ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠪᠣᠬᠢᠷᠲᠤᠯ ᠦᠭᠡᠢ ᠮᠥᠩᠭᠥᠨ ᠭᠦᠢᠯᠭᠡᠭᠡᠨ᠎ᠦ ᠲᠥᠷᠥᠯ ᠵᠦᠢᠯ᠎ᠦᠨ ᠭᠡᠷ᠎ᠡ ᠲᠣᠭᠲᠠᠨ ᠨᠠᠢᠳᠠᠪᠤᠷᠢᠵᠢᠭᠤᠯᠤᠭᠳᠠᠬᠤ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-10-31

5 ᠳ᠋ᠤᠭᠠᠷ ᠰᠠᠷ᠎ᠠ᠎ᠶᠢᠨ 21᠎ᠦ ᠡᠳᠦᠷ ᠂ ᠣᠷᠳᠣᠰ ᠬᠣᠲᠠ᠎ᠶᠢᠨ ᠲᠥᠪ ᠬᠣᠲᠠ᠎ᠶᠢᠨ ᠲᠣᠭᠣᠷᠢᠭ᠋᠎ᠤᠨ ᠠᠮᠢᠳᠤᠷᠠᠯ᠎ᠤᠨ ᠬᠣᠭ ᠨᠣᠪᠰᠢ᠎ᠶᠢ ᠰᠢᠲᠠᠭᠠᠵᠤ ᠴᠠᠬᠢᠯᠭᠠᠨ ᠭᠠᠷᠭᠠᠬᠤ᠎ᠶᠢ ᠶᠡᠷᠦᠩᠬᠡᠢᠯᠡᠨ ᠠᠰᠢᠭ᠍ᠯᠠᠬᠤ ᠲᠥᠷᠥᠯ ᠵᠦᠢᠯ᠎ᠦᠨ ᠪᠣᠬᠢᠷᠳᠤᠯ ᠦᠭᠡᠢ ᠮᠥᠩᠭᠥᠨ ᠭᠦᠢᠯᠭᠡᠭᠡᠨ᠎ᠦ ᠭᠡᠷ᠎ᠡ ᠲᠣᠭᠲᠠᠬᠤ ᠶᠣᠰᠣᠯᠠᠯ ᠣᠷᠳᠣᠰ ᠬᠣᠲᠠ᠎ᠳᠤ ᠶᠠᠪᠤᠭᠳᠠᠵᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠶᠣᠰᠣᠯᠠᠯ᠎ᠳᠤ ᠣᠷᠣᠯᠴᠠᠪᠠ ᠃ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠨᠢ ᠣᠷᠳᠣᠰ ᠬᠣᠲᠠ᠎ᠶᠢᠨ ᠬᠣᠲᠠ᠎ᠶᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠪᠡᠯᠡ ᠲᠣᠬᠢᠷᠠᠭᠤᠯᠭ᠎ᠠ᠎ᠶᠢᠨ ᠵᠢᠭᠡᠯᠡᠯᠭᠡ᠎ᠶᠢᠨ ᠵᠥᠪᠯᠡᠯᠴᠡᠭᠡᠷ ᠲᠣᠭᠲᠠᠵᠤ ᠂ ᠪᠡᠯᠡ ᠲᠣᠬᠢᠷᠠᠭᠤᠯᠭ᠎ᠠ᠎ᠶᠢᠨ ᠵᠣᠭᠣᠰᠤᠨ ᠲᠣᠭ᠎ᠠ ᠨᠢ 5.98 ᠳ᠋ᠦᠩᠰᠢᠭᠤᠷ ᠲᠥᠭᠥᠷᠢᠭ ᠲᠤᠯᠵᠠᠢ ᠃

ᠣᠷᠳᠣᠰ ᠬᠣᠲᠠ᠎ᠶᠢᠨ ᠲᠥᠪ ᠬᠣᠲᠠ᠎ᠶᠢᠨ ᠲᠣᠭᠣᠷᠢᠭ᠋᠎ᠤᠨ ᠠᠮᠢᠳᠤᠷᠠᠯ᠎ᠤᠨ ᠬᠣᠭ ᠨᠣᠪᠰᠢ᠎ᠶᠢ ᠰᠢᠲᠠᠭᠠᠵᠤ ᠴᠠᠬᠢᠯᠭᠠᠨ ᠭᠠᠷᠭᠠᠬᠤ᠎ᠶᠢ ᠶᠡᠷᠦᠩᠬᠡᠢᠯᠡᠨ ᠠᠰᠢᠭ᠍ᠯᠠᠬᠤ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 7.48 ᠳ᠋ᠦᠩᠰᠢᠭᠤᠷ ᠲᠥᠭᠥᠷᠢᠭ ᠪᠠᠢᠵᠤ ᠂ ᠨᠢᠭᠡᠳᠦᠭᠡᠷ ᠬᠤᠭᠤᠴᠠᠭᠠᠨ᠎ᠳᠤ 2 ᠰᠠᠤᠷᠢ 500 ᠲᠣᠨ ᠰᠢᠲᠠᠭᠠᠬᠤ ᠵᠤᠤᠬ᠎ᠠ ᠂ 1 ᠢᠵᠢ 20MW ᠮᠠᠶᠢᠭ᠋᠎ᠤᠨ ᠠᠭᠤᠷ᠎ᠤᠨ ᠲᠦᠷᠪᠢᠨ᠎ᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠎ᠶᠢ ᠲᠣᠬᠢᠷᠠᠭᠤᠯᠵᠤ ᠂ ᠡᠳᠦᠷ᠎ᠲᠦ 1000 ᠲᠣᠨ ᠠᠮᠢᠳᠤᠷᠠᠯ᠎ᠤᠨ ᠬᠣᠭ ᠨᠣᠪᠰᠢ ᠂ 100 ᠲᠣᠨ ᠪᠣᠬᠢᠷ ᠰᠢᠪᠠᠷ᠎ᠢ ᠰᠢᠢᠳᠪᠦᠷᠢᠯᠡᠵᠦ ᠂ ᠬᠣᠭᠣᠯᠠᠨ ᠭᠡᠷ᠎ᠦᠨ ᠬᠣᠭ ᠨᠣᠪᠰᠢ᠎ᠶᠢ 100 ᠲᠣᠨ ᠰᠢᠢᠳᠪᠦᠷᠢᠯᠡᠨ᠎ᠡ ᠃ ᠲᠥᠷᠥᠯ ᠵᠦᠢᠯ ᠪᠠᠢᠭᠤᠯᠤᠭᠳᠠᠭᠰᠠᠨ᠎ᠤ ᠳᠠᠷᠠᠭ᠎ᠠ ᠂ ᠵᠢᠱ᠌ᠢᠯᠲᠡ᠎ᠪᠡᠷ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ᠎ᠶᠢ 1.5 ᠳ᠋ᠦᠩᠰᠢᠭᠤᠷ ᠭᠷᠡᠳᠦ᠋ᠰ᠎ᠲᠦ ᠬᠦᠷᠭᠡᠵᠦ᠂ ᠵᠢᠯ᠎ᠳᠦ 9.45 ᠲᠦᠮᠡᠨ ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠭᠠᠳᠠᠭᠰᠢᠯᠠᠭᠤᠯᠵᠤ᠂ ᠬᠤᠳᠠ᠎ᠶᠢᠨ ᠬᠣᠭ ᠨᠣᠪᠰᠢ᠎ᠶᠢ ᠰᠢᠢᠳᠪᠦᠷᠢᠯᠡᠬᠦ ᠪᠡᠷᠬᠡ ᠰᠡᠳᠦᠪ᠎ᠢ ᠪᠦᠲᠦᠮᠵᠢᠲᠡᠶ᠎ᠪᠡᠷ ᠰᠢᠢᠳᠪᠦᠷᠢᠯᠡᠵᠦ᠂ ᠲᠥᠪ ᠬᠤᠳᠠ᠎ᠶᠢᠨ ᠲᠣᠭᠣᠷᠢᠭ᠋᠎ᠤᠨ 50 ᠺᠢᠯᠣᠮᠧᠲᠷ᠎ᠦᠨ ᠬᠡᠪᠴᠢᠶᠡᠨ ᠳᠣᠲᠣᠷᠠᠬᠢ ᠬᠣᠭ ᠨᠣᠪᠰᠢ᠎ᠶᠢ ᠰᠢᠢᠳᠪᠦᠷᠢᠯᠡᠬᠦ ᠬᠡᠷᠡᠭᠴᠡᠭᠡ᠎ᠶᠢ ᠬᠠᠩᠭᠠᠵᠤ᠂ ᠣᠷᠴᠢᠨ ᠲᠣᠭᠣᠷᠢᠨ᠎ᠤ ᠪᠣᠬᠢᠷᠲᠤᠯ᠎ᠢ ᠪᠠᠭᠠᠰᠬᠠᠨ᠂ ᠠᠮᠢᠳᠤᠷᠠᠯ᠎ᠤᠨ ᠬᠣᠭ ᠨᠣᠪᠰᠢ᠎ᠶᠢ ᠵᠠᠰᠠᠬᠤ᠎ᠶᠢ ᠳᠥᠭᠥᠮᠬᠡᠨ᠎ᠢᠶᠡᠷ ᠪᠤᠯᠠᠵᠤ ᠪᠠᠢᠭᠰᠠᠨ᠎ᠠᠴᠠ ᠨᠢ ᠬᠡᠮᠵᠢᠶ᠎ᠡ᠎ᠶᠢ ᠪᠠᠭᠠᠰᠬᠠᠬᠤ᠂ ᠡᠬᠢ ᠪᠠᠶᠠᠯᠢᠭ᠍ᠵᠢᠭᠤᠯᠬᠤ᠂ ᠬᠣᠣᠷ ᠦᠭᠡᠢ᠍ᠢᠵᠢᠬᠦᠯᠬᠦ ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠠᠵᠤ ᠦᠢᠯᠡᠰ᠎ᠦᠨ ᠠᠵᠤ ᠠᠬᠤᠢ᠎ᠶᠢᠨ ᠦᠷ᠎ᠡ ᠠᠰᠢᠭ᠋ ᠬᠢᠭᠡᠳ ᠨᠡᠢᠭᠡᠮ᠎ᠦᠨ ᠠᠮᠢ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠦᠨ᠎ᠡ᠃

ᠭᠠᠷ᠎ᠤᠨ ᠦᠰᠦᠭ ᠵᠢᠷᠤᠬᠤ ᠶᠣᠰᠣᠯᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠬᠢᠨ ᠠᠮᠢᠳᠤᠷᠠᠯ᠎ᠤᠨ ᠬᠣᠭ ᠨᠣᠪᠰᠢ᠎ᠶᠢ ᠰᠢᠲᠠᠭᠠᠵᠤ ᠴᠠᠬᠢᠯᠭᠠᠨ ᠭᠠᠷᠭᠠᠬᠤ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠂ ᠪᠦᠲᠦᠭᠡᠨ ᠪᠠᠢᠭᠤᠯᠵᠤ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠲᠤᠯᠭᠠᠷᠠᠵᠤ ᠮᠡᠳᠡᠬᠦ ᠣᠷᠴᠢᠨ ᠲᠣᠭᠣᠷᠢᠨ᠎ᠤ ᠠᠰᠠᠭᠤᠳᠠᠯ ᠵᠢᠴᠢ ᠠᠷᠭᠠᠴᠠᠬᠤ ᠪᠣᠳᠣᠯᠭ᠎ᠠ᠂ ᠣᠷᠴᠢᠯ ᠠᠵᠤ ᠠᠬᠤᠢ ᠪᠣᠯᠣᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠡᠷᠭᠡ ᠠᠭᠤᠯᠭ᠎ᠠ᠎ᠶᠢᠨ ᠲᠣᠭᠣᠷᠢᠨ᠎ᠳᠤ ᠲᠦᠷᠦᠯ ᠵᠦᠢᠯ᠎ᠦᠨ ᠨᠢᠭᠡᠴᠢ᠎ᠲᠠᠢ ᠶᠠᠷᠢᠯᠴᠠᠨ ᠰᠣᠯᠢᠯᠴᠠᠪᠠ᠃ ᠳᠠᠷᠠᠭᠠᠴᠢ᠎ᠶᠢᠨ ᠠᠯᠬᠤᠮ᠎ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠬᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ ᠪᠣᠯᠣᠨ ᠪᠣᠬᠢᠷᠲᠤᠯ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ ᠬᠠᠮᠢᠶᠠᠷᠤᠯᠲᠠ᠎ᠶᠢᠨ ᠲᠤᠯᠭᠠᠭᠤᠷᠢᠯᠠᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠵᠠᠬ᠎ᠠ ᠳᠡᠯᠭᠡᠭᠦᠷ᠎ᠦᠨ ᠲᠣᠭᠲᠠᠴᠠ ᠪᠣᠯᠣᠨ ᠮᠥᠩᠭᠥᠨ ᠭᠦᠢᠯᠭᠡᠭᠡᠨ᠎ᠦ ᠪᠠᠭᠠᠵᠢ᠎ᠶᠢ ᠭᠦᠢᠴᠡᠳ ᠠᠰᠢᠭ᠍ᠯᠠᠨ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ᠎ᠳᠤ ᠬᠦᠴᠦ ᠨᠡᠮᠡᠷᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠪᠠᠷ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦ ᠨᠡᠮᠡᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号