ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-31

      3 ᠳ᠋ᠤᠭᠠᠷ ᠰᠠᠷ᠎ᠠ᠎ᠶᠢᠨ 28᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ ᠃ ᠲᠥᠪ᠎ᠦᠨ ᠨᠠᠮ᠎ᠤᠨ ᠡᠭᠦᠷ᠎ᠦᠨ ᠰᠠᠬᠢᠯᠭ᠎ᠠ ᠪᠠᠲᠤ ᠪᠠᠢᠴᠠᠭᠠᠬᠤ ᠪᠥᠭᠡᠳ ᠤᠬᠠᠭᠤᠯᠬᠤ ᠭᠡᠰᠢᠭᠦᠨ᠂ ᠲᠥᠪ᠎ᠦᠨ ᠳᠡᠳ᠋ ᠡᠷᠬᠢᠯᠡᠭᠴᠢ ᠦ᠋ ᠸᠧᠨ ᠬᠤᠸᠠ ᠬᠤᠷᠠᠯ᠎ᠢ ᠡᠷᠬᠢᠯᠡᠵᠦ᠂ ᠪᠦᠬᠦ ᠨᠠᠮ᠎ᠤᠨ ᠭᠡᠰᠢᠭᠦᠨ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠪᠦᠬᠦ ᠨᠠᠮ᠎ᠤᠨ ᠭᠡᠰᠢᠭᠦᠳ 《 ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠢ᠎ᠶᠢᠨ ᠫᠢᠩ᠎ᠤᠨ ᠥᠭᠦᠯᠡᠯᠲᠡ᠎ᠶᠢᠨ ᠲᠡᠭᠦᠪᠦᠷᠢ 》᠎ᠶᠢᠨ ᠬᠡᠰᠡᠭ ᠠᠭᠤᠯᠭ᠎ᠠ ᠪᠣᠯᠣᠨ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠲᠥᠪᠯᠡᠷᠡᠩᠭᠦᠢ ᠰᠤᠷᠤᠯᠴᠠᠭᠰᠠᠨ ᠪᠥᠭᠡᠳ ᠲᠤᠬᠠᠢᠯᠠᠭᠰᠠᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠤᠯᠠᠨ᠎ᠢᠶᠠᠷ᠎ᠢᠶᠠᠨ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠭᠠᠷᠭᠠᠭᠰᠠᠨ ᠴᠢᠬᠤᠯᠠ ᠶᠡᠬᠡ ᠪᠠᠢᠷᠢᠯᠠᠭᠤᠯᠤᠯᠲᠠ ᠪᠣᠯᠣᠨ᠎ᠠ᠂ ᠭᠣᠣᠯ ᠰᠡᠳᠦᠪᠲᠦ ᠬᠥᠮᠦᠵᠢᠯ ᠪᠣᠯᠣᠨ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠬᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ᠎ᠦ ᠬᠠᠷᠢᠴᠠᠭ᠎ᠠ᠎ᠶᠢ ᠨᠢᠭ᠍ᠲᠠᠷᠠᠭᠤᠯᠬᠤ᠂ ᠨᠠᠮ᠎ᠤᠨ ᠲᠦᠷᠦ ᠪᠠᠷᠢᠬᠤ ᠰᠠᠭᠤᠷᠢ᠎ᠶᠢ ᠪᠡᠬᠢᠵᠢᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠪᠦᠬᠦ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ᠎ᠦᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠲᠡᠷᠡ ᠬᠡᠪ᠎ᠢᠶᠡᠷ ᠨᠢ ᠰᠤᠷᠤᠯᠴᠠᠬᠤ᠂ ᠪᠠᠷᠢᠮᠵᠢᠶ᠎ᠠ᠎ᠲᠠᠢ ᠨᠢ ᠬᠠᠷᠭᠤᠭᠤᠯᠵᠤ ᠬᠦᠰᠦᠨᠦᠭᠲᠦ᠎ᠲᠠᠢ ᠨᠢ ᠬᠠᠷᠭᠤᠭᠤᠯᠵᠤ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠂ ᠶᠡᠷᠦᠩᠬᠡᠢ ᠬᠡᠮᠵᠢᠶ᠎ᠡ᠎ᠶᠢ ᠪᠠᠭᠠᠰᠬᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢ ᠠᠷᠠᠯᠵᠢᠶᠠᠯᠠᠬᠤ ᠵᠡᠷᠭᠡ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠰᠤᠷᠤᠯᠴᠠᠬᠤ᠎ᠶᠢᠨ ᠳᠠᠭᠠᠤ ᠪᠠᠢᠴᠠᠭᠠᠵᠤ ᠰᠠᠢᠵᠢᠷᠠᠭᠤᠯᠤᠨ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠂ ᠴᠣᠮᠬᠠᠳᠬᠠᠵᠤ ᠥᠨᠳᠥᠷ ᠦᠷ᠎ᠡ ᠠᠰᠢᠭ᠋᠎ᠲᠠᠢ ᠪᠣᠯᠭᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠠᠢᠨ ᠰᠠᠢᠬᠠᠨ ᠠᠵᠢᠯ᠎ᠤᠨ ᠰᠤᠷᠲᠠᠯ᠎ᠢ ᠤᠯᠠᠮ ᠴᠢᠨᠠᠭᠰᠢᠳᠠ ᠪᠤᠢ ᠪᠣᠯᠭᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号