1 ᠰᠠᠷ᠎ᠠ ᠵᠢᠨ 14᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠤᠨ ᠡᠷᠬᠢᠯᠡᠭᠴᠢ ᠵᠧᠦ ᠴᠠᠩ ᠪᠥᠸᠧ ᠨᠠᠷ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠭᠠᠵᠠᠷ᠎ᠤᠨ ᠳᠡᠳ᠋ ᠳᠠᠷᠤᠭ᠎ᠠ ᠰᠦᠨ ᠮᠧᠩ ᠵᠢᠶᠦ᠋ᠨ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠬᠢᠯᠡᠭᠴᠢ ᠾᠧ ᠰᠢᠶᠣᠣ ᠫᠢᠩ ᠵᠢᠴᠢ ᠬᠠᠮᠢᠶ᠎ᠠ ᠪᠦᠬᠦᠢ ᠠᠵᠢᠯᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ ᠳᠦᠷᠦᠯ᠎ᠤᠨ ᠠᠵᠤ ᠠᠬᠤᠢ᠌ᠯᠠᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ᠂ ᠠᠵᠤ ᠠᠬᠤᠢ᠌ᠯᠠᠯ᠎ᠤᠨ ᠰᠠᠷ᠎ᠠ ᠵᠢᠨ ᠬᠠᠳᠠᠭ᠋ᠠᠯᠠᠮᠵᠢ ᠵᠢᠨ ᠦᠨᠡᠮᠯᠡᠯ᠎ᠤᠨ ᠮᠡᠳᠡᠭᠡ ᠵᠠᠩᠭᠢ ᠵᠢ ᠰᠤᠭᠤᠴᠢᠨ ᠪᠠᠢ᠌ᠴᠠᠭ᠋ᠠᠬᠤ᠂ ᠭᠡᠷ᠎ᠡ ᠵᠢ ᠭᠦᠢ᠍ᠴᠡᠳᠬᠡᠬᠦ ᠳᠠᠷᠤᠭ᠋ᠠᠰᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠬᠠᠪᠰᠤᠷᠤᠨ ᠲᠡᠳᠬᠦᠵᠦ ᠴᠡᠭᠴᠡᠯᠡᠨ ᠰᠠᠢ᠌ᠵᠢᠷᠠᠭᠤᠯᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠭᠦᠢ᠍ᠴᠡᠳ ᠰᠤᠳᠤᠯᠤᠨ ᠶᠠᠷᠢᠯᠴᠠᠪᠠ᠃
ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠮᠠᠨ᠎ᠤ ᠲᠢᠩᠬᠢᠮ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠠᠯ᠎ᠠ᠎ᠪᠠᠷ᠎ᠬᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭ᠋ᠠᠳᠬᠠᠭᠰᠠᠨ ᠵᠶ᠋ᠠᠷ ᠪᠠᠷᠠᠬᠤ ᠦᠭᠡᠢ᠂ ᠪᠠᠰᠠ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠬᠣᠶ᠋ᠢᠰᠢᠳᠠ ᠵᠢᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ᠎ᠳᠤ ᠬᠦᠴᠦᠲᠡᠢ ᠵᠢᠯᠣᠭᠣᠳᠤᠯᠭ᠎ᠠ ᠬᠠᠩᠭ᠋ᠠᠵᠤ᠂ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠡᠷᠡᠭᠦᠯ᠂ ᠲᠣᠭᠲᠠᠭᠤᠨ᠂ ᠦᠷᠭᠦᠯᠵᠢᠯᠡᠬᠦ ᠬᠥᠭᠵᠢᠯᠲᠡ ᠵᠢ ᠲᠦᠯᠬᠢᠨ ᠠᠬᠢᠭᠤᠯᠵᠤ᠂ ᠤᠯᠤᠰ᠎ᠤᠨ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠪᠡᠶᠡᠯᠡᠭᠦᠯᠬᠦ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠬᠦ᠎ᠳᠤ ᠠᠰᠢᠭᠲᠠᠢ ᠶᠤᠮ᠃