2025 ᠣᠨ᠎ᠤ ᠪᠥᠬᠥ ᠤᠯᠤᠰ᠎ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ᠎ᠦᠨ ᠤᠬᠠᠭᠤᠯᠭ᠎ᠠ᠎ᠶᠢᠨ ᠠᠵᠢᠯᠯᠠᠭ᠎ᠠ᠎ᠶᠢ ᠰᠠᠢᠲᠤᠷ ᠥᠷᠨᠢᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ 《 ᠨᠡᠭᠦᠷᠡᠰᠦᠲᠥ᠋ᠷᠥᠭᠴᠢ᠎ᠶᠢᠨ ᠵᠠᠮ᠎ᠤᠨ ᠬᠣᠰᠢᠭᠤᠴᠢ ᠂ ᠢᠷᠡᠭᠡᠳᠦᠢ᠎ᠶᠢ ᠨᠣᠭᠣᠭᠠᠷᠠᠭᠤᠯᠬᠤ 》 ᠭᠣᠣᠯ ᠰᠡᠳᠦᠪ᠎ᠦᠨ ᠲᠣᠭᠣᠷᠢᠨ᠎ᠳᠤ ᠂ 6 ᠰᠠᠷ᠎ᠠ᠎ᠶᠢᠨ 24᠎ᠦ ᠡᠳᠦᠷ ᠪᠥᠬᠥ ᠣᠷᠣᠨ᠎ᠤ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠪᠣᠯᠪᠠᠰᠤᠷᠠᠯ᠎ᠤᠨ ᠠᠩᠭᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ᠎ᠤ 23 ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠴᠢ 12 ᠠᠢᠮᠠᠭ ᠬᠣᠲᠠ ᠂ 380 ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ᠎ᠶᠢ ᠤᠷᠢᠵᠤ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》᠎ᠶᠢ ᠤᠶᠠᠯᠳᠤᠭᠤᠯᠬᠤ ᠠᠷᠭ᠎ᠠ ᠮᠠᠶᠢᠭ᠋᠎ᠢᠶᠠᠷ ᠪᠣᠯᠪᠠᠰᠤᠷᠠᠯ᠎ᠳᠤ ᠣᠷᠣᠯᠴᠠᠭᠤᠯᠪᠠ ᠃
ᠲᠣᠰ ᠤᠳᠠᠭᠠᠨ᠎ᠤ ᠪᠣᠯᠪᠠᠰᠤᠷᠠᠯ᠎ᠳᠤ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠂ ᠲᠣᠭᠠᠴᠠᠭ᠎ᠠ ᠬᠢᠬᠦ ᠪᠣᠳᠠᠲᠠᠢ ᠪᠣᠯᠪᠠᠰᠤᠷᠠᠯ ᠂ ᠬᠡᠷᠡᠭ᠎ᠦᠨ ᠵᠢᠱ᠌ᠢᠶ᠎ᠡ᠎ᠶᠢᠨ ᠬᠡᠷᠡᠭᠯᠡᠯᠲᠡ ᠵᠡᠷᠭᠡ ᠭᠤᠷᠪᠠᠨ ᠶᠡᠬᠡ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢ ᠪᠣᠳᠠᠲᠠᠢ᠎ᠪᠠᠷ ᠨᠠᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠠᠢ ᠃ 《 ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠢ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ 》᠎ᠢ ᠪᠣᠯᠪᠠᠰᠤᠷᠠᠭᠤᠯᠤᠨ ᠲᠠᠢᠯᠪᠤᠷᠢᠯᠠᠵᠤ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠤᠨ ᠪᠠᠢᠭᠤᠯᠤᠯᠲᠠ᠎ᠶᠢᠨ ᠬᠠᠷᠠᠯᠲᠠ᠎ᠶᠢ ᠰᠢᠰᠲᠧᠮ᠎ᠲᠠᠢ ᠲᠠᠢᠯᠪᠤᠷᠢᠯᠠᠵᠤ᠂ ᠠᠷᠭ᠎ᠠ ᠵᠠᠮ ᠪᠣᠯᠣᠨ ᠭᠣᠣᠯᠳᠠᠯᠭ᠎ᠠ᠎ᠲᠠᠢ ᠡᠭᠦᠷᠭᠡ᠎ᠶᠢ ᠪᠡᠶᠡᠯᠡᠭᠦᠯᠵᠦ᠂ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠬᠠᠮᠵᠢᠯᠴᠠᠨ ᠨᠠᠢᠳᠠᠪᠤᠷᠢᠵᠢᠭᠤᠯᠬᠤ᠎ᠶᠢ ᠴᠢᠩᠭᠠᠳᠬᠠᠵᠤ᠂ ᠠᠢᠮᠠᠭ ᠬᠤᠳᠠ᠎ᠶᠢ ᠵᠢᠯᠣᠭᠣᠳᠤᠨ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠵᠤ᠂ ᠠᠵᠤ ᠠᠬᠤᠢᠯᠠᠯ᠎ᠢ ᠵᠢᠯᠣᠭᠣᠳᠤᠨ ᠬᠠᠩᠭᠠᠯᠭ᠎ᠠ᠎ᠶᠢᠨ ᠬᠡᠯᠬᠢᠶ᠎ᠡ᠎ᠶᠢᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠬᠠᠮᠢᠶᠠᠷᠤᠯᠲᠠ᠎ᠶᠢ ᠴᠢᠩᠭᠠᠳᠬᠠᠪᠠ; ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠍ᠲᠤ ᠦᠢᠯᠡᠳᠬᠦᠨ᠎ᠢᠶᠡᠷ ᠵᠢᠱ᠌ᠢᠶ᠎ᠡ ᠪᠣᠯᠭᠠᠨ ᠲᠣᠭᠠᠴᠠᠭ᠎ᠠ ᠬᠢᠬᠦ ᠪᠣᠳᠠᠲᠤ ᠪᠣᠯᠪᠠᠰᠤᠷᠠᠯ ᠬᠢᠵᠦ ᠂ ᠨᠣᠯᠤᠤᠷ᠎ᠤᠨ ᠦᠢᠯᠡᠳᠬᠦᠨ᠎ᠢᠶᠡᠷ ᠲᠥᠯᠥᠭᠡᠯᠡᠭᠦᠯᠦᠭᠰᠡᠨ ᠬᠡᠷᠡᠭᠯᠡᠭᠡᠨ᠎ᠦ ᠵᠦᠢᠯ ᠪᠠ ᠵᠤᠭᠠᠩ ᠬᠠᠪᠲᠠᠰᠤ ᠂ ᠴᠠᠬᠢᠯᠠᠭᠤᠷ ᠴᠢᠯᠠᠭᠤ᠎ᠪᠠᠷ ᠲᠥᠯᠥᠭᠡᠯᠡᠭᠦᠯᠦᠭᠰᠡᠨ ᠠᠵᠤ ᠦᠢᠯᠡᠳᠪᠦᠷᠢ᠎ᠶᠢᠨ ᠦᠢᠯᠡᠳᠬᠦᠨ᠎ᠦ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭ᠎ᠠ ᠪᠠᠷᠢᠮᠲᠠ᠎ᠶᠢ ᠴᠤᠭᠯᠠᠭᠤᠯᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠡᠵᠡᠮᠳᠡᠬᠦ ᠭᠣᠣᠯᠳᠠᠯᠭ᠎ᠠ᠎ᠶᠢ ᠵᠠᠳᠠᠯᠤᠨ ᠰᠢᠨᠵᠢᠯᠡᠵᠦ ᠂ ᠦᠢᠯᠡᠳᠬᠦᠨ᠎ᠦ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠯᠠ ᠮᠥᠷ᠎ᠦᠨ ᠲᠣᠭᠠᠴᠠᠭ᠎ᠠ ᠬᠢᠬᠦ ᠠᠷᠭ᠎ᠠ᠎ᠶᠢ ᠰᠢᠭᠤᠳ ᠲᠠᠢᠯᠪᠤᠷᠢᠯᠠᠪᠠ; ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ ( ᠪᠦᠯᠦᠭᠯᠡᠯ ) ᠵᠢᠨ ᠦᠢᠯᠡᠳᠬᠦᠨ᠎ᠦ ᠪᠦᠬᠦ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠳᠠᠬᠢ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠠᠯ᠎ᠠ᠎ᠪᠠᠷ ᠬᠢ ᠰᠦᠪᠡᠭᠴᠢᠯᠡᠯᠲᠡ ᠪᠠ ᠦᠢᠯᠡᠳᠦᠯᠭᠡ᠎ᠶᠢ ᠲᠠᠨᠢᠯᠴᠠᠭᠤᠯᠵᠤ᠂ ᠠᠵᠤ ᠠᠬᠤᠢᠯᠠᠯ᠎ᠤᠨ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠢᠯᠡᠳᠬᠡᠮᠵᠢ᠎ᠶᠢ ᠭᠡᠷᠡᠴᠢᠯᠡᠬᠦ᠎ᠳᠦ ᠯᠠᠪᠯᠠᠯᠲᠠ ᠬᠠᠩᠭᠠᠬᠤ᠎ᠶᠢᠨ ᠬᠠᠮᠲᠤ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠢᠯᠡᠳᠬᠡᠮᠵᠢ᠎ᠶᠢ ᠭᠡᠷᠡᠴᠢᠯᠡᠭᠰᠡᠨ ᠦᠷ᠎ᠡ ᠪᠦᠲᠦᠭᠡᠯ᠎ᠦᠨ ᠬᠡᠷᠡᠭᠯᠡᠯᠲᠡ᠎ᠶᠢᠨ ᠠᠰᠠᠭᠤᠳᠠᠯ᠎ᠳᠤ ᠬᠠᠷᠢᠭᠤᠯᠲᠠ ᠥᠭᠴᠡᠢ᠃
