ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ᠎ᠦᠨ ᠱᠦᠵᠢ ᠾᠧ ᠰᠢᠶᠣᠣ ᠫᠢᠩ ᠰᠠᠬᠢᠯᠭ᠎ᠠ ᠪᠠᠲᠤ ᠣᠪᠣᠷ ᠰᠤᠷᠲᠠᠯ᠎ᠤᠨ ᠲᠤᠬᠠᠢ ᠨᠠᠮ᠎ᠤᠨ ᠬᠢᠴᠢᠶᠡᠯ ᠵᠢᠭᠠᠪᠠ
ᠨᠡᠶ᠋ᠢᠲᠡᠯᠡᠭᠰᠡᠨ ᠴᠠᠭ᠄ 2025-10-31

ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠤᠯᠴᠠᠬᠤ ᠪᠠᠢᠴᠠᠭᠠᠬᠤ ᠥᠭᠡᠷᠡᠴᠢᠯᠡᠬᠦ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠴᠢᠩᠭ᠎ᠠ ᠪᠣᠳᠠᠲᠠᠢ ᠰᠠᠢᠲᠤᠷ ᠠᠳᠬᠤᠵᠤ᠂ ᠰᠤᠷᠲᠠᠯ᠎ᠤᠨ ᠪᠠᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠠᠢ᠃ ᠰᠤᠷᠤᠯᠴᠠᠯᠭ᠎ᠠ ᠬᠥᠮᠦᠵᠢᠯ᠎ᠦᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 7 ᠰᠠᠷ᠎ᠠ᠎ᠶᠢᠨ 7᠎ᠤ ᠡᠳᠦᠷ᠂ ᠨᠠᠮ᠎ᠤᠨ ᠡᠭᠦᠷ᠎ᠦᠨ ᠱᠦᠵᠢ ᠾᠧ ᠰᠢᠶᠣᠣ ᠫᠢᠩ 《 ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ ᠰᠤᠷᠲᠠᠯ᠎ᠤᠨ ᠪᠠᠢᠭᠤᠯᠤᠯᠲᠠ᠎ᠶᠢᠨ ᠰᠢᠨ᠎ᠡ ᠦᠷ᠎ᠡ ᠪᠦᠲᠦᠮᠵᠢ᠎ᠶᠢ ᠡᠯ᠎ᠡ ᠵᠦᠢᠯ᠎ᠦᠨ ᠠᠵᠢᠯ᠎ᠤᠨ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠶ᠎ᠠ 》 ᠭᠡᠬᠦ ᠰᠡᠳᠦᠪ᠎ᠢᠶᠡᠷ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭᠠᠪᠠ᠃

ᠾᠧ ᠰᠢᠶᠣᠣ ᠫᠢᠩ 《 ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ 》᠂《 ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ᠎ᠶᠢ ᠰᠠᠢᠲᠤᠷ ᠰᠤᠷᠤᠯᠴᠠᠨ ᠰᠠᠢᠲᠤᠷ ᠬᠡᠷᠡᠭᠯᠡᠬᠦ 》᠂《 ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠵᠥᠷᠢᠴᠡᠬᠦ ᠬᠣᠣᠷ ᠬᠥᠨᠥᠭᠡᠯ᠎ᠢ ᠰᠡᠷᠭᠡᠭ᠎ᠢᠶᠡᠷ ᠲᠠᠨᠢᠬᠤ 》᠂《 ᠭᠣᠣᠯ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠬᠥᠭᠵᠢᠭᠦᠯᠬᠦ᠎ᠶᠢ ᠲᠦᠯᠬᠢᠨ ᠠᠬᠢᠭᠤᠯᠬᠤ 》 ᠳᠥᠷᠪᠡᠨ ᠲᠠᠯ᠎ᠠ ᠎ᠪᠠᠷ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠵᠠᠷᠯᠠᠨ ᠮᠡᠳᠡᠭᠳᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ ᠂ ᠨᠠᠮ᠎ᠤᠨ ᠭᠡᠰᠢᠭᠦᠨ ᠺᠠᠳ᠋ᠷᠴᠤᠳ᠎ᠲᠤ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠭᠤᠯᠵᠤ ᠂ ᠬᠡᠷᠡᠭ᠎ᠢᠶᠡᠷ ᠲᠣᠯᠢ ᠪᠣᠯᠭᠠᠨ ᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭᠰᠢᠯᠡᠭᠦᠯᠵᠦ ᠂ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠭ᠎ᠠ ᠰᠠᠬᠢᠬᠤ ᠬᠡᠷᠡᠭᠲᠡᠢ ᠭᠡᠵᠦ ᠬᠥᠮᠥᠵᠢᠭᠦᠯᠦᠨ ᠵᠢᠯᠣᠭᠣᠳᠴᠠᠢ᠃

ᠾᠧ ᠰᠢᠶᠣᠣ ᠫᠢᠩ᠂ ᠪᠦᠬᠦ ᠨᠠᠮ᠎ᠤᠨ ᠭᠡᠰᠢᠭᠦᠨ ᠺᠠᠳ᠋ᠷ ᠨᠠᠮ᠎ᠤᠨ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠬᠦ ᠬᠡᠷᠡᠭᠲᠡᠢ᠂ ᠨᠢᠭᠡ᠎ᠳᠦ᠂ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢ ᠤᠷᠳᠤ ᠬᠤᠭᠤᠴᠠᠭ᠎ᠠ᠎ᠪᠠᠷ ᠰᠤᠷᠤᠯᠴᠠᠵᠦ᠂ ᠪᠢᠰᠢᠷᠡᠨ ᠵᠢᠷᠦᠬᠡᠰᠢᠶᠡᠵᠦ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ ᠬᠡᠷᠡᠭᠲᠡᠢ; ᠬᠣᠶᠠᠷ᠎ᠲᠤ᠂ ᠪᠡᠶ᠎ᠡ᠎ᠪᠡᠨ ᠳᠠᠭᠠᠭᠠᠵᠤ ᠪᠠᠭ᠎ᠠ ᠶᠠᠪᠤᠳᠠᠯ᠎ᠳᠤ ᠬᠢᠴᠢᠶᠡᠵᠦ᠂ ᠠᠩᠬᠠᠨ᠎ᠤ ᠶᠠᠪᠤᠳᠠᠯ᠎ᠳᠤ ᠬᠢᠴᠢᠶᠡᠵᠦ᠂ ᠪᠡᠶ᠎ᠡ᠎ᠪᠡᠨ ᠴᠢᠩᠭ᠎ᠠ ᠱᠠᠭᠠᠷᠳᠠᠵᠤ᠂ ᠡᠷᠡᠭᠦᠯ ᠰᠠᠷᠠᠭᠤᠯ ᠳᠤᠷ᠎ᠠ ᠰᠣᠨᠢᠷᠬᠠᠯ᠎ᠢ ᠬᠥᠮᠥᠵᠢᠭᠦᠯᠵᠦ᠂ ᠡᠭᠡᠯ ᠪᠣᠷᠣᠭᠵᠢᠭᠤᠨ ᠠᠮᠢᠳᠤᠷᠠᠯ᠎ᠢ ᠡᠷᠬᠢᠮᠯᠡᠵᠦ᠂ ᠲᠣᠭᠲᠠᠭᠠᠯ᠎ᠠᠴᠠ ᠵᠥᠷᠢᠴᠡᠨ ᠢᠳᠡᠵᠦ ᠤᠤᠭᠤᠬᠤ ᠦᠵᠡᠭᠳᠡᠯ᠎ᠢ ᠡᠷᠡᠰ ᠬᠣᠷᠢᠭ᠍ᠯᠠᠬᠤ ᠬᠡᠷᠡᠭᠲᠡᠢ; ᠭᠤᠷᠪᠠ᠎ᠳᠤ᠂ ᠴᠠᠭᠠᠷᠠᠭᠰᠠᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠨ ᠡᠭᠦᠷᠭᠡᠯᠡᠨ ᠠᠵᠢᠯᠯᠠᠵᠤ᠂ ᠵᠣᠬᠢᠶᠠᠨ ᠪᠠᠢᠭᠤᠯᠤᠯᠲᠠ ᠪᠠ ᠤᠯᠠᠨ ᠲᠦᠮᠡᠨ᠎ᠦ ᠬᠢᠨᠠᠯᠲᠠ᠎ᠶᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ ᠭᠡᠵᠦ ᠴᠢᠬᠤᠯᠠᠴᠢᠯᠠᠪᠠ᠃
ᠲᠣᠰ ᠤᠳᠠᠭᠠᠨ᠎ᠤ ᠲᠤᠰᠬᠠᠢ ᠰᠡᠳᠦᠪᠲᠦ ᠨᠠᠮ᠎ᠤᠨ ᠬᠢᠴᠢᠶᠡᠯ ᠨᠢ ᠪᠥᠬᠥ ᠨᠠᠮ᠎ᠤᠨ ᠭᠡᠰᠢᠭᠦᠨ ᠺᠠᠳ᠋ᠷᠴᠤᠳ᠎ᠲᠤ ᠭᠦᠨ ᠬᠥᠮᠦᠵᠢᠯ ᠬᠦᠷᠲᠡᠭᠡᠵᠡᠢ ᠂ ᠣᠯᠠᠨ᠎ᠢᠶᠠᠷ᠎ᠢᠶᠠᠨ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠰᠡᠳᠬᠢᠯ ᠵᠢᠷᠦᠬᠡᠨ᠎ᠳᠡᠭᠡᠨ ᠰᠢᠩᠭᠡᠭᠡᠵᠦ ᠂ ᠦᠶ᠋ᠯᠡ ᠠᠵᠢᠯᠯᠠᠭ᠎ᠠ᠎ᠳᠠᠭᠠᠨ ᠰᠢᠩᠭᠡᠭᠡᠵᠦ ᠂ ᠰᠢᠯᠢᠳᠡᠭ ᠰᠠᠢᠨ ᠰᠤᠷᠲᠠᠯ᠎ᠢᠶᠠᠷ ᠲᠥᠪ᠎ᠦᠨ ᠡᠯ᠎ᠡ ᠵᠦᠢᠯ᠎ᠦᠨ ᠠᠵᠢᠯ᠎ᠤᠨ ᠴᠢᠨᠠᠷ ᠰᠠᠢᠲᠠᠢ ᠥᠷᠨᠢᠬᠦ᠎ᠶᠢ ᠪᠠᠲᠤᠯᠠᠨ᠎ᠠ ᠭᠡᠵᠦ ᠰᠠᠨᠠᠯ ᠨᠢᠭᠡᠲᠡᠢ ᠢᠯᠡᠷᠬᠡᠢᠯᠡᠪᠡ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号