ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠡᠯ᠎ᠡ ᠠᠢᠮᠠᠭ ᠬᠣᠲᠠ᠎ᠶᠢ ᠵᠣᠬᠢᠶᠠᠨ ᠪᠠᠢᠭᠤᠯᠵᠤ 2025 ᠣᠨ᠎ᠤ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠬᠠᠮᠢᠶᠠᠷᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠴᠢᠬᠤᠯᠠ ᠶᠡᠬᠡ ᠢᠨᠵᠧᠨᠧᠷᠢᠩ᠎ᠢ ᠲᠦᠯᠬᠢᠨ ᠠᠬᠢᠭᠤᠯᠬᠤ ᠠᠵᠢᠯ᠎ᠤᠨ ᠪᠣᠯᠪᠠᠰᠤᠷᠠᠯ᠎ᠳᠤ ᠣᠷᠣᠯᠴᠠᠭᠤᠯᠪᠠ
ᠨᠡᠶ᠋ᠢᠲᠡᠯᠡᠭᠰᠡᠨ ᠴᠠᠭ᠄ 2025-04-16

       2025 ᠣᠨ᠎ᠤ ᠭᠣᠣᠯ ᠪᠣᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠦᠨ ᠲᠠᠭᠯᠠᠨ ᠮᠡᠳᠡᠭᠦᠯᠬᠦ ᠪᠠ ᠭᠠᠳᠠᠭᠰᠢᠯᠠᠭᠤᠯᠤᠯᠲᠠ᠎ᠶᠢ ᠪᠠᠭᠠᠰᠬᠠᠬᠤ ᠬᠡᠮᠵᠢᠶ᠎ᠡ᠎ᠶᠢᠨ ᠲᠣᠭᠠᠴᠠᠭ᠎ᠠ ᠬᠢᠬᠦ ᠠᠵᠢᠯ᠎ᠢ ᠰᠠᠢᠲᠤᠷ ᠬᠢᠬᠦ᠎ᠶᠢᠨ ᠲᠥᠯᠥᠭᠡ ᠂ 4 ᠰᠠᠷ᠎ᠠ᠎ᠶᠢᠨ 15᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠶᠡᠷᠦᠩᠬᠡᠢᠯᠡᠭᠰᠡᠨ ᠵᠤᠷᠭᠠᠨ᠎ᠠᠴᠠ ᠭᠣᠣᠯᠯᠠᠨ ᠡᠷᠭᠢᠯᠡᠵᠦ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠬᠦᠷᠢᠶᠡᠯᠡᠩ᠎ᠡᠴᠡ ᠳᠠᠭᠠᠭᠠᠨ ᠡᠷᠭᠢᠯᠡᠭᠰᠡᠨ 2025 ᠣᠨ᠎ᠤ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ᠎ᠶᠢ ᠪᠠᠭᠠᠰᠬᠠᠬᠤ ᠬᠠᠮᠢᠶᠠᠷᠤᠯᠲᠠ᠎ᠶᠢᠨ ᠪᠣᠯᠪᠠᠰᠤᠷᠠᠯ᠎ᠤᠨ ᠠᠩᠭᠢ ᠲᠠᠢᠶᠤᠸᠠᠨ᠎ᠳᠤ ᠶᠠᠪᠤᠭᠳᠠᠪᠠ ᠂ ᠮᠠᠨ᠎ᠤ ᠲᠥᠪ᠎ᠦᠨ ᠬᠠᠮᠢᠶ᠎ᠠ ᠪᠦᠬᠦᠢ ᠠᠵᠢᠯᠲᠠᠨ ᠲᠤᠬᠠᠢ᠎ᠶᠢᠨ ᠲᠠᠯᠠᠪᠤᠷ᠎ᠲᠤ ᠬᠦᠷᠴᠦ ᠪᠣᠯᠪᠠᠰᠤᠷᠠᠯ᠎ᠳᠤ ᠣᠷᠣᠯᠴᠠᠭᠰᠠᠨ ᠪᠥᠭᠡᠳ ᠲᠢᠩᠬᠢᠮ᠎ᠦᠨ ᠬᠠᠮᠢᠶ᠎ᠠ ᠪᠦᠬᠦᠢ ᠭᠠᠵᠠᠷ ᠭᠡᠷ ᠵᠢᠴᠢ ᠠᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ 150 ᠭᠠᠷᠤᠢ ᠠᠵᠢᠯᠲᠠᠨ᠎ᠢ ᠵᠣᠬᠢᠶᠠᠨ ᠪᠠᠢᠭᠤᠯᠵᠤ ᠰᠦᠯᠵᠢᠶᠡᠨ ᠳᠡᠭᠡᠷ᠎ᠡ ᠪᠣᠯᠪᠠᠰᠤᠷᠠᠯ᠎ᠳᠤ ᠣᠷᠣᠯᠴᠠᠭᠤᠯᠵᠠᠢ᠃
       ᠲᠤᠰ ᠤᠳᠠᠭᠠᠨ᠎ᠤ ᠪᠣᠯᠪᠠᠰᠤᠷᠠᠯ ᠨᠢ ᠮᠠᠨ᠎ᠤ ᠣᠷᠣᠨ᠎ᠤ ᠬᠠᠮᠢᠶ᠎ᠠ ᠪᠦᠬᠦᠢ ᠠᠵᠢᠯᠲᠠᠳ᠎ᠲᠤ 2025 ᠣᠨ ᠵᠢᠴᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠪᠣᠬᠢᠷᠲᠤᠯ ᠭᠠᠳᠠᠭᠰᠢᠯᠠᠭᠤᠯᠬᠤ᠎ᠶᠢ ᠪᠠᠭᠠᠰᠬᠠᠬᠤ ᠪᠠᠢᠳᠠᠯ ᠪᠣᠯᠣᠨ ᠭᠣᠣᠯᠳᠠᠯᠭ᠎ᠠ᠎ᠲᠠᠢ ᠢᠨᠵᠧᠨᠧᠷᠢᠩ᠎ᠦᠨ ᠪᠣᠬᠢᠷᠲᠤᠯ ᠭᠠᠳᠠᠭᠰᠢᠯᠠᠭᠤᠯᠬᠤ᠎ᠶᠢ ᠪᠠᠭᠠᠰᠬᠠᠬᠤ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠭᠦᠨᠵᠡᠭᠡᠢ ᠣᠢᠯᠠᠭᠠᠭᠤᠯᠵᠠᠢ᠃ ᠡᠯ᠎ᠡ ᠠᠢᠮᠠᠭ ᠬᠣᠲᠠ᠎ᠶᠢᠨ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠎ᠶᠢ ᠪᠠᠭᠠᠰᠬᠠᠬᠤ ᠢᠨᠵᠧᠨᠧᠷᠢᠩ᠎ᠢ ᠲᠠᠭᠯᠠᠨ ᠮᠡᠳᠡᠭᠦᠯᠬᠦ ᠪᠠ ᠲᠣᠭᠠᠴᠠᠭ᠎ᠠ ᠬᠢᠬᠦ ᠠᠵᠢᠯ᠎ᠢ ᠤᠷᠤᠭᠰᠢᠲᠠᠢ ᠥᠷᠨᠢᠭᠦᠯᠬᠦ᠎ᠳᠦ ᠰᠠᠭᠤᠷᠢ ᠲᠠᠯᠪᠢᠵᠤ ᠂ ᠲᠤᠬᠠᠢ᠎ᠶᠢᠨ ᠲᠠᠯᠠᠪᠠᠶ᠎ᠳᠤ ᠤᠯᠤᠰ᠎ᠤᠨ ᠶᠡᠷᠦᠩᠬᠡᠢ ᠬᠡᠮᠵᠢᠶ᠎ᠡ᠎ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠬᠠᠮᠢᠶᠠᠷᠤᠯᠲᠠ᠎ᠶᠢᠨ ᠲᠤᠰᠬᠠᠢ ᠮᠡᠷᠭᠡᠵᠢᠯᠲᠡᠨ ᠂ ᠪᠤᠰᠤᠳ ᠮᠤᠵᠢ ᠬᠣᠲᠠ᠎ᠶᠢᠨ ᠠᠵᠢᠯᠲᠠᠳ᠎ᠲᠠᠢ ᠨᠡᠪᠲᠡᠷᠡᠯᠴᠡᠨ ᠰᠣᠯᠢᠯᠴᠠᠵᠤ ᠂ 2025 ᠣᠨ᠎ᠤ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠢᠨᠵᠧᠨᠧᠷᠢᠩ᠎ᠦᠨ ᠬᠢᠨᠠᠨ ᠬᠠᠷᠭᠤᠭᠤᠯᠬᠤ ᠠᠬᠢᠴᠠ᠎ᠶᠢᠨ ᠲᠣᠬᠢᠷᠠᠭᠤᠯᠤᠯᠲᠠ ᠂ ᠶᠡᠷᠦᠩᠬᠡᠢ ᠬᠡᠮᠵᠢᠶ᠎ᠡ᠎ᠶᠢᠨ ᠬᠠᠮᠢᠶᠠᠷᠤᠯᠲᠠ᠎ᠶᠢᠨ ᠡᠬᠡ ᠳᠠᠩᠰᠠ᠎ᠶᠢ ᠲᠠᠭᠯᠠᠨ ᠮᠡᠳᠡᠭᠦᠯᠬᠦ ᠶᠠᠰᠤ ᠴᠢᠨᠠᠷ ᠵᠡᠷᠭᠡ ᠲᠠᠯ᠎ᠠ᠎ᠶᠢᠨ ᠪᠣᠳᠠᠲᠠᠢ ᠱᠠᠭᠠᠷᠳᠠᠯᠭ᠎ᠠ᠎ᠶᠢ ᠲᠣᠳᠣᠷᠬᠠᠢᠯᠠᠵᠤ ᠂ ᠮᠠᠨ᠎ᠤ ᠣᠷᠣᠨ᠎ᠤ ᠣᠳᠣᠬᠢ ᠱᠠᠲᠤᠨ᠎ᠤ ᠶᠡᠷᠦᠩᠬᠡᠢ ᠬᠡᠮᠵᠢᠶ᠎ᠡ᠎ᠶᠢ ᠪᠠᠭᠠᠰᠬᠠᠬᠤ ᠠᠵᠢᠯ᠎ᠤᠨ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠤᠯᠠᠮ ᠨᠢᠭᠡ ᠠᠯᠬᠤᠮ ᠰᠢᠢᠳᠪᠦᠷᠢᠯᠡᠵᠦ ᠂ ᠪᠥᠬᠥ ᠣᠷᠣᠨ᠎ᠤ 《 15 · 5 》᠎ᠶᠢᠨ ᠲᠥᠯᠦᠪᠵᠢᠭᠦᠯᠭᠡ᠎ᠶᠢᠨ ᠭᠣᠣᠯ ᠪᠣᠯᠬᠤ ᠪᠣᠬᠢᠷ ᠪᠣᠳᠠᠰ᠎ᠤᠨ ᠶᠡᠷᠦᠩᠬᠡᠢ ᠬᠡᠮᠵᠢᠶ᠎ᠡ᠎ᠶᠢ ᠪᠠᠭᠠᠰᠬᠠᠬᠤ ᠬᠠᠮᠢᠶᠠᠷᠤᠯᠲᠠ᠎ᠶᠢᠨ ᠠᠵᠢᠯ᠎ᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠶᠡᠷᠦᠩᠬᠡᠢ ᠬᠡᠮᠵᠢᠶ᠎ᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠬᠤ᠎ᠳᠤ ᠰᠢᠨ᠎ᠡ ᠰᠡᠳᠬᠢᠴᠡ ᠪᠠ ᠰᠢᠨ᠎ᠡ ᠠᠷᠭ᠎ᠠ ᠬᠠᠩᠭᠠᠭᠰᠠᠨ ᠪᠠᠢᠨ᠎ᠠ᠃
       ᠲᠠᠷᠠᠭᠠᠴᠢ᠎ᠶᠢᠨ ᠠᠯᠬᠤᠮ᠎ᠳᠤ ᠂ ᠮᠠᠨ᠎ᠤ ᠲᠥᠪ 2025 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠢᠨᠵᠧᠨᠧᠷᠢᠩ ᠪᠠ ᠶᠡᠷᠦᠩᠬᠡᠢ ᠬᠡᠮᠵᠢᠶ᠎ᠡ᠎ᠶᠢᠨ ᠬᠠᠮᠢᠶᠠᠷᠤᠯᠲᠠ᠎ᠶᠢᠨ ᠡᠬᠡ ᠲᠠᠩᠰᠠ᠎ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠢ ᠰᠠᠢᠲᠤᠷ ᠬᠢᠬᠦ᠎ᠶᠢᠨ ᠬᠠᠮᠲᠤ ᠶᠡᠷᠦᠩᠬᠡᠢ ᠬᠡᠮᠵᠢᠶ᠎ᠡ᠎ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠡᠳᠦᠷ ᠲᠤᠲᠤᠮ᠎ᠤᠨ ᠬᠠᠮᠢᠶᠠᠷᠤᠯᠲᠠ᠎ᠶᠢᠨ ᠮᠡᠷᠭᠡᠵᠢᠯ᠎ᠦᠨ ᠳᠡᠮᠵᠢᠯᠭᠡ᠎ᠶᠢᠨ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号