ᠲᠣᠰ ᠤᠳᠠᠭᠠᠨ᠎ᠤ ᠪᠣᠯᠪᠠᠰᠤᠷᠠᠯ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠲᠥᠷᠥ᠎ᠶᠢᠨ ᠪᠣᠳᠣᠯᠭ᠎ᠠ᠎ᠶᠢᠨ ᠲᠤᠬᠠᠢ ᠣᠢᠯᠠᠭᠠᠯᠲᠠ ᠪᠠ ᠡᠵᠡᠮᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠵᠤ ᠠᠬᠤᠢᠯᠠᠯ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢᠨ ᠦᠵᠡᠯ ᠤᠬᠠᠮᠰᠠᠷ᠎ᠢ ᠳᠡᠭᠡᠭᠰᠢᠯᠡᠭᠦᠯᠦᠨ ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠠᠩᠬᠠᠷᠤᠭᠤᠯᠵᠤ ᠂ ᠦᠢᠯᠡᠳᠬᠦᠨ᠎ᠦ ᠦᠢᠯᠡᠳᠪᠦᠷᠢᠯᠡᠯ᠎ᠦᠨ ᠶᠠᠪᠤᠴᠠ᠎ᠳᠠᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠩᠭᠢᠯᠠᠭ᠎ᠠ᠎ᠶᠢᠨ ᠴᠡᠭ᠎ᠢ ᠪᠦᠲᠦᠮᠵᠢᠲᠡᠶ᠎ᠪᠡᠷ ᠢᠯᠭᠠᠨ ᠲᠠᠨᠢᠵᠤ ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢᠭᠠᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠲᠦᠯᠬᠢᠨ ᠠᠬᠢᠭᠤᠯᠪᠠ ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠤᠨ ᠪᠠᠢᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠢᠯᠡᠳᠬᠡᠮᠵᠢ᠎ᠶᠢᠨ ᠭᠡᠷᠡᠴᠢᠯᠡᠭᠡ᠎ᠶᠢ ᠬᠠᠮᠵᠢᠯᠴᠠᠨ ᠥᠷᠨᠢᠭᠦᠯᠵᠦ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠮᠡᠳᠡᠭᠡ ᠵᠠᠩᠭᠢ᠎ᠶᠢ ᠨᠡᠢᠲᠡᠯᠡᠬᠦ ᠳᠦᠷᠢᠮ᠎ᠢ ᠰᠦᠪᠡᠭᠴᠢᠯᠡᠨ ᠪᠠᠢᠭᠤᠯᠵᠤ᠂ ᠳᠡᠯᠭᠡᠷᠡᠭᠦᠯᠦᠨ ᠬᠡᠷᠡᠭᠯᠡᠬᠦ ᠦᠵᠡᠭᠳᠡᠯ᠎ᠢ ᠪᠠᠶᠠᠯᠢᠭ᠍ᠵᠢᠭᠤᠯᠤᠨ ᠥᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠠᠩᠭᠠᠯᠭ᠎ᠠ᠎ᠶᠢᠨ ᠬᠡᠯᠬᠢᠶ᠎ᠡ ᠪᠣᠯᠣᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠲᠦᠷᠭᠡᠨ ᠪᠦᠷᠢᠯᠳᠦᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠤᠨ᠎ᠠ᠃