ᠶᠡᠷᠦᠩᠬᠡᠢ ᠱᠦᠵᠢ ᠰᠢ᠎ᠵᠢᠨ᠎ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ ᠬᠥᠬᠡᠬᠣᠲᠠ᠎ᠶᠢᠨ ᠬᠤᠳᠠ᠎ᠶᠢᠨ ᠦᠵᠡᠭᠦᠯᠭᠡ᠎ᠶᠢᠨ ᠲᠥᠪ᠎ᠲᠦ ᠬᠦᠷᠴᠦ 《 ᠦᠨᠳᠦᠰᠦᠲᠡᠨ᠎ᠦ ᠠᠭᠤᠰᠤᠯᠴᠠᠯ᠎ᠤᠨ ᠲᠡᠦᠬᠡ᠎ᠶᠢ ᠣᠢᠯᠠᠭᠠᠵᠤ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃
ᠠᠵᠢᠯᠯᠠᠭ᠎ᠠ᠎ᠶᠢᠨ ᠳᠤᠮᠳᠠ ᠂ ᠣᠯᠠᠨ᠎ᠢᠶᠠᠷ᠎ᠢᠶᠠᠨ ᠲᠠᠢᠯᠪᠤᠷᠢᠯᠠᠭ᠍ᠴᠢ᠎ᠶᠢᠨ ᠳᠠᠭᠠᠭᠤᠯᠭ᠎ᠠ᠎ᠪᠠᠷ ᠬᠣᠲᠠ᠎ᠶᠢᠨ ᠦᠵᠡᠭᠦᠯᠭᠡ᠎ᠶᠢᠨ ᠲᠥᠪ᠎ᠦᠨ ᠡᠯ᠎ᠡ ᠦᠵᠡᠭᠦᠯᠭᠡ᠎ᠶᠢᠨ ᠲᠣᠭᠣᠷᠢᠭ᠋᠎ᠢ ᠲᠣᠭᠣᠷᠢᠨ ᠦᠵᠡᠵᠦ ᠂ ᠵᠢᠷᠤᠭ ᠦᠰᠦᠭ᠂ ᠪᠣᠳᠠᠲᠤ ᠶᠠᠭᠤᠮ᠎ᠠ᠂ ᠳᠦᠷᠰᠦ ᠰᠢᠩᠭᠡᠭᠡᠯᠲᠡ᠎ᠶᠢᠨ ᠮᠠᠲᠧᠷᠢᠶᠠᠯ ᠵᠢᠴᠢ ᠤᠯᠠᠨ ᠵᠠᠭᠤᠴᠢᠯᠠᠭᠤᠷ᠎ᠤᠨ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠢᠯᠠᠭᠠᠬᠤ ᠵᠡᠷᠭᠡ᠎ᠪᠡᠷ ᠳᠠᠮᠵᠢᠭᠤᠯᠵᠤ᠂ ᠬᠥᠬᠡᠬᠣᠲᠠ᠎ᠶᠢᠨ ᠬᠤᠲᠠ᠎ᠶᠢᠨ ᠬᠥᠭᠵᠢᠯᠲᠡ᠎ᠶᠢᠨ ᠪᠠᠢᠳᠠᠯ᠎ᠢ ᠭᠦᠨᠵᠡᠭᠡᠢ ᠣᠢᠯᠠᠭᠠᠵᠤ᠂ ᠬᠢᠯᠢ ᠬᠢᠵᠠᠭᠠᠷ᠎ᠤᠨ ᠬᠤᠲᠠ᠎ᠶᠢᠨ ᠨᠠᠮ᠎ᠤᠨ ᠤᠳᠤᠷᠢᠳᠤᠯᠭ᠎ᠠ ᠳᠣᠣᠷ᠎ᠠ ᠣᠯᠣᠭᠰᠠᠨ ᠯᠤᠲᠤ ᠶᠡᠬᠡ ᠬᠥᠭᠵᠢᠯᠲᠡ᠎ᠶᠢᠨ ᠠᠮᠵᠢᠯᠲᠠ᠎ᠶᠢ ᠣᠢᠯᠠᠭᠠᠵᠤ᠂ ᠬᠣᠶᠠᠷ ᠮᠢᠩᠭ᠎ᠠ ᠭᠠᠷᠤᠢ ᠵᠢᠯ᠎ᠦᠨ ᠲᠤᠷᠰᠢᠬᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢ ᠳᠠᠬᠢᠨ ᠡᠷᠭᠢᠴᠡᠭᠦᠯᠪᠡ᠃
ᠲᠤᠰ ᠤᠳᠠᠭ᠎ᠠ᠎ᠶᠢᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠨᠢ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠬᠢᠯᠭᠡ᠎ᠶᠢ ᠤᠯᠠᠮ ᠴᠢᠨᠠᠭᠰᠢᠳᠠ ᠵᠤᠵᠠᠭᠠᠳᠬᠠᠬᠤ᠎ᠶᠢ ᠬᠥᠲᠥᠯᠥᠨ ᠳᠠᠭᠠᠭᠤᠯᠵᠤ᠂ ᠨᠠᠮ᠎ᠤᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ᠎ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠶᠢ ᠠᠵᠢᠯ᠎ᠤᠨ ᠡᠯ᠎ᠡ ᠭᠣᠭᠴᠣᠭ᠎ᠠ᠎ᠳᠤ ᠠᠭᠤᠰᠬᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ ᠤᠯᠠᠨ᠎ᠢᠶᠠᠷ᠎ᠢᠶᠠᠨ ᠢᠯᠡᠳᠬᠡᠵᠡᠭᠡᠪᠡ᠃