ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠥᠪᠥᠷ ᠮᠣᠩᠭᠣᠯ ︱ ᠾᠧᠪᠧᠢ ᠮᠤᠵᠢ᠎ᠶᠢᠨ ᠮᠤᠵᠢ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-04-10

        ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠂ ᠣᠷᠣᠨ ᠪᠦᠰᠡ᠎ᠶᠢᠨ ᠠᠮᠢ ᠠᠬᠤᠢ ᠣᠷᠴᠢᠨ ᠲᠣᠭᠣᠷᠢᠨ᠎ᠢ ᠵᠣᠬᠢᠴᠠᠭᠤᠯᠤᠨ ᠵᠠᠰᠠᠬᠤ ᠪᠠ ᠠᠵᠤ ᠠᠬᠤᠢ᠎ᠶᠢᠨ ᠪᠣᠬᠢᠷᠲᠤᠯ ᠦᠭᠡᠢ ᠬᠡᠯᠪᠡᠷᠢ᠎ᠶᠢᠨ ᠬᠤᠪᠢᠷᠠᠭᠤᠯᠤᠯᠲᠠ᠎ᠶᠢ ᠠᠬᠢᠭᠤᠯᠬᠤ᠎ᠶᠢᠨ ᠲᠥᠯᠥᠭᠡ ᠂ 4 ᠰᠠᠷ᠎ᠠ᠎ᠶᠢᠨ 9᠎ᠦ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠾᠧᠪᠧᠢ ᠮᠤᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠲᠠᠢ ᠬᠠᠮᠲᠤᠷᠠᠨ ᠾᠧᠪᠧᠢ ᠮᠤᠵᠢ᠎ᠶᠢᠨ ᠴᠢᠭᠤᠯᠤᠯᠲᠤ ᠬᠠᠭᠠᠯᠭ᠎ᠠ ᠬᠣᠲᠠ᠎ᠳᠤ ᠥᠪᠥᠷ ᠮᠣᠩᠭᠣᠯ – ᠾᠧᠪᠧᠢ ᠮᠤᠵᠢ᠎ᠶᠢᠨ ᠮᠤᠵᠢ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠰᠤᠳᠤᠯᠤᠨ ᠶᠠᠷᠢᠯᠴᠠᠬᠤ ᠬᠤᠷᠠᠯ ᠬᠢᠵᠦ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠪᠣᠯᠣᠨ ᠾᠧᠪᠧᠢ ᠮᠤᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠭᠠᠵᠠᠷ᠂ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠦᠢᠯᠡᠴᠢᠯᠡᠭᠡᠨ᠎ᠦ ᠲᠥᠪ ᠵᠢᠴᠢ ᠤᠯᠠᠭᠠᠨᠴᠠᠪ᠂ ᠤᠯᠠᠭᠠᠨᠬᠠᠳᠠ᠂ ᠴᠢᠭᠤᠯᠤᠯᠲᠤ ᠬᠠᠭᠠᠯᠭ᠎ᠠ᠂ ᠴᠧᠩᠳᠧ᠂ ᠬᠠᠨᠳᠠᠨ ᠵᠡᠷᠭᠡ ᠲᠤᠰᠬᠠᠢ ᠣᠷᠣᠨ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠪᠣᠯᠣᠨ ᠬᠣᠯᠪᠣᠭᠳᠠᠯ ᠪᠦᠬᠦᠢ ᠲᠤᠬᠠᠢᠯᠠᠭᠰᠠᠨ ᠠᠵᠢᠯ᠎ᠤᠨ ᠠᠵᠢᠯᠲᠠᠳ ᠬᠤᠷᠠᠯ᠎ᠳᠤ ᠣᠷᠣᠯᠴᠠᠪᠠ᠃
        ᠬᠤᠷᠠᠯ᠎ᠳᠤ ᠣᠷᠣᠯᠴᠠᠭᠰᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ᠎ᠶᠢᠨ ᠥᠭᠡᠷᠡᠴᠢᠯᠡᠯᠲᠡ᠎ᠶᠢᠨ ᠠᠬᠢᠴᠠ᠎ᠶᠢᠨ ᠪᠠᠢᠳᠠᠯ ᠂ ᠲᠤᠷᠰᠢᠯᠭ᠎ᠠ ᠠᠷᠭ᠎ᠠ ᠬᠢᠳᠡᠯ᠎ᠢᠶᠡᠨ ᠰᠣᠯᠢᠯᠴᠠᠵᠤ ᠂ ᠮᠤᠵᠢ ᠣᠷᠣᠨ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ᠎ᠶᠢ ᠰᠦᠪᠡᠭᠴᠢᠯᠡᠨ ᠥᠷᠨᠢᠭᠦᠯᠬᠦ ᠵᠡᠷᠭᠡ᠎ᠶᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ ᠃ ᠵᠧᠵᠢᠶᠠᠩ ᠮᠤᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠲᠤᠰᠬᠠᠢ ᠮᠡᠷᠭᠡᠵᠢᠯᠲᠡᠨ᠎ᠡᠴᠡ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠲᠤᠷᠰᠢᠯᠭ᠎ᠠ ᠬᠢᠳᠡᠯ᠎ᠢ ᠲᠠᠨᠢᠯᠴᠠᠭᠤᠯᠵᠠᠢ᠃
        ᠬᠣᠶᠠᠷ ᠲᠠᠯ᠎ᠠ᠎ᠪᠠᠷ᠎ᠢᠶᠠᠨ ᠣᠷᠣᠨ ᠪᠦᠰᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠵᠣᠯᠭᠠᠭᠤᠯᠤᠨ ᠵᠣᠬᠢᠴᠠᠭᠤᠯᠬᠤ᠎ᠶᠢ ᠴᠢᠩᠭᠠᠳᠬᠠᠵᠤ᠂ ᠮᠤᠵᠢ ᠣᠷᠣᠨ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ᠎ᠶᠢ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠬᠢᠭᠤᠯᠵᠤ᠂ ᠤᠯᠤᠰ᠎ᠤᠨ ᠲᠡᠰ ᠳᠠᠪᠬᠤᠷᠭ᠎ᠠ᠎ᠠᠴᠠ ᠮᠤᠵᠢ᠎ᠶᠢᠨ ᠱᠠᠲᠤ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ᠎ᠶᠢ ᠥᠷᠨᠢᠭᠦᠯᠬᠦ᠎ᠳᠦ ᠦᠢᠯᠡᠳᠦᠯᠭᠡ᠎ᠶᠢᠨ ᠲᠤᠷᠰᠢᠯᠭ᠎ᠠ ᠬᠤᠷᠠᠮᠳᠤᠭᠤᠯᠵᠤ᠂ ᠪᠦᠬᠦ ᠤᠯᠤᠰ᠎ᠤᠨ ᠨᠢᠭᠡᠳᠦᠯᠲᠡᠢ ᠡᠬᠢ ᠪᠠᠶᠠᠯᠢᠭ᠋ ᠣᠷᠴᠢᠨ ᠲᠣᠭᠣᠷᠢᠨ᠎ᠤ ᠵᠠᠬ᠎ᠠ ᠳᠡᠯᠭᠡᠭᠦᠷ᠎ᠢ ᠪᠣᠢᠵᠢᠭᠤᠯᠬᠤ᠎ᠳᠤ ᠬᠦᠴᠦ ᠨᠡᠮᠡᠷᠢᠯᠡᠵᠦ᠂ ᠡᠬᠢ ᠪᠠᠶᠠᠯᠢᠭ᠋ ᠣᠷᠴᠢᠨ ᠲᠣᠭᠣᠷᠢᠨ᠎ᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠴᠢᠨᠠᠷ ᠰᠠᠢᠲᠠᠢ ᠬᠥᠭᠵᠢᠭᠦᠯᠬᠦ᠎ᠶᠢ ᠠᠬᠢᠭᠤᠯᠤᠨ᠎ᠠ ᠭᠡᠵᠦ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号