ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠬᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠬᠠᠬᠤ᠂ ᠰᠢᠯᠢᠳᠡᠭ ᠰᠤᠷᠲᠠᠯ᠎ᠢᠶᠠᠨ ᠪᠠᠳᠠᠷᠠᠭᠤᠯᠬᠤ᠎ᠶᠢ ᠬᠥᠲᠥᠯᠥᠨ ᠵᠢᠯᠤᠭᠣᠳᠬᠤ᠎ᠶᠢᠨ ᠲᠥᠯᠥᠭᠡ᠂ 4 ᠰᠠᠷ᠎ᠠ᠎ᠶᠢᠨ 25᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠠᠷᠢᠶ᠎ᠠ ᠬᠡᠰᠡᠭ ᠺᠣᠮᠫᠠᠨᠢ᠎ᠶᠢᠨ ᠨᠠᠮ᠎ᠤᠨ ᠡᠭᠦᠷ ᠲᠠᠢ ᠬᠠᠮᠲᠤᠷᠠᠨ ᠳ᠋ᠦᠸᠸ᠋ ᠰᠦᠩ ᠨᠢᠶᠠᠨ᠎ᠤ ᠳᠤᠷᠠᠰᠬᠠᠯ᠎ᠤᠨ ᠣᠷᠳᠣᠨ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃
ᠠᠵᠢᠯᠲᠠᠨ᠎ᠤ ᠳᠠᠭᠠᠭᠤᠯᠭ᠎ᠠ ᠳᠣᠣᠷ᠎ᠠ ᠂ ᠪᠦᠬᠦ ᠨᠠᠮ᠎ᠤᠨ ᠭᠡᠰᠢᠭᠦᠨ ᠳ᠋ᠥᠸᠧ ᠰᠥᠩ ᠨᠢᠶᠠᠨ᠎ᠤ ᠦᠷᠡᠭᠳᠡᠭᠰᠡᠨ ᠪᠠᠭᠠᠲᠤᠷᠴᠤᠳ᠎ᠤᠨ ᠬᠠᠭᠤᠴᠢᠨ ᠰᠠᠭᠤᠴᠠ ᠪᠣᠯᠣᠨ ᠨᠢᠭᠡ ᠨᠠᠰᠤᠨ᠎ᠤ ᠦᠵᠡᠭᠦᠯᠭᠡ᠎ᠶᠢᠨ ᠲᠠᠩᠬᠢᠮ᠎ᠢ ᠲᠣᠭᠣᠷᠢᠨ ᠦᠵᠡᠵᠦ ᠂ ᠦᠷᠡᠭᠳᠡᠭᠰᠡᠨ ᠪᠠᠭᠠᠲᠤᠷᠴᠤᠳ᠎ᠤᠨ ᠦᠯᠡᠳᠡᠭᠡᠭᠰᠡᠨ ᠶᠠᠭᠤᠮ᠎ᠠ ᠪᠦᠬᠦᠨ᠂ ᠬᠣᠪᠣᠷ ᠨᠠᠨᠳᠢᠨ ᠡᠬᠡ ᠨᠣᠣᠷᠠᠭ᠂ ᠪᠣᠳᠠᠲᠤ ᠲᠡᠮᠳᠡᠭᠯᠡᠯ᠎ᠦᠨ ᠵᠢᠷᠤᠭ᠎ᠤᠳ᠎ᠢᠶᠠᠷ ᠳᠠᠮᠵᠢᠭᠤᠯᠤᠨ᠂ ᠦᠷᠡᠭᠳᠡᠭᠰᠡᠨ ᠪᠠᠭᠠᠲᠤᠷ ᠳ᠋ᠦᠸᠸ᠋ ᠰᠦᠩ ᠨᠢᠶᠠᠨ᠎ᠤ ᠪᠠᠭ᠎ᠠ᠎ᠶᠢᠨ ᠦᠶ᠎ᠡ᠎ᠳᠡᠭᠡᠨ ᠳᠠᠪᠰᠢᠩᠭᠤᠢ ᠦᠵᠡᠯ ᠰᠠᠨᠠᠭ᠎ᠠ᠎ᠶᠢ ᠬᠦᠯᠢᠶᠡᠨ ᠠᠪᠤᠭᠰᠠᠨ᠎ᠠᠴᠠ ᠬᠤᠪᠢᠰᠬᠠᠯᠳᠤ ᠢᠳᠡᠪᠬᠢᠲᠡᠢ ᠣᠷᠣᠯᠴᠠᠵᠤ᠂ ᠬᠠᠮᠤᠭ ᠰᠡᠭᠦᠯ᠎ᠳᠦ ᠪᠠᠭᠠᠲᠤᠷᠯᠢᠭ᠋᠎ᠢᠶᠠᠷ ᠪᠡᠶ᠎ᠡ ᠦᠷᠡᠭᠳᠡᠭᠰᠡᠨ ᠬᠦᠷᠲᠡᠯᠡᠬᠢ ᠪᠦᠬᠦ ᠶᠠᠪᠤᠴᠠ᠎ᠶᠢ ᠪᠦᠬᠦ ᠲᠠᠯ᠎ᠠ᠎ᠪᠠᠷ ᠣᠢᠯᠠᠭᠠᠵᠤ᠂ ᠲᠠᠯ᠎ᠠ ᠨᠤᠲᠤᠭ᠎ᠤᠨ ᠢᠳᠡᠷᠡᠭᠦᠨ ᠨᠠᠷᠠᠰᠤ᠎ᠶᠢᠨ ᠨᠠᠮ᠎ᠳᠠᠭᠠᠨ ᠦᠨᠡᠨᠴᠢ ᠰᠢᠳᠤᠷᠭᠤ᠂ ᠬᠦᠴᠦᠷᠬᠡᠭ᠎ᠡᠴᠡ ᠠᠶᠤᠬᠤ ᠦᠭᠡᠢ᠂ ᠵᠣᠷᠢᠭ᠍ᠲᠠᠢ᠎ᠪᠠᠷ ᠡᠰᠡᠷᠭᠦᠴᠡᠨ ᠲᠡᠮᠡᠴᠡᠭᠰᠡᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠣᠢᠯᠠᠭᠠᠪᠠ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠪᠦᠬᠦ ᠨᠠᠮ᠎ᠤᠨ ᠭᠡᠰᠢᠭᠦᠳ ᠨᠠᠮ᠎ᠤᠨ ᠲᠤᠭ᠎ᠤᠨ ᠡᠮᠦᠨ᠎ᠡ ᠲᠥᠪ ᠴᠢᠩᠭ᠎ᠠ᠎ᠪᠠᠷ ᠪᠠᠷᠠᠭᠤᠨ ᠨᠢᠳᠤᠷᠭ᠎ᠠ᠎ᠪᠠᠨ ᠡᠷᠭᠦᠵᠦ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢᠶᠡᠨ ᠳᠠᠬᠢᠨᠲᠠ ᠡᠷᠭᠢᠴᠡᠭᠦᠯᠪᠡ᠃
ᠲᠤᠰ ᠤᠳᠠᠭ᠎ᠠ᠎ᠶᠢᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠪᠣᠯ ᠨᠢᠭᠡ ᠤᠳᠠᠭ᠎ᠠ᠎ᠶᠢᠨ ᠭᠦᠨ ᠭᠦᠨᠵᠡᠭᠡᠢ ᠨᠠᠮᠴᠢ ᠴᠢᠨᠠᠷ᠎ᠤᠨ ᠬᠥᠮᠦᠵᠢᠯ ᠪᠣᠯᠣᠨ ᠤᠶᠤᠨ ᠰᠠᠨᠠᠭᠠᠨ᠎ᠤ ᠤᠬᠢᠶᠠᠯ ᠪᠣᠯᠣᠨ᠎ᠠ᠂ ᠪᠦᠬᠦ ᠨᠠᠮ᠎ᠤᠨ ᠭᠡᠰᠢᠭᠦᠳ᠂ ᠬᠤᠪᠢᠰᠬᠠᠯ᠎ᠤᠨ ᠭᠧᠨ᠎ᠢ ᠪᠣᠳᠠᠲᠠᠢ ᠠᠵᠢᠯ ᠬᠢᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠡᠯᠬᠡᠭᠯᠡᠨ ᠤᠷᠤᠭᠰᠢᠯᠠᠬᠤ ᠣᠪᠣᠷ ᠪᠠᠢᠳᠠᠯ᠂ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