᠵᠢᠭᠤᠯᠤᠭᠰᠠᠨ ᠰᠦᠯᠵᠢᠶ᠎ᠡ᠎ᠪᠡᠷ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠨᠡᠩ ᠰᠠᠢᠲᠤᠷ ᠲᠤᠯᠭᠠᠭᠤᠷᠢᠯᠠᠨ᠎ᠠ᠃
ᠵᠢᠶᠠᠩ ᠾᠦᠸᠸ᠋ ᠬᠤᠸᠠ᠂ ᠳᠠᠷᠠᠭᠠᠴᠢ᠎ᠶᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠂ ᠠᠭᠠᠷ᠎ᠤᠨ ᠬᠢᠨᠠᠨ ᠬᠡᠮᠵᠢᠯᠲᠡ᠎ᠶᠢᠨ ᠪᠦᠷᠬᠦᠴᠡ᠎ᠶᠢ ᠪᠦᠬᠦ ᠲᠠᠯ᠎ᠠ᠎ᠪᠠᠷ ᠲᠤᠰᠬᠠᠵᠤ᠂ ᠭᠠᠵᠠᠷ᠎ᠤᠨ ᠭᠠᠳᠠᠷᠭᠤ᠎ᠶᠢᠨ ᠤᠰᠤᠨ᠎ᠤ ᠬᠢᠨᠠᠨ ᠬᠡᠮᠵᠢᠯᠲᠡ᠎ᠶᠢᠨ ᠡᠬᠢ ᠡᠭᠦᠰᠦᠯ᠎ᠦᠨ ᠣᠷᠣᠨ᠎ᠳᠤ ᠣᠭᠲᠣᠯᠣᠭᠠᠰᠤ ᠨᠡᠮᠡᠬᠦ᠎ᠶᠢᠨ ᠬᠠᠮᠲᠤ ᠤᠰᠤᠨ᠎ᠤ ᠠᠮᠢᠳᠤ ᠪᠣᠳᠠᠰ᠎ᠤᠨ ᠭᠦᠢᠴᠡᠳᠬᠡᠯ ᠲᠣᠭ᠎ᠠ ᠵᠡᠷᠭᠡ᠎ᠶᠢᠨ ᠬᠢᠨᠠᠨ ᠬᠡᠮᠵᠢᠯᠲᠡ᠎ᠶᠢᠨ ᠦᠨᠡᠯᠡᠯᠲᠡ᠎ᠶᠢ ᠪᠠᠢᠷᠢᠯᠠᠭᠤᠯᠵᠤ᠂ ᠳᠠᠯᠠᠢ ᠲᠠᠩᠭᠢᠰ᠎ᠤᠨ ᠬᠢᠨᠠᠨ ᠬᠡᠮᠵᠢᠯᠲᠡ᠎ᠶᠢᠨ ᠵᠠᠩᠭᠢᠯᠠᠭ᠎ᠠ᠎ᠶᠢᠨ ᠣᠷᠣᠨ ᠪᠦᠰᠡ᠎ᠳᠦ ᠴᠡᠭ ᠨᠡᠮᠡᠨ᠎ᠡ; ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠎ᠶᠢ ᠬᠦᠴᠦᠲᠡᠢ ᠲᠤᠯᠭᠠᠭᠤᠷᠢᠯᠠᠵᠤ᠂ ᠪᠠᠢᠭᠠᠯᠢ᠎ᠶᠢᠨ ᠦᠨᠳᠦᠰᠦᠨ ᠡᠯᠧᠮᠧᠨ᠋ᠲ᠎ᠦᠨ ᠨᠥᠯᠥᠭᠡ᠎ᠶᠢ ᠶᠡᠬᠡ ᠭᠥᠷᠳᠡᠭᠰᠡᠨ ᠣᠭᠲᠣᠯᠣᠭᠠᠰᠤ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠬᠢᠨᠠᠨ ᠬᠡᠮᠵᠢᠵᠦ ᠦᠨᠡᠯᠡᠬᠦ ᠠᠷᠭ᠎ᠠ ᠬᠡᠯᠪᠡᠷᠢ᠎ᠶᠢ ᠵᠢᠷᠤᠮᠵᠢᠭᠤᠯᠤᠨ᠎ᠠ; ᠤᠯᠠᠨ ᠲᠦᠮᠡᠨ᠎ᠦ ᠳᠡᠷᠭᠡᠳᠡᠬᠢ ᠣᠷᠴᠢᠨ ᠲᠣᠭᠣᠷᠢᠨ᠎ᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠠᠨ ᠲᠦᠮᠡᠨ᠎ᠦ ᠳᠡᠷᠭᠡᠳᠡᠬᠢ 170 ᠭᠠᠷᠤᠢ ᠰᠠᠯᠪᠤᠷᠢ ᠤᠷᠤᠰᠬᠠᠯ᠎ᠤᠨ ᠵᠢᠵᠢᠭ ᠭᠣᠣᠯ᠎ᠤᠨ ᠬᠢᠨᠠᠨ ᠬᠡᠮᠵᠢᠯᠲᠡ᠎ᠶᠢ ᠰᠢᠨ᠎ᠡ᠎ᠪᠡᠷ ᠨᠡᠮᠡᠭᠳᠡᠭᠦᠯᠵᠦ᠂ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠬᠣᠭ ᠨᠣᠪᠰᠢ ᠪᠤᠯᠠᠬᠤ ᠭᠠᠵᠠᠷ ᠪᠠ ᠠᠶᠤᠯᠲᠠᠢ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠭᠠᠵᠠᠷ᠎ᠤᠨ ᠭᠠᠵᠠᠷ ᠳᠣᠣᠷᠠᠬᠢ ᠤᠰᠤᠨ᠎ᠤ ᠬᠢᠨᠠᠨ ᠬᠡᠮᠵᠢᠯᠲᠡ᠎ᠶᠢ ᠴᠢᠩᠭᠠᠳᠬᠠᠨ᠎ᠠ ᠭᠡᠵᠦ ᠢᠯᠡᠷᠬᠡᠢᠯᠡᠪᠡ᠃