ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠂ ᠵᠠᠮ ᠲᠡᠭᠡᠭᠡᠪᠦᠷᠢ᠎ᠶᠢᠨ ᠶᠠᠮᠤᠨ ᠂ ᠤᠯᠤᠰ᠎ᠤᠨ ᠲᠣᠭ᠎ᠠ ᠪᠠᠷᠢᠮᠲᠠ᠎ᠶᠢᠨ ᠲᠣᠪᠴᠢᠶ᠎ᠠ ᠵᠡᠷᠭᠡ ᠲᠠᠪᠤᠨ ᠶᠠᠮᠤᠨ ᠬᠣᠷᠢᠶ᠎ᠠ᠎ᠶᠢᠨ 《 〈 ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ ᠪᠠᠷᠢᠮᠵᠢᠶ᠎ᠠ᠎ᠶᠢ ᠨᠠᠢᠷᠠᠭᠤᠯᠤᠨ ᠵᠣᠬᠢᠶᠠᠬᠤ ᠠᠵᠢᠯ᠎ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ 〉 》 (ᠣᠷᠴᠢᠨ ᠲᠣᠭᠣᠷᠢᠨ ᠠᠭᠤᠷ ᠠᠮᠢᠰᠬᠤᠯ [ 2024 ] 91 ᠳ᠋ᠦ᠍ᠭᠡᠷ ᠲᠣᠭᠠᠲᠤ)᠎ᠤᠨ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠮᠠᠨ᠎ᠤ ᠣᠷᠣᠨ᠎ᠤ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠤᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠠᠵᠤ ᠠᠬᠤᠢᠯᠠᠯ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠬᠤ᠎ᠶᠢ ᠪᠡᠶᠡᠯᠡᠭᠦᠯᠬᠦ᠎ᠳᠦ ᠬᠦᠴᠦ ᠨᠡᠮᠡᠷᠢᠯᠡᠬᠦ᠎ᠶᠢᠨ ᠲᠥᠯᠥᠭᠡ᠂ ᠣᠢᠷ᠎ᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭᠠᠨ᠎ᠤ ᠭᠠᠵᠠᠷ ᠪᠣᠯᠣᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ ᠪᠠᠢᠴᠠᠭᠠᠨ ᠰᠤᠳᠤᠯᠬᠤ ᠳᠤᠭᠤᠢᠯᠠᠩ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠷᠬᠡᠭᠯᠢᠭ᠎ᠦᠨ ᠶᠠᠰᠤ ᠴᠢᠨᠠᠷ᠎ᠢ ᠬᠢᠨᠠᠨ ᠬᠡᠮᠵᠢᠬᠦ ᠲᠥᠪ᠎ᠲᠦ ᠬᠦᠷᠴᠦ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠥᠷᠨᠢᠭᠦᠯᠪᠡ ᠃
ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠬᠦ ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠂ ᠮᠠᠨ᠎ᠤ ᠣᠷᠣᠨ᠎ᠤ ᠭᠣᠣᠯ ᠪᠣᠯᠬᠤ ᠳᠥᠷᠪᠡᠨ ᠵᠦᠢᠯ᠎ᠦᠨ ᠴᠠᠭᠠᠨ ᠢᠮᠠᠭᠠᠨ ᠨᠣᠯᠤᠤᠷ᠎ᠤᠨ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠵᠠᠳᠠᠯᠬᠤ ᠲᠠᠪᠴᠠᠩ᠎ᠤᠨ ᠪᠠᠢᠭᠤᠯᠤᠯᠲᠠ᠎ᠶᠢᠨ ᠠᠬᠢᠴᠠ᠎ᠶᠢ ᠨᠠᠷᠢᠨ ᠣᠢᠯᠠᠭᠠᠵᠤ ᠂ ᠲᠡᠵᠢᠭᠡᠨ ᠦᠷᠡᠵᠢᠭᠦᠯᠬᠦ ᠭᠣᠭᠴᠣᠭ᠎ᠠ᠎ᠳᠠᠬᠢ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠦᠨᠡᠯᠡᠯᠲᠡ᠎ᠶᠢᠨ ᠣᠳᠣᠬᠠᠨ᠎ᠳᠤ ᠲᠤᠯᠭᠠᠷᠠᠵᠤ ᠪᠠᠢᠭ᠎ᠠ ᠬᠦᠴᠢᠷᠳᠡᠯ ᠪᠣᠯᠣᠨ ᠥᠷᠢᠰᠦᠯᠳᠦᠭᠡᠨ᠎ᠢ ᠭᠦᠨᠵᠡᠭᠡᠢ ᠰᠢᠨᠵᠢᠯᠡᠨ ᠰᠤᠳᠤᠯᠵᠤ᠂ ᠣᠷᠣᠨ ᠨᠤᠲᠤᠭᠴᠢᠯᠠᠭᠰᠠᠨ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢᠨ ᠹᠠᠺᠲ᠋ᠤᠷ᠎ᠤᠨ ᠬᠥᠮᠥᠷᠭᠡ᠎ᠶᠢᠨ ᠪᠠᠢᠭᠤᠯᠤᠯᠲᠠ᠎ᠶᠢᠨ ᠲᠤᠯᠭᠠᠮ᠎ᠠ ᠴᠢᠨᠠᠷ ᠵᠢᠴᠢ ᠪᠦᠬᠦ ᠣᠷᠣᠨ᠎ᠤ ᠭᠣᠣᠯᠳᠠᠯᠭ᠎ᠠ᠎ᠲᠠᠢ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ ᠵᠢᠴᠢ ᠹᠠᠺᠲ᠋ᠤᠷ᠎ᠤᠨ ᠬᠥᠮᠥᠷᠭᠡ᠎ᠶᠢᠨ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠬᠤ᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠪᠠ᠃
ᠶᠠᠷᠢᠯᠴᠠᠬᠤ ᠬᠤᠷᠠᠯ ᠳᠡᠭᠡᠷ᠎ᠡ᠂ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠪᠠᠰᠠ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠎ᠦ ᠳᠤᠷᠠᠳᠤᠭᠰᠠᠨ 《 ᠮᠠᠨ᠎ᠤ ᠣᠷᠣᠨ᠎ᠤ ᠨᠣᠯᠤᠤᠷ᠎ᠤᠨ ᠠᠵᠤ ᠦᠢᠯᠡᠰ᠎ᠦᠨ ᠬᠡᠯᠬᠢᠶ᠎ᠡ᠎ᠶᠢᠨ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠰᠤᠳᠤᠯᠭᠠᠨ᠎ᠢ ᠬᠦᠴᠦᠯᠡᠨ ᠠᠬᠢᠭᠤᠯᠬᠤ ᠬᠡᠷᠡᠭᠲᠡᠢ 》 ᠭᠡᠬᠦ ᠰᠠᠨᠠᠯ ᠳᠤᠷᠠᠳᠤᠯᠭ᠎ᠠ᠎ᠶᠢ ᠭᠦᠨᠵᠡᠭᠡᠢ ᠰᠣᠯᠢᠯᠴᠠᠨ ᠶᠠᠷᠢᠯᠴᠠᠪᠠ᠃ ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠷᠬᠡᠭᠯᠢᠭ᠎ᠦᠨ ᠶᠠᠰᠤ ᠴᠢᠨᠠᠷ᠎ᠢ ᠬᠢᠨᠠᠨ ᠬᠡᠮᠵᠢᠬᠦ ᠲᠥᠪ᠎ᠲᠠᠢ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠨᠠᠭᠰᠢᠳᠠ ᠴᠢᠩᠭᠠᠳᠬᠠᠵᠤ ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ ᠠᠵᠢᠯ᠎ᠢ ᠬᠦᠴᠦᠯᠡᠨ ᠥᠷᠨᠢᠭᠦᠯᠵᠦ ᠂ ᠮᠠᠨ᠎ᠤ ᠣᠷᠣᠨ᠎ᠤ ᠭᠣᠣᠯᠳᠠᠯᠭ᠎ᠠ᠎ᠲᠠᠢ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠢᠯᠡᠳᠬᠡᠮᠵᠢ᠎ᠶᠢ ᠭᠡᠷᠡᠴᠢᠯᠡᠬᠦ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠦᠢᠯᠡᠳᠦᠯᠭᠡ᠎ᠶᠢᠨ ᠵᠠᠭᠪᠤᠷ᠎ᠢ ᠴᠢᠷᠮᠠᠢᠨ ᠪᠣᠶ ᠪᠣᠯᠭᠠᠵᠤ ᠂ ᠡᠭᠦᠨ᠎ᠢᠶᠡᠷ ᠮᠠᠨ᠎ᠤ ᠣᠷᠣᠨ᠎ᠤ ᠬᠠᠮᠢᠶ᠎ᠠ ᠪᠦᠬᠦᠢ ᠭᠣᠣᠯᠳᠠᠯᠭ᠎ᠠ᠎ᠲᠠᠢ ᠠᠵᠢᠯ ᠲᠥᠷᠥᠯ᠎ᠦᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠳᠠᠶ᠋ᠢᠴᠢᠯᠠᠨ ᠂ ᠮᠠᠨ᠎ᠤ ᠣᠷᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠨ᠎ᠡ᠃